ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠤᠨᠤᠯ ᠤᠨ ᠴᠤᠪᠤᠷᠠᠯ ︾ ᠤᠨ ᠠᠷᠪᠠᠨ ᠨᠢᠭᠡᠳᠦᠭᠡᠷ ᠡᠮᠬᠢᠳᠬᠡᠯ ᠠᠴᠠ | ᠠᠷᠪᠠᠨ ᠲᠠᠪᠤᠳᠤᠭᠠᠷ ᠡᠮᠬᠢᠳᠬᠡᠯ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ | ᠬᠡᠪᠯᠡᠭᠦᠯᠵᠦ ᠂ ᠪᠦᠭᠦ ᠤᠯᠤᠰ ᠲᠤ ᠲᠠᠷᠬᠠᠭᠠᠪᠠ ᠃ | ᠲᠤᠰ ᠨᠣᠮ ᠤᠨ ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠳᠤ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | 2023 ᠣᠨ ᠤ 11 ᠰᠠᠷ᠎ᠠ ᠠᠴᠠ ᠨᠠᠭᠠᠰᠢᠬᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠭᠰᠡᠨ ᠪᠥᠭᠡᠳ ᠠᠷᠠᠳ ᠤᠨ | ᠡᠳᠦᠷ ᠤᠨ ᠰᠣᠨᠢᠨ ᠂ ︽ ᠦᠨᠡᠨ ︾ ᠰᠡᠳᠬᠦᠯ ᠵᠡᠷᠭᠡ ᠳᠤ ᠨᠡᠶᠢᠲᠡᠯᠡᠭᠰᠡᠨ ᠨᠡᠶᠢᠲᠡ 29 ᠰᠢᠷᠢᠰ ᠤᠨᠤᠯ ᠤᠨ | ᠤᠬᠠᠭᠤᠯᠭ᠎ᠠ ᠶᠢᠨ ᠵᠣᠬᠢᠶᠠᠯ ᠢ ᠣᠷᠣᠭᠤᠯᠵᠤ ᠂ ᠪᠠᠷᠤᠭ 23 ᠲᠦᠮᠡᠨ ᠦᠰᠦᠭ ᠲᠠᠢ ᠃ ᠡᠳᠡᠭᠡᠷ ᠵᠣᠬᠢᠶᠠᠯ ᠨᠢ ᠶᠡᠷᠦᠩᠬᠡᠢ | ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ | ᠲᠣᠭᠤᠷᠢᠨ ᠳᠤ ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠰᠢᠰᠲ᠋ᠧᠮᠵᠢᠭᠰᠡᠨ ᠰᠤᠳᠤᠯᠭᠠᠨ ᠂ | ᠶᠣᠰᠣ ᠵᠦᠢᠴᠢᠯᠡᠭᠰᠡᠨ ᠲᠠᠶᠢᠯᠪᠤᠷᠢᠯᠠᠯᠲᠠ ᠶᠢ ᠴᠢᠷᠮᠠᠶᠢᠨ ᠠᠬᠢᠭᠤᠯᠪᠠ ᠃ ᠲᠤᠰ ᠨᠣᠮ ᠤᠨ ᠨᠢᠭᠡᠳᠦᠭᠡᠷ ᠡᠮᠬᠢᠳᠬᠡᠯ ᠠᠴᠠ | ᠲᠠᠪᠤᠳᠤᠭᠠᠷ ᠡᠮᠬᠢᠳᠬᠡᠯ ᠂ ᠵᠢᠷᠭᠤᠳᠤᠭᠠᠷ ᠡᠮᠬᠢᠳᠬᠡᠯ ᠠᠴᠠ ᠠᠷᠪᠠᠳᠤᠭᠠᠷ ᠡᠮᠬᠢᠳᠬᠡᠯ ᠢ ᠲᠤᠰ ᠲᠤᠰ 2020 ᠣᠨ ᠂ | 2023 ᠣᠨ ᠳᠤ ᠬᠡᠪᠯᠡᠨ ᠲᠠᠷᠬᠠᠭᠠᠪᠠ ᠃ | | |