ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠴᠢᠮᠬᠠᠨ ︽ᠠᠷᠪᠠᠨ ᠲᠠᠪᠤᠳᠤᠭᠠᠷ ᠲᠠᠪᠤᠨ ᠵᠢᠯ ᠤᠨ | ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠤᠨ ᠲᠠᠯ᠎ᠠ ᠪᠠᠷ ᠴᠢᠬᠤᠯᠠ ᠵᠢᠭᠠᠪᠤᠷᠢ ᠪᠠᠭᠤᠯᠭᠠᠵᠤ ᠂ | ᠴᠢᠬᠤᠯᠠᠴᠢᠯᠠᠭᠤᠯᠬᠤ ᠳᠠᠭᠠᠨ ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ | ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠪᠠᠨ ᠵᠠᠰᠠᠬᠤ ᠴᠢᠬᠤᠯᠠ ᠲᠤᠷᠰᠢᠯᠭ᠎ᠠ ᠪᠣᠯᠣᠨ᠎ᠠ ᠂ ᠮᠥᠨ ᠴᠤ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ ᠴᠢᠬᠤᠯᠠ ᠳᠠᠪᠠᠭᠤᠯᠢᠭ ᠪᠣᠯᠣᠨ᠎ᠠ ᠃ ︽ | ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠵᠤ ᠬᠡᠷᠡᠭᠵᠢᠭᠦᠯᠬᠦ ᠨᠢ ᠨᠠᠮ ᠤᠨ ᠬᠤᠷᠢᠳᠤᠭᠠᠷ | ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠃ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠂ ᠬᠠᠤᠯᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ ᠂ ᠳᠡᠭᠡᠳᠦ ᠳᠠᠪᠬᠤᠷᠭ᠎ᠠ ᠶᠢᠨ | ᠲᠥᠰᠥᠪᠯᠡᠯ ᠪᠠ ᠠᠷᠠᠳ ᠣᠯᠠᠨ ᠤ ᠠᠷᠭ᠎ᠠ ᠤᠬᠠᠭᠠᠨ ᠢ ᠨᠢᠭᠡᠳᠬᠡᠵᠦ ᠂ ᠪᠠᠶᠢᠴᠠᠭᠠᠨ ᠰᠤᠳᠤᠯᠤᠯᠲᠠ ᠬᠢᠬᠦ ᠮᠠᠭᠠᠳᠯᠠᠨ | ᠭᠡᠷᠡᠴᠢᠯᠡᠬᠦ ᠪᠠᠨ ᠴᠢᠩᠭᠠᠳᠬᠠᠨ ᠂ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ ᠂ ᠣᠯᠠᠨ ᠲᠦᠮᠡᠨ ᠪᠣᠯᠣᠨ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠣᠯᠠᠨ ᠠᠷᠭ᠎ᠠ ᠬᠡᠯᠪᠡᠷᠢ ᠪᠠᠷ ᠰᠣᠨᠣᠰᠴᠤ ᠂ ᠺᠠᠳ᠋ᠷ ᠤᠯᠠᠨ | ᠲᠦᠮᠡᠨ ᠤ ᠦᠢᠯᠡᠳᠦᠯᠭᠡ ᠶᠢᠨ ᠶᠠᠪᠤᠴᠠ ᠳᠠᠭᠠᠨ ᠡᠭᠦᠳᠦᠭᠰᠡᠨ ᠰᠢᠨ᠎ᠡ ᠲᠤᠷᠰᠢᠯᠭ᠎ᠠ ᠶᠢ ᠭᠦᠢᠴᠡᠳ ᠠᠰᠢᠭᠯᠠᠨ ᠂ ᠬᠠᠷᠠᠯᠲᠠ | ᠡᠭᠦᠷᠭᠡ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ ᠂ | ᠵᠣᠬᠢᠴᠠᠩᠭᠤᠢ ᠴᠢᠨᠠᠷ ᠢ ᠴᠢᠬᠤᠯᠠᠴᠢᠯᠠᠵᠤ ᠂ ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠡᠢ ᠃ | ᠮᠠᠨ ᠤ ᠤᠯᠤᠰ 2026 ᠣᠨ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ | ᠬᠡᠷᠡᠭᠵᠢᠭᠦᠯᠬᠦ ᠪᠣᠯᠣᠨ᠎ᠠ ᠂ ᠣᠳᠣ ᠨᠠᠮ ᠤᠨ ᠲᠥᠪ ᠬᠤᠷᠢᠶ᠎ᠠ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ | ᠶᠢᠨ ᠰᠠᠨᠠᠭᠤᠯᠭ᠎ᠠ ᠶᠢ ᠲᠤᠭᠤᠷᠪᠢᠨ ᠪᠢᠴᠢᠬᠦ ᠶᠢ ᠵᠣᠬᠢᠶᠠᠨ ᠪᠠᠶᠢᠭᠤᠯᠵᠤ ᠪᠠᠶᠢᠨ᠎ᠠ ᠃ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠯᠦᠪᠵᠢᠭᠦᠯᠭᠡ ᠶᠢᠨ ᠰᠠᠨᠠᠭᠤᠯᠭ᠎ᠠ ᠶᠢ ᠲᠤᠭᠤᠷᠪᠢᠬᠤ ᠠᠵᠢᠯ ᠤᠨ | ᠪᠠᠶᠢᠷᠢᠯᠠᠭᠤᠯᠤᠯᠲᠠ ᠶᠢ ᠦᠨᠳᠦᠰᠦᠯᠡᠨ ᠂ ᠬᠠᠮᠢᠶᠠᠲᠠᠢ ᠲᠠᠯ᠎ᠠ ᠶᠢᠨ ᠬᠢᠨ ᠣᠶᠢᠷ᠎ᠠ ᠳᠤ ᠤᠯᠠᠨ ᠵᠦᠢᠯ ᠤᠨ ᠬᠡᠯᠪᠡᠷᠢ ᠪᠠᠷ ︽ | ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠲᠠᠯ᠎ᠠ ᠪᠠᠷ ᠬᠢ ᠺᠠᠳ᠋ᠷ ᠤᠯᠠᠨ ᠲᠦᠮᠡᠨ ᠂ ᠲᠤᠰᠬᠠᠢ | ᠮᠡᠷᠭᠡᠵᠢᠯᠲᠡᠨ ᠡᠷᠳᠡᠮᠲᠡᠨ ᠨᠠᠷ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠪᠠᠷ ᠪᠠᠶᠢᠨ᠎ᠠ ᠃ | |