ᠰᠢ ᠶᠢᠨ ᠫᠢᠩ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2025/5/15
  ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ 5 ᠰᠠᠷ᠎ᠠ ᠶᠢᠨ 14 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ ᠃
博里奇.jpg
  5 ᠰᠠᠷ᠎ᠠ ᠶᠢᠨ 14 ᠤ  ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ ᠳᠤ ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ ᠃ ︵ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠯᠢ ᠰᠢᠶᠠᠩ  ᠰᠡᠭᠦᠳᠡᠷᠯᠡᠪᠡ ︶  ᠰᠢ  ᠶᠢᠨ ᠫᠢᠩ ᠂ ᠡᠨᠡ ᠵᠢᠯ ᠪᠣᠯ ᠳᠤᠮᠳᠠᠳᠤ ᠴᠢᠯᠢ ᠶᠢᠨ ᠬᠠᠷᠢᠯᠴᠠᠭ᠎ᠠ ᠪᠠᠶᠢᠭᠤᠯᠤᠭᠰᠠᠨ 55 ᠵᠢᠯ ᠤᠨ ᠤᠢ ᠪᠣᠯᠣᠨ᠎ᠠ ᠃ 55 ᠵᠢᠯ ᠤᠨ ᠡᠮᠦᠨ᠎ᠡ ᠂ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠥᠨᠳᠥᠷ ᠲᠤ ᠵᠣᠭᠰᠣᠨ ᠠᠯᠤᠰ ᠢ ᠪᠠᠷᠠᠯᠠᠵᠤ ᠂ ᠬᠦᠢᠲᠡᠨ ᠲᠠᠶᠢᠨ ᠤ ᠤᠨᠢᠶᠠᠷ ᠬᠦᠳᠡᠩ ᠢ ᠰᠢᠪᠲᠤᠯᠤᠨ ᠂ ᠰᠢᠨ᠎ᠡ ᠳᠤᠮᠳᠠᠳᠤ ᠤᠯᠤᠰ ᠪᠣᠯᠣᠨ ᠡᠮᠦᠨᠡᠲᠦ ᠠᠮᠧᠷᠢᠺᠠ ᠶᠢᠨ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠶᠢᠭᠤᠯᠤᠭᠰᠠᠨ ᠠᠩᠬᠠᠨ ᠤ ᠵᠠᠮ ᠢ ᠨᠡᠭᠡᠭᠡᠵᠡᠢ ᠃ ᠬᠠᠭᠠᠰ ᠵᠠᠭᠤᠨ ᠭᠠᠷᠤᠢ ᠶᠢᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠴᠢᠯᠢ ᠶᠢᠨ ᠬᠠᠷᠢᠯᠴᠠᠭ᠎ᠠ ᠶᠢᠨ ᠡᠨᠡ ᠬᠦ ᠬᠥᠯᠭᠡ ᠣᠩᠭᠤᠴᠠ ᠢᠮᠠᠭᠲᠠ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠶᠢᠨ ᠤᠯᠤᠰ ᠤᠳ ᠤᠨ ᠬᠠᠷᠢᠯᠴᠠᠭ᠎ᠠ ᠶᠢᠨ ᠬᠥᠭᠵᠢᠯᠲᠡ ᠶᠢᠨ ᠤᠷᠤᠰᠬᠠᠯ ᠢ ᠬᠥᠲᠥᠯᠥᠨ ᠳᠠᠭᠠᠭᠤᠯᠪᠠ ᠃ ᠳᠤᠮᠳᠠᠳᠤ ᠤᠯᠤᠰ ᠪᠣᠯᠣᠨ ᠴᠢᠯᠢ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠲᠠᠰᠤᠷᠠᠯᠳᠡ ᠦᠭᠡᠢ ᠪᠠᠶᠠᠯᠢᠭᠵᠢᠭᠤᠯᠵᠤ ᠂ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠬᠥᠭᠵᠢᠯᠲᠡ ᠶᠢᠨ ᠬᠡᠪ ᠳᠠᠭᠤᠷᠢᠶᠠᠯ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠤᠯᠭᠠᠵᠤ ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠣᠯᠣᠨ ᠲᠠᠪᠰᠢᠯᠳᠠ ᠶᠢᠨ ᠦᠢᠯᠡᠰ ᠢ ᠬᠠᠮᠲᠤ ᠪᠠᠷ ᠠᠬᠢᠭᠤᠯᠤᠶ᠎ᠠ ᠭᠡᠵᠦ ᠵᠢᠭᠠᠵᠤ ᠭᠠᠷᠭᠠᠪᠠ ᠃  ᠰᠢ  ᠶᠢᠨ ᠫᠢᠩ ᠂ ᠳᠤᠮᠳᠠᠳᠤ ᠤᠯᠤᠰ ᠳᠤᠷᠠᠲᠠᠶ᠎ᠠ ᠴᠢᠯᠢ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ ᠪᠠᠲᠤᠳᠬᠠᠵᠤ ᠂ ᠬᠠᠷᠢᠯᠴᠠᠨ ᠬᠦᠨᠳᠦᠳᠬᠡᠬᠦ ᠂ ᠡᠷᠬᠡ ᠲᠡᠭᠰᠢ ᠪᠠᠷ ᠬᠠᠨᠳᠤᠯᠴᠠᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ ᠂ ᠲᠤᠰ ᠲᠤᠰ ᠤᠨ ᠢᠶᠠᠨ ᠡᠵᠡᠨ ᠮᠡᠳᠡᠬᠦ ᠡᠷᠬᠡ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠶ᠎ᠠ ᠃ ᠬᠤᠶᠠᠷ ᠲᠠᠯ᠎ᠠ ᠪᠠᠷ ᠢᠶᠠᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ ᠂ ᠠᠵᠤ ᠦᠢᠯᠡᠰ ᠤᠨ ᠪᠡᠯᠡ ᠣᠷᠣᠭᠤᠯᠤᠯᠲᠠ ᠂ ᠰᠠᠭᠤᠷᠢ ᠲᠥᠬᠦᠭᠡᠷᠦᠮᠵᠢ ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠤᠳᠤᠨ ᠣᠷᠣᠨ ᠂ ᠲᠤᠶᠢᠯ ᠤᠨ ᠣᠷᠣᠨ ᠂ ᠵᠣᠬᠢᠶᠠᠮᠠᠯ ᠤᠶᠤᠨ ᠴᠢᠳᠠᠪᠤᠷᠢ ᠂ ᠠᠮᠢᠳᠤ ᠪᠣᠳᠠᠰ ᠤᠨ ᠡᠮ ᠡᠮᠨᠡᠯᠭᠡ ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠶ᠎ᠠ ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠴᠢᠯᠢ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠮᠠᠨᠳᠤᠭᠤᠯᠬᠤ ᠶᠢ ᠳᠡᠮᠵᠢᠨ᠎ᠠ ᠂ ᠴᠢᠯᠢ ᠶᠢᠨ ᠨᠡᠩ ᠤᠯᠠᠨ ᠴᠢᠨᠠᠷ ᠰᠠᠶᠢᠲᠠᠢ ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠪᠠᠨ ᠴᠢᠩᠭᠠᠳᠬᠠᠵᠤ ᠂ ᠰᠤᠷᠭᠠᠨ ᠬᠥᠮᠦᠵᠢᠯ ᠂ ᠰᠣᠶᠣᠯ ᠂ ᠵᠠᠭᠤᠴᠢᠯᠠᠭᠤᠷ ᠂ ᠵᠠᠯᠠᠭᠤᠴᠤᠳ ᠵᠡᠷᠭᠡ ᠶᠢᠨ ᠰᠣᠯᠢᠯᠴᠠᠭᠠᠨ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ ᠂ ᠬᠤᠶᠠᠷ ᠤᠯᠤᠰ ᠤᠨ ᠬᠠᠷᠢᠯᠴᠠᠭᠠᠨ ᠤ ᠠᠯᠤᠰ ᠭᠡᠳᠤ ᠶᠢᠨ ᠬᠥᠭᠵᠢᠯᠲᠡ ᠳᠤ ᠰᠠᠶᠢᠨ ᠰᠠᠶᠢᠬᠠᠨ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠲᠠᠯᠪᠢᠵᠤ ᠥᠭᠭᠦᠶ᠎ᠡ ᠃ ᠣᠳᠣᠬᠠᠨ ᠳᠤ ᠂ ᠳᠡᠯᠡᠬᠡᠢ ᠶᠢᠨ ᠪᠠᠶᠢᠳᠠᠯ ᠬᠤᠪᠢᠷᠠᠯᠲᠠ ᠬᠥᠷᠪᠡᠭᠡᠨ ᠰᠣᠯᠪᠢᠴᠠᠵᠤ ᠂ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠭᠠᠷᠴᠤ ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠡᠮᠬᠢ ᠳᠢᠭᠯᠢᠮ ᠳᠤ ᠬᠦᠨᠳᠦ ᠨᠣᠴᠢᠲᠠᠢ ᠳᠠᠭᠠᠷᠢᠯᠲᠠ ᠤᠴᠠᠷᠠᠭᠤᠯᠵᠤ ᠪᠠᠶᠢᠨ᠎ᠠ ᠃ ᠤᠯᠠᠨ ᠲᠠᠯᠠᠲᠤ ᠦᠵᠡᠯ ᠪᠣᠯᠣᠨ ᠴᠢᠯᠦᠭᠡᠲᠦ ᠠᠷᠠᠯᠵᠢᠶᠠᠨ ᠤ ᠡᠷᠡᠰ ᠪᠠᠲᠤ ᠬᠠᠮᠠᠭᠠᠯᠠᠭᠴᠢ ᠪᠣᠯᠤᠭᠰᠠᠨ ᠤ ᠬᠤᠪᠢ ᠳᠤ  ᠳᠤᠮᠳᠠᠳᠤ ᠴᠢᠯᠢ ᠤᠯᠠᠨ ᠲᠠᠯᠠᠲᠤ ᠬᠠᠮᠵᠢᠯᠴᠠᠭ᠎ᠠ ᠪᠠᠨ ᠴᠢᠩᠭᠠᠳᠬᠠᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ ᠭᠡᠵᠦ ᠴᠢᠬᠤᠯᠠᠴᠢᠯᠠᠪᠠ ᠃  ᠪᠦᠸᠧᠯᠢᠴᠢ ᠂ ᠴᠢᠯᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠃ ᠳᠤᠮᠳᠠᠳᠤ ᠤᠯᠤᠰ ᠨᠢᠭᠡᠨᠲᠡ ᠴᠢᠯᠢ ᠶᠢᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠡᠢ ᠃ ᠴᠢᠯᠢ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ ᠂ ᠳᠤᠮᠳᠠᠳᠤ ᠤᠯᠤᠰ ᠯᠤᠭ᠎ᠠ ᠠᠷᠠᠯᠵᠢᠶ᠎ᠠ ᠂ ᠪᠡᠯᠡ ᠣᠷᠣᠭᠤᠯᠤᠯᠲᠠ ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ ᠂ ᠴᠢᠯᠢ ᠳᠤᠮᠳᠠᠳᠤ ᠶᠢᠨ ᠬᠠᠷᠢᠯᠴᠠᠭ᠎ᠠ ᠶᠢᠨ ᠨᠡᠩ ᠤᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠃ ᠡᠯ᠎ᠡ ᠤᠯᠤᠰ ᠴᠢᠯᠦᠭᠡᠲᠦ ᠠᠷᠠᠯᠵᠢᠶ᠎ᠠ ᠪᠣᠯᠣᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠪᠠᠯ ᠵᠣᠬᠢᠨ᠎ᠠ ᠂ ᠠᠷᠠᠯᠵᠢᠶ᠎ᠠ ᠨᠢ ᠵᠥᠪᠭᠡᠨ ᠨᠢᠭᠡ ᠤᠯᠤᠰ ᠤᠨ ᠬᠤᠪᠢ ᠶᠢᠨ ᠠᠰᠢᠭ ᠲᠤᠰᠠ ᠳᠤ ᠦᠢᠯᠡᠴᠢᠯᠡᠵᠦ ᠪᠤᠯᠬᠤ ᠦᠭᠡᠢ ᠂ ᠠᠷᠠᠯᠵᠢᠶᠠᠨ ᠤ ᠳᠠᠶᠢᠨ ᠡᠭᠦᠰᠬᠡᠪᠡᠯ ᠭᠠᠷᠬᠤ ᠵᠠᠮ ᠦᠭᠡᠢ ᠶᠤᠮ ᠃ ᠴᠢᠯᠢ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠤᠯᠠᠨ ᠲᠠᠯᠠᠲᠤ ᠦᠵᠡᠯ ᠪᠣᠯᠣᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ ᠂ ᠶᠠᠷᠢᠯᠴᠠᠭ᠎ᠠ ᠪᠠᠷ ᠳᠠᠮᠵᠢᠨ ᠵᠥᠷᠢᠯᠳᠦᠭᠡᠨ ᠢᠶᠠᠨ ᠰᠢᠢᠳᠪᠦᠷᠢᠯᠡᠬᠦ ᠶᠢ ᠪᠠᠷᠢᠮᠲᠠᠯᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ ᠃  ᠸᠠᠩ ᠢ ᠠᠭᠤᠯᠵᠠᠯᠲᠠ ᠳᠤ ᠣᠷᠣᠯᠴᠠᠵᠠᠢ ᠃  ᠪᠦᠸᠧᠯᠢᠴᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ ᠂ ᠬᠤᠶᠠᠷ ᠲᠠᠯ᠎ᠠ ᠪᠠᠷ ᠢᠶᠠᠨ ᠠᠵᠤ ᠠᠬᠤᠢ ᠂ ᠬᠡᠪᠯᠡᠯ ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠂ ᠵᠠᠭᠤᠴᠢᠯᠠᠭᠤᠷ ᠤᠨ ᠤᠶᠤᠨ ᠤ ᠬᠥᠮᠥᠷᠭᠡ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号