ᠰᠢ ᠶᠢᠨ ᠫᠢᠩ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠳᠤ ᠬᠠᠷᠢᠭᠤ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2025/5/16
  ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ  ᠣᠶᠢᠷ᠎ᠠ ᠳᠤ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠳᠤ ᠬᠠᠷᠢᠭᠤ ᠵᠠᠬᠢᠳᠠᠯ ᠢᠯᠡᠭᠡᠵᠦ ᠂ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠵᠢᠴᠢ ᠭᠡᠰᠢᠭᠦᠨ ᠠᠵᠤ ᠠᠬᠤᠶᠢᠯᠠᠯ ᠢ ᠳᠤᠮᠳᠠᠳᠤ ᠳ᠋ᠠᠨᠮᠠᠷᠺ ᠂ ᠳᠤᠮᠳᠠᠳᠤ ᠡᠸᠦ᠋ᠷᠦᠫᠡ ᠶᠢᠨ ᠨᠥᠬᠦᠷᠯᠡᠯ ᠢ ᠵᠤᠵᠠᠭᠠᠳᠬᠠᠬᠤ ᠪᠠ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ ᠃  ᠰᠢ ᠶᠢᠨ ᠫᠢᠩ ᠂ ᠢᠷᠡᠭᠦᠯᠦᠭᠰᠡᠨ ᠵᠠᠬᠢᠳᠠᠯ ᠠᠴᠠ ᠴᠢᠨᠢ ᠲᠠᠨ ᠤ ᠳᠤᠮᠳᠠᠳᠤ ᠤᠯᠤᠰ ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠪᠠ ᠳ᠋ᠠᠨᠮᠠᠷᠺ ᠤᠨ ᠳᠤᠮᠳᠠᠳᠤ ᠤᠯᠤᠰ ᠲᠠᠬᠢ ᠠᠵᠤ ᠠᠬᠤᠶᠢᠯᠠᠯ ᠤᠨ ᠳᠤᠮᠳᠠᠳᠤ ᠤᠯᠤᠰ ᠤᠨ ᠢᠷᠡᠭᠡᠳᠦᠢ ᠶᠢᠨ ᠬᠥᠭᠵᠢᠯᠲᠡ ᠳᠤ ᠢᠲᠡᠭᠡᠯ ᠲᠠᠢ ᠪᠠᠶᠢᠬᠤ ᠶᠢ ᠣᠯᠵᠤ ᠮᠡᠳᠡᠪᠡ ᠂ ᠪᠢ ᠡᠭᠦᠨ ᠢ ᠮᠠᠭᠲᠠᠨ ᠰᠠᠶᠢᠰᠢᠶᠠᠵᠤ ᠪᠠᠶᠢᠨ᠎ᠠ ᠃ ᠳᠤᠮᠳᠠᠳᠤ ᠤᠯᠤᠰ ᠥᠩᠭᠡᠷᠡᠭᠰᠡᠨ ᠳᠤ ᠂ ᠤᠳᠤ ᠂ ᠢᠷᠡᠭᠡᠳᠦᠢ ᠳᠤ ᠴᠦ ᠯᠠᠪᠲᠠᠢ ᠭᠠᠳᠠᠭᠠᠳᠤ ᠶᠢᠨ ᠬᠤᠳᠠᠯᠳᠤᠭᠠᠴᠢᠳ ᠤᠨ ᠬᠦᠰᠡᠨ ᠰᠠᠨᠠᠭᠰᠠᠨ ᠂ ᠠᠮᠤᠷ ᠲᠦᠪᠰᠢᠨ ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠵᠣᠷᠢᠯᠲᠠᠳᠦ ᠭᠠᠵᠠᠷ ᠪᠣᠯᠣᠨ᠎ᠠ ᠃ ᠳᠤᠮᠳᠠᠳᠤ ᠤᠯᠤᠰ ᠢ ᠢᠲᠡᠭᠡᠬᠦ ᠪᠣᠯ ᠳᠠᠷᠤᠢ ᠮᠠᠷᠭᠠᠰᠢ ᠪᠠᠨ ᠢᠲᠡᠭᠡᠵᠦ ᠪᠠᠶᠢᠭ᠎ᠠ ᠶᠠᠪᠤᠳᠠᠯ ᠂ ᠳᠤᠮᠳᠠᠳᠤ ᠤᠯᠤᠰ ᠲᠤ ᠪᠡᠯᠡ ᠣᠷᠣᠭᠤᠯᠬᠤ ᠪᠣᠯ ᠳᠠᠷᠤᠢ ᠢᠷᠡᠭᠡᠳᠦᠢ ᠳᠡᠭᠡᠨ ᠪᠡᠯᠡ ᠣᠷᠣᠭᠤᠯᠵᠤ ᠪᠠᠶᠢᠭ᠎ᠠ ᠶᠠᠪᠤᠳᠠᠯ ᠮᠥᠨ ᠃ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠵᠢᠴᠢ ᠭᠡᠰᠢᠭᠦᠨ ᠠᠵᠤ ᠠᠬᠤᠶᠢᠯᠠᠯ ᠦᠷᠭᠦᠯᠵᠢᠯᠡᠨ ᠳᠤᠮᠳᠠᠳᠤ ᠳ᠋ᠠᠨᠮᠠᠷᠺ ᠂ ᠳᠤᠮᠳᠠᠳᠤ ᠡᠸᠦ᠋ᠷᠦᠫᠡ ᠶᠢᠨ ᠬᠤᠭᠤᠷᠣᠨᠳᠤ ᠬᠥᠭᠦᠷᠭᠡ ᠬᠤᠯᠪᠣᠭᠠᠰᠤ ᠶᠢᠨ ᠦᠢᠯᠡᠳᠦᠯ ᠦᠵᠡᠭᠦᠯᠵᠦ ᠂ ᠳᠤᠮᠳᠠᠳᠤ ᠳ᠋ᠠᠨᠮᠠᠷᠺ ᠂ ᠳᠤᠮᠳᠠᠳᠤ ᠡᠸᠦ᠋ᠷᠦᠫᠡ ᠶᠢᠨ ᠣᠶᠢᠯᠠᠭᠠᠯᠴᠠᠭ᠎ᠠ ᠪᠣᠯᠣᠨ ᠨᠥᠬᠦᠷᠯᠡᠯ ᠢ ᠵᠤᠵᠠᠭᠠᠳᠬᠠᠬᠤ ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃  ᠲᠦᠷᠦᠭᠦᠬᠡᠨ ᠂ ᠳᠤᠮᠳᠠᠳᠤ ᠤᠯᠤᠰ ᠤᠨ ᠳ᠋ᠠᠨᠮᠠᠷᠺ ᠤᠨ ᠬᠤᠳᠠᠯᠳᠤᠭᠠᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠬᠤᠪᠢ ᠬᠥᠮᠥᠨ ᠪᠣᠯᠣᠨ ᠬᠤᠳᠠᠯᠳᠤᠭᠠᠴᠢᠳ ᠤᠨ ᠨᠡᠶᠢᠭᠡᠮᠯᠢᠭ ᠤᠨ ᠨᠡᠷ᠎ᠡ ᠪᠠᠷ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ ᠂ ᠳᠤᠮᠳᠠᠳᠤ ᠳ᠋ᠠᠨᠮᠠᠷᠺ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠳᠤ ᠪᠠᠶᠠᠷ ᠬᠦᠷᠭᠡᠵᠦ ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠬᠦ ᠬᠦᠰᠡᠯ ᠡᠷᠡᠮᠡᠯᠵᠡᠯ ᠢᠶᠠᠨ ᠢᠯᠡᠳᠬᠡᠪᠡ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号