︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2025/5/19
  ᠣᠶᠢᠷ᠎ᠠ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ ᠃  ᠮᠡᠳᠡᠭᠳᠡᠯ ᠳᠤ ᠂ ︽ᠳᠦᠷᠢᠮ︾ ᠳᠤ ᠵᠠᠰᠠᠪᠤᠷᠢ ᠣᠷᠣᠭᠤᠯᠬᠤ ᠳᠠᠭᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠨᠠᠮ ᠵᠠᠰᠠᠭ ᠤᠨ ᠪᠠᠶᠢᠭᠤᠯᠭ᠎ᠠ ᠶᠢᠨ ᠵᠠᠷᠤᠳᠠᠯ ᠤᠨ ᠬᠠᠮᠢᠶᠠᠷᠤᠯᠲᠠ ᠂ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠂ ᠠᠯᠪᠠᠨ ᠶᠠᠪᠤᠳᠠᠯ ᠢᠶᠠᠷ ᠲᠦᠷ ᠴᠠᠭ ᠭᠠᠳᠠᠭᠠᠳᠤ ᠳᠤ ︵ᠬᠢᠯᠢ︶ ᠭᠠᠷᠬᠤ ᠂ ᠠᠯᠪᠠᠨ ᠶᠠᠪᠤᠳᠠᠯ ᠤᠨ ᠵᠣᠴᠢᠯᠠᠯᠭ᠎ᠠ ᠂ ᠠᠯᠪᠠᠨ ᠶᠠᠪᠤᠳᠠᠯ ᠳᠤ ᠲᠡᠷᠭᠡ ᠬᠡᠷᠡᠭᠯᠡᠬᠦ ᠂ ᠬᠤᠷᠠᠯ ᠤᠨ ᠠᠵᠢᠯᠯᠠᠭ᠎ᠠ ᠂ ᠠᠯᠪᠠᠯᠠᠬᠤ ᠳᠤ ᠬᠡᠷᠡᠭᠯᠡᠬᠦ ᠭᠡᠷ ᠂ ᠡᠬᠢ ᠪᠠᠶᠠᠯᠢᠭ ᠢ ᠠᠷᠪᠢᠯᠠᠬᠤ ᠵᠡᠷᠭᠡ ᠲᠣᠭᠲᠠᠭᠠᠯ ᠢ ᠴᠠᠭ ᠦᠶ᠎ᠡ ᠶᠢ ᠲᠠᠭᠠᠨ ᠲᠡᠭᠦᠯᠳᠡᠷᠵᠢᠭᠦᠯᠵᠦ ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠂ ᠪᠦᠷᠢᠯᠭᠡᠨ ᠰᠦᠢᠳᠬᠡᠬᠦ ᠶᠢ ᠲᠡᠪᠴᠢᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠴᠢ ᠭᠠᠮᠲᠠᠢ ᠠᠮᠢᠳᠤᠷᠠᠬᠤ ᠳᠦᠷᠢᠮ ᠤᠨ ᠱᠤᠷᠠᠭ ᠢ ᠤᠯᠠᠮ ᠨᠢᠭᠡ ᠠᠯᠬᠤᠮ ᠴᠢᠩᠭᠠᠯᠠᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠂ ︽ ᠲᠦᠷᠪᠡᠨ ᠰᠤᠷᠲᠠᠯ ︾ ᠢ ᠦᠷᠭᠦᠯᠵᠢᠯᠡᠨ ᠵᠠᠯᠠᠷᠠᠭᠤᠯᠤᠨ ᠴᠡᠭᠴᠡᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ ᠃  ᠮᠡᠳᠡᠭᠳᠡᠯ ᠳᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠤᠷᠲᠠᠯ ᠤᠨ ᠪᠠᠶᠢᠭᠤᠯᠤᠯᠲᠠ ᠨᠠᠮ ᠤᠨ ᠳᠦᠷᠢ ᠲᠥᠷᠬᠦ ᠳᠤ ᠬᠤᠯᠪᠣᠭᠳᠠᠬᠤ ᠂ ᠬᠥᠮᠥᠨ ᠤ ᠰᠡᠳᠬᠢᠯ ᠤᠨ ᠬᠠᠨᠳᠤᠰᠢ ᠲᠠᠢ ᠬᠤᠯᠪᠣᠭᠳᠠᠬᠤ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠪᠦᠲᠦᠵᠦ ᠪᠦᠷᠢᠯᠬᠦ ᠳᠤ ᠬᠤᠯᠪᠣᠭᠳᠠᠬᠤ ᠤᠯᠤᠰ ᠲᠥᠷᠥ ᠶᠢᠨ ᠥᠨᠳᠥᠷᠴᠡ ᠠᠴᠠ ︽ ᠳᠦᠷᠢᠮ ︾ ᠢ ᠰᠣᠷᠣᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠵᠢᠴᠢ ᠲᠡᠭᠦᠨ ᠤ ᠠᠵᠢᠯᠲᠠᠳ ᠤᠨ ︽ ᠳᠦᠷᠢᠮ ︾ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢ ᠠᠬᠢᠭᠤᠯᠵᠤ ᠂ ︽ ᠳᠦᠷᠢᠮ ︾ ᠤᠨ ᠡᠯ᠎ᠡ ᠵᠦᠢᠯ ᠤᠨ ᠲᠣᠭᠲᠠᠭᠠᠯ ᠢ ᠡᠷᠡᠰ ᠨᠠᠶᠢᠳᠠᠪᠤᠷᠢᠵᠢᠭᠤᠯᠵᠤ ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠨᠡᠶᠢᠭᠡᠮ ᠳᠠᠶᠠᠭᠠᠷ ᠲᠤ ᠪᠦᠷᠢᠯᠭᠡᠨ ᠰᠦᠢᠳᠬᠡᠬᠦ ᠨᠢ ᠢᠴᠢᠭᠦᠷᠢᠲᠡᠢ ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠴᠢᠨᠠᠭᠰᠢᠳᠠ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ  ᠬᠢᠨ ︽ ᠳᠦᠷᠢᠮ ︾ ᠢ ᠬᠡᠷᠡᠭᠵᠢᠭᠦᠯᠬᠦ ᠳᠤᠮᠳᠠᠬᠢ ᠴᠢᠬᠤᠯᠠ ᠪᠠᠶᠢᠳᠠᠯ ᠪᠣᠯᠣᠨ ᠰᠠᠨᠠᠭᠤᠯᠭ᠎ᠠ ᠶᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠂ ᠲᠦᠷᠤ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号