ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 14 ᠤ ᠡᠳᠦᠷ ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠷᠠᠩ — ᠯᠢᠤᠶᠢᠰᠢ ᠠᠨ • ᠰᠠᠸᠢ • ᠳ᠋ᠸᠲ᠋ᠤᠹ ᠲᠤ ᠴᠠᠭᠢᠯᠭᠠᠨ ᠴᠢᠮᠡᠭᠡ | ᠶᠠᠪᠤᠭᠤᠯᠵᠤ ᠂ ᠲᠡᠭᠦᠨ ᠤ ᠪᠦᠭᠦᠳᠡ ᠨᠠᠶᠢᠷᠠᠮᠳᠠᠬᠤ ᠳᠤᠭᠣ᠋ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ | ᠭᠠᠷᠤᠭᠰᠠᠨ ᠳᠤ ᠪᠠᠶᠠᠷ ᠬᠦᠷᠭᠡᠪᠡ ᠃ ᠲᠤᠰ ᠡᠳᠦᠷ ᠲᠡᠷᠢᠭᠦᠯᠡᠭᠴᠢ ᠰᠢ ᠶᠢᠨ ᠫᠢᠩ ᠪᠠᠰᠠ | ᠹᠦᠯᠸᠢ • ᠠᠶᠢᠰᠤᠴᠢᠮᠥ᠋ᠨᠠ • ᠨᠠᠰᠢᠨᠪᠸᠢ ᠳᠤ ᠴᠠᠭᠢᠯᠭᠠᠨ ᠴᠢᠮᠡᠭᠡ ᠶᠠᠪᠤᠭᠤᠯᠵᠤ ᠂ ᠲᠡᠭᠦᠨ ᠤ ᠪᠦᠭᠦᠳᠠ ᠨᠠᠶᠢᠷᠠᠮᠳᠠᠬᠤ | ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ ᠃ | ᠰᠢ ᠶᠢᠨ ᠫᠢᠩ ᠂ ᠳᠤᠮᠳᠠᠳᠤ ᠳᠤᠭᠤ᠋ ᠶᠢᠨ ᠨᠥᠭᠦᠷᠰᠡᠭ ᠬᠠᠷᠢᠯᠴᠠᠭ᠎ᠠ ᠶᠢ ᠬᠤᠶᠠᠷ ᠤᠯᠤᠰ ᠤᠨ ᠦᠶ᠎ᠡ ᠦᠶ᠎ᠡ ᠶᠢᠨ | ᠤᠳᠤᠷᠢᠳᠬᠤ ᠬᠥᠮᠥᠰ ᠬᠠᠮᠲᠤ ᠪᠠᠷ ᠴᠣᠭᠴᠠᠯᠠᠨ ᠪᠠᠶᠢᠭᠤᠯᠵᠤ ᠨᠢᠮᠪᠠᠢ ᠪᠣᠶᠢᠵᠢᠭᠤᠯᠵᠠᠢ ᠃ ᠬᠠᠭᠠᠰ ᠵᠠᠭᠤᠨ ᠭᠠᠷᠤᠢ ᠶᠢᠨ | ᠲᠤᠷᠰᠢ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠭᠦᠷᠰᠡᠭ ᠂ ᠡᠷᠬᠡ ᠲᠡᠭᠰᠢ ᠬᠠᠷᠢᠯᠴᠠᠨ ᠢᠲᠡᠭᠡᠯᠴᠡᠬᠦ ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ | ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ ᠂ ᠶᠡᠭᠡ ᠪᠠᠭ᠎ᠠ ᠤᠯᠤᠰ ᠡᠷᠬᠡ | ᠲᠡᠭᠰᠢ ᠪᠠᠷ ᠬᠠᠨᠳᠤᠯᠴᠠᠬᠤ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ | ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠪᠠ ᠃ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ | ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ ᠳᠤᠮᠳᠠᠳᠤ ᠳᠤᠭᠤ᠋ ᠶᠢᠨ | ᠬᠠᠷᠢᠯᠴᠠᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠣᠨ ᠳᠡᠭᠡᠭᠰᠢᠯᠡᠵᠦ ᠂ ᠬᠤᠶᠠᠷ | ᠤᠯᠤᠰ ᠤᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ ᠃ ᠪᠢ ᠳᠤᠮᠳᠠᠳᠤ ᠳᠤᠭᠤ᠋ ᠶᠢᠨ ᠬᠠᠷᠢᠯᠴᠠᠭ᠎ᠠ ᠶᠢᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠳᠤᠭᠤ᠋ ᠶᠢᠨ ᠤᠳᠤᠷᠢᠳᠬᠤ ᠬᠥᠮᠥᠰ ᠲᠠᠢ ᠬᠠᠮᠲᠤ ᠪᠠᠷ | ᠴᠢᠷᠮᠠᠶᠢᠵᠤ ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ | ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠭᠢᠶᠠᠯ ᠪᠤᠯᠭᠠᠵᠤ ᠂ | ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ ᠂ ᠬᠤᠶᠠᠷ | ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ | ᠲᠠᠰᠤᠷᠠᠯᠳᠠ ᠦᠭᠡᠢ ᠪᠠᠶᠠᠯᠢᠭᠵᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ | ᠭᠡᠵᠦ ᠵᠢᠭᠠᠵᠤ ᠭᠠᠷᠭᠠᠪᠠ ᠃ | ᠲᠤᠰ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠠᠰᠠ ᠴᠠᠭᠢᠯᠭᠠᠨ ᠴᠢᠮᠡᠭᠡ | ᠶᠠᠪᠤᠭᠤᠯᠵᠤ ᠂ ᠹᠦᠯᠸᠢ ᠶᠢᠨ ᠪᠦᠭᠦᠳᠠ ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ ᠲᠡᠷᠢᠭᠦᠯᠡᠭᠴᠢ ᠶᠢᠨ | ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ ᠃ | |