ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠭᠢᠯᠭᠠᠨ ᠮᠡᠳᠡᠭᠡ ᠣᠶᠢᠷ᠎ᠠ ᠳᠤ ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ︽ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠤ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ︾ ︵ᠳᠣᠷᠣᠭᠰᠢ ︽ | ᠰᠠᠨᠠᠯ︾ ᠭᠡᠵᠦ ᠲᠣᠪᠴᠢᠯᠠᠨ᠎ᠠ ︶ ᠢ ᠳᠠᠷᠤᠮᠠᠯᠯᠠᠨ ᠲᠠᠷᠬᠠᠭᠠᠵᠤ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ ᠃ | ︽ᠰᠠᠨᠠᠯ︾ ᠳᠤ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ | ᠪᠣᠯ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠮᠥᠨ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ | ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠂ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠥᠨᠳᠥᠷ ᠲᠦᠪᠰᠢᠨ ᠪᠦᠬᠦᠢ ᠨᠡᠭᠡᠭᠡᠯᠲᠡ ᠬᠢᠬᠦ ᠪᠠᠷ | ᠤᠳᠤᠷᠢᠳᠤᠮᠵᠢ ᠪᠤᠯᠭᠠᠬᠤ ᠂ ᠳᠦᠷᠢᠮ ᠤᠨ ᠰᠢᠨ᠎ᠡ ᠶᠢ ᠡᠭᠦᠳᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ | ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠳᠦᠷᠢᠮ ᠂ ᠵᠢᠷᠤᠮᠯᠠᠯ ᠂ ᠬᠠᠮᠢᠶᠠᠷᠤᠯᠲᠠ ᠂ | ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠂ ᠥᠭᠡᠷᠡᠴᠢᠯᠡᠯᠲᠡ ᠶᠢᠨ | ᠪᠦᠬᠦᠯᠢ ᠴᠣᠭᠴᠠ ᠶᠢᠨ ᠲᠥᠯᠦᠪᠵᠢᠭᠦᠯᠭᠡ ᠪᠠ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ ᠂ ᠪᠦᠭᠦ ᠠᠵᠤ | ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠬᠤ ᠴᠢᠬᠤᠯᠠ ᠬᠦᠢᠰᠦ ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠬᠥᠳᠡᠯᠭᠡᠭᠦᠷ ᠪᠣᠯᠭᠠᠨ ᠪᠦᠲᠦᠭᠡᠨ ᠪᠠᠶᠢᠭᠤᠯᠵᠤ ᠂ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠠᠬᠢᠴᠠ ᠳᠤᠮᠳᠠ ᠵᠢᠱᠢᠶ᠎ᠡ ᠦᠵᠡᠭᠦᠯᠭᠦ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ | ᠳᠤᠷᠠᠳᠪᠠ ᠃ | ︽ᠰᠠᠨᠠᠯ︾ ᠳᠤ ᠂ 5 ᠵᠢᠯ ᠣᠷᠴᠢᠮ ᠤᠨ ᠪᠦᠲᠦᠭᠡᠯᠴᠢ ᠴᠢᠨᠠᠷᠲᠠᠢ ᠂ ᠬᠤᠷᠠᠮᠠᠯ ᠭᠡᠯᠪᠡᠷᠢ ᠶᠢᠨ ᠰᠦᠪᠡᠭᠴᠢᠯᠡᠯᠲᠡ ᠪᠠᠷ | ᠲᠠᠮᠵᠢᠨ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠬᠢᠬᠦ ᠲᠦᠪᠰᠢᠨ ᠂ | ᠰᠢᠰᠲ᠋ᠧᠮ ᠤᠨ ᠴᠢᠨᠠᠷᠲᠠᠢ ᠥᠭᠡᠷᠡᠴᠢᠯᠡᠯᠲᠡ ᠶᠢᠨ ᠦᠷ᠎ᠡ ᠪᠦᠲᠦᠮᠵᠢ ᠂ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠶᠠᠰᠤ | ᠴᠢᠨᠠᠷ ᠤᠨ ᠪᠦᠭᠦ ᠲᠠᠯ᠎ᠠ ᠪᠠᠷ ᠳᠡᠭᠡᠭᠰᠢᠯᠡᠬᠦ ᠶᠢ ᠪᠡᠶᠡᠯᠡᠭᠦᠯᠵᠦ ᠂ ᠠᠷᠠᠯᠵᠢᠶ᠎ᠠ ᠂ ᠪᠡᠯᠡ ᠣᠷᠣᠭᠤᠯᠬᠤ ᠂ ᠪᠡᠯᠡ ᠮᠥᠩᠭᠦᠨ ᠤ | ᠡᠷᠭᠢᠯᠲᠡ ᠂ ᠵᠠᠮ ᠬᠠᠷᠢᠯᠴᠠᠭ᠎ᠠ ᠲᠡᠭᠡᠭᠡᠪᠦᠷᠢ ᠂ ᠬᠥᠮᠥᠰ ᠤᠨ ᠬᠤᠭᠤᠷᠣᠨᠳᠣᠭᠢ ᠶᠠᠪᠤᠯᠴᠠᠭ᠎ᠠ ᠴᠢᠯᠦᠭᠡᠲᠡᠢ ᠪᠥᠭᠡᠳ ᠳᠥᠭᠦᠮ | ᠲᠦᠷᠭᠡᠨ ᠪᠠᠶᠢᠬᠤ ᠪᠠ ᠳ᠋ᠠᠶᠢᠲ᠋ᠠ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠷ ᠰᠢᠯᠵᠢᠭᠦ ᠪᠠᠷ ᠭᠤᠣᠯᠳᠠᠯᠭ᠎ᠠ ᠪᠤᠯᠭᠠᠬᠰᠠᠨ | ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠵᠤ ᠂ ᠣᠳᠣ ᠦᠶ᠎ᠡ ᠶᠢᠨ | ᠠᠵᠤ ᠦᠢᠯᠡᠰ ᠤᠨ ᠪᠦᠯᠦᠭᠵᠢᠯ ᠤᠨ ᠡᠨᠧᠷᠭᠢ ᠶᠢ ᠳᠡᠰ ᠳᠡᠪᠰᠢᠭᠦᠯᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠳᠬᠡᠨ ᠬᠥᠭᠵᠢᠭᠦᠯᠵᠦ ᠂ ᠨᠡᠭᠡᠭᠡᠯᠲᠡ ᠬᠢᠬᠦ ᠳᠡᠰ ᠳᠠᠪᠬᠤᠷᠭ᠎ᠠ ᠨᠠᠩ ᠥᠨᠳᠥᠷ ᠂ ᠬᠤᠳᠠᠯᠳᠤᠭ᠎ᠠ ᠡᠷᠭᠢᠯᠡᠭᠦ | ᠣᠷᠴᠢᠨ ᠨᠥᠬᠦᠴᠡᠯ ᠨᠠᠩ ᠰᠢᠯᠢᠳᠡᠭ ᠂ ᠨᠥᠯᠥᠭᠡᠯᠡᠬᠦ ᠦᠢᠯᠡᠳᠦᠯ ᠢᠶᠠᠷ ᠨᠠᠩ ᠴᠢᠩᠭ᠎ᠠ ᠥᠭᠡᠷᠡᠴᠢᠯᠡᠯᠲᠡ ᠨᠡᠭᠡᠭᠡᠯᠲᠡ ᠶᠢᠨ | ᠰᠢᠨ᠎ᠡ ᠥᠨᠳᠦᠷᠯᠢᠭ ᠢ ᠴᠣᠭᠴᠠᠯᠠᠨ᠎ᠠ ᠭᠡᠵᠦ ᠴᠢᠬᠤᠯᠠᠴᠢᠯᠠᠪᠠ ᠃ | ︽ᠰᠠᠨᠠᠯ︾ ᠳᠤ ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠴᠢᠩᠭᠠᠳᠬᠠᠵᠤ ᠂ | ᠪᠠᠷᠠᠭᠠᠨ ᠤ ᠠᠷᠠᠯᠵᠢᠶ᠎ᠠ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ ᠂ ᠦᠢᠯᠡᠴᠢᠯᠡᠭᠡᠨ ᠤ ᠠᠷᠠᠯᠵᠢᠶᠠᠨ ᠤ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ ᠂ ᠲᠣᠭᠠᠴᠢᠯᠠᠭᠰᠠᠨ ᠠᠷᠠᠯᠵᠢᠶᠠᠨ ᠤ ᠰᠢᠨ᠎ᠡ ᠶᠢ ᠡᠭᠦᠳᠦᠨ | ᠬᠥᠭᠵᠢᠬᠦ ᠶᠢ ᠳᠡᠮᠵᠢᠨ᠎ᠠ ᠃ ᠲᠤᠷᠰᠢᠯᠲᠠ ᠶᠢᠨ ᠣᠷᠣᠨ ᠤ ᠳᠣᠲᠣᠷᠠᠬᠢ ᠠᠵᠤ ᠠᠬᠤᠶᠢᠯᠠᠯ ᠤᠨ ᠭᠠᠶᠢᠯᠢ ᠪᠠᠲᠤᠯᠠᠬᠤ ᠪᠠᠷᠠᠭᠠᠨ ᠤ | ᠭᠦᠢᠯᠭᠡᠭᠡ ᠶᠢᠨ ᠭᠡᠯᠪᠡᠷᠢ ᠪᠠᠷ ᠠᠳᠠᠯᠢ ᠪᠤᠰᠤ ᠭᠠᠶᠢᠯᠢ ᠶᠢᠨ ᠨᠣᠮᠧᠷ ᠤᠨ ᠳᠣᠣᠷᠠᠬᠢ ᠠᠯᠲᠠ ᠠᠭᠤᠯᠤᠭᠰᠠᠨ ᠡᠯᠡᠰᠦᠯᠢᠭ | ᠡᠷᠦᠳᠡᠰᠦ ᠶᠢᠨ ᠹᠢᠽᠢᠺ ᠤᠨ ᠬᠤᠯᠢᠯᠳᠤᠭᠤᠯᠤᠨ ᠲᠣᠬᠢᠷᠠᠭᠤᠯᠬᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ ᠃ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠰᠤᠳᠤᠯᠤᠨ ᠨᠡᠭᠡᠭᠡᠬᠦ ᠳᠤ | ᠬᠡᠷᠡᠭᠯᠡᠬᠦ ᠡᠳ᠋ ᠪᠣᠳᠠᠰ ᠤᠨ ︽ᠨᠡᠷᠡᠰ ᠤᠨ ᠴᠠᠭᠠᠨ ᠲᠠᠩᠰᠠ︾ ᠶᠢᠨ ᠳᠦᠷᠢᠮ ᠢ ᠰᠦᠪᠡᠭᠴᠢᠯᠡᠨ ᠪᠠᠶᠢᠭᠤᠯᠵᠤ ᠂ | ᠭᠠᠳᠠᠭᠠᠳᠤ ᠠᠴᠠ ᠣᠷᠣᠭᠤᠯᠬᠤ ᠡᠮ ᠤᠨ ᠵᠦᠢᠯᠡᠰ ᠤᠨ ᠪᠣᠭᠤᠮᠲᠠ ᠪᠠᠷ ᠥᠩᠭᠡᠷᠡᠭᠦᠯᠬᠦ ᠲᠠᠩᠰᠠ ᠭᠦᠢᠴᠡᠳᠬᠡᠬᠦ ᠠᠴᠠ | ᠬᠡᠯᠲᠦᠷᠢᠭᠦᠯᠬᠦ ᠶᠢ ᠵᠥᠪᠰᠢᠶᠡᠷᠡᠨ᠎ᠡ ᠃ ᠭᠠᠳᠠᠭᠠᠳᠤ ᠠᠴᠠ ᠣᠷᠣᠭᠤᠯᠬᠤ ᠢᠳᠡᠭᠡᠨ ᠤ ᠪᠠ ᠡᠮ ᠤᠨ ᠵᠦᠢᠯᠡᠰ ᠤᠨ ︽ᠨᠡᠷᠡᠰ ᠤᠨ | ᠴᠠᠭᠠᠨ ᠲᠠᠩᠰᠠ︾ ᠶᠢᠨ ᠳᠦᠷᠢᠮ ᠪᠠᠶᠢᠭᠤᠯᠬᠤ ᠶᠢ ᠰᠦᠪᠡᠭᠴᠢᠯᠡᠵᠦ ᠂ ᠢᠳᠡᠭᠡᠨ ᠤ ᠵᠦᠢᠯᠡᠰ ᠲᠤ ᠬᠡᠷᠡᠭᠯᠡᠬᠦ ᠢᠳᠡᠭᠡᠨ ᠤ ᠪᠠ | ᠡᠮ ᠤᠨ ᠵᠦᠢᠯᠡᠰ ᠢ ᠪᠣᠳᠠᠲᠤ ᠬᠡᠷᠡᠭᠴᠡᠭᠡ ᠶᠣᠰᠣᠭᠠᠷ ᠪᠣᠭᠤᠮᠲᠠ ᠪᠠᠷ ᠥᠩᠭᠡᠷᠡᠭᠦᠯᠬᠦ ᠶᠢ ᠵᠥᠪᠰᠢᠶᠡᠷᠡᠨ᠎ᠡ ᠃ ᠰᠢᠨ᠎ᠡ | ᠭᠡᠯᠪᠡᠷᠢ ᠶᠢᠨ ᠬᠢᠯᠢ ᠶᠢᠨ ᠭᠠᠳᠠᠨᠠᠬᠢ ᠣᠯᠠᠨ ᠤᠯᠤᠰ ᠤᠨ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠬᠥᠭᠵᠢᠯᠲᠡ ᠶᠢ | ᠳᠠᠮᠵᠢᠵᠤ ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠲᠣᠭᠲᠠᠭᠠᠯ ᠶᠣᠰᠣᠭᠠᠷ ᠲᠡᠷᠢᠭᠦᠨ ᠤ ᠮᠡᠷᠭᠡᠵᠢᠯ ᠤᠨ | ᠦᠢᠯᠡᠴᠢᠯᠡᠭᠡᠨ ᠤ ᠠᠵᠤ ᠠᠬᠤᠶᠢᠯᠠᠯ ᠢᠶᠠᠷ ᠬᠢᠨᠠᠨ ᠲᠣᠭᠲᠠᠭᠠᠯᠭᠠᠬᠤ ᠪᠠᠷ ᠭᠤᠶᠤᠴᠢᠯᠠᠨ᠎ᠠ ᠃ ᠬᠢᠯᠢ ᠶᠢᠨ ᠭᠠᠳᠠᠨᠠᠬᠢ ᠠᠵᠢᠯ | ᠮᠡᠷᠭᠡᠵᠢᠯ ᠤᠨ ᠬᠢᠷᠢ ᠭᠡᠮ ᠢ ᠮᠡᠳᠡᠷᠡᠨ ᠵᠥᠪᠰᠢᠶᠡᠷᠡᠬᠦ ᠲᠤᠷᠰᠢᠯᠲᠠ ᠶᠢᠨ ᠴᠡᠭ ᠢ ᠰᠦᠪᠡᠭᠴᠢᠯᠡᠨ ᠥᠷᠨᠢᠭᠦᠯᠦᠨ᠎ᠡ ᠃ | ᠡᠯᠧᠺᠲᠷᠣᠨ ᠪᠠᠷᠠᠭ᠎ᠠ ᠭᠠᠷᠭᠠᠵᠤ ᠠᠪᠬᠤ ᠪᠠᠷᠢᠮᠲᠠ ᠂ ᠡᠯᠧᠺᠲᠷᠣᠨ ᠬᠥᠮᠥᠷᠭᠡ ᠶᠢᠨ ᠪᠠᠷᠢᠮᠲᠠ ᠵᠡᠷᠭᠡ ᠡᠯᠧᠺᠲᠷᠣᠨ | ᠪᠠᠷᠢᠮᠲᠠ ᠶᠢᠨ ᠬᠡᠷᠡᠭᠯᠡᠯᠲᠡ ᠶᠢ ᠠᠬᠢᠭᠤᠯᠵᠤ ᠂ ᠡᠯᠧᠺᠲᠷᠣᠨ ᠭᠠᠷ ᠤᠨ ᠥᠰᠥᠭ ᠵᠢᠷᠤᠬᠤ ᠶᠢ ᠣᠯᠠᠨ ᠤᠯᠤᠰ ᠤᠨ | ᠬᠤᠯᠪᠤᠭᠠᠯᠠᠨ ᠲᠡᠭᠡᠭᠡᠪᠦᠷᠢᠯᠡᠬᠦ ᠳᠤ ᠴᠠᠭᠠᠰᠤ ᠬᠡᠷᠡᠭᠯᠡᠬᠦ ᠦᠭᠡᠢ ᠲᠡᠭᠡᠭᠡᠪᠦᠷᠢ ᠶᠢᠨ ᠬᠦᠷᠢᠶᠡᠨ ᠳᠤ ᠬᠡᠷᠡᠭᠯᠡᠬᠦ ᠶᠢ ᠠᠬᠢᠭᠤᠯᠤᠨ᠎ᠠ ᠃ | ᠲᠣᠭᠠᠴᠢᠯᠠᠭᠰᠠᠨ ᠪᠡᠶ᠎ᠡ ᠶᠢᠨ ᠭᠠᠷᠤᠯ ᠢ ᠭᠡᠷᠡᠴᠢᠯᠡᠬᠦ ᠶᠠᠪᠤᠴᠠ ᠳᠠᠬᠢ ᠡᠯᠧᠺᠲᠷᠣᠨ ᠭᠠᠷ ᠤᠨ ᠥᠰᠥᠭ ᠵᠢᠷᠤᠬᠤ ᠬᠡᠷᠡᠭᠯᠡᠯᠲᠡ ᠶᠢ | ᠠᠬᠢᠭᠤᠯᠵᠤ ᠂ ᠲᠣᠭᠠᠴᠢᠯᠠᠭᠰᠠᠨ ᠪᠡᠶ᠎ᠡ ᠶᠢᠨ ᠭᠠᠷᠤᠯ ᠢ ᠬᠠᠷᠢᠯᠴᠠᠨ ᠮᠡᠳᠡᠷᠡᠬᠦ ᠲᠤᠷᠰᠢᠯᠲᠠ ᠶᠢᠨ ᠴᠡᠭ ᠢ ᠥᠷᠨᠢᠭᠦᠯᠦᠨ᠎ᠡ ᠭᠡᠵᠦ | ᠳᠤᠷᠠᠳᠪᠠ ᠃ | ︽ᠰᠠᠨᠠᠯ︾ ᠳᠤ ᠂ ᠪᠡᠯᠡ ᠣᠷᠣᠭᠤᠯᠤᠯᠲᠠ ᠶᠢ ᠴᠢᠯᠦᠭᠡᠲᠡᠢ ᠪᠤᠯᠭᠠᠬᠤ ᠪᠠ ᠳᠥᠭᠦᠮᠴᠢᠯᠡᠯᠲᠡ ᠶᠢ ᠠᠬᠢᠭᠤᠯᠵᠤ ᠂ ᠵᠠᠬ᠎ᠠ | ᠳᠡᠯᠭᠡᠭᠦᠷ ᠤᠨ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ ᠂ ᠵᠠᠬ᠎ᠠ ᠳᠡᠯᠭᠡᠭᠦᠷᠴᠢᠯᠡᠭᠰᠡᠨ ᠂ ᠬᠠᠤᠯᠢ ᠪᠠᠷ ᠵᠠᠰᠠᠭᠰᠠᠨ ᠂ | ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ ᠃ | ᠭᠠᠳᠠᠭᠠᠳᠤ ᠪᠡᠯᠡ ᠶᠢ ᠨᠡᠩ ᠶᠡᠭᠡ ᠡᠷᠴᠢᠮ ᠢᠶᠠᠷ ᠲᠠᠲᠠᠵᠤ ᠠᠰᠢᠭᠯᠠᠨ᠎ᠠ ᠃ ᠨᠥᠬᠦᠴᠡᠯ ᠳᠤ ᠨᠡᠶᠢᠴᠡᠬᠦ ᠲᠤᠷᠰᠢᠯᠲᠠ ᠶᠢᠨ | ᠣᠷᠣᠨ ᠤ ᠳᠣᠲᠣᠷᠠᠬᠢ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠺᠢᠨᠣ᠋ ᠶᠢᠨ ᠰᠡᠭᠦᠯᠴᠢ ᠶᠢᠨ ᠬᠤᠭᠤᠴᠠᠭᠠᠨ ᠤ | ᠦᠢᠯᠡᠳᠬᠦ ᠦᠢᠯᠡᠴᠢᠯᠡᠭᠡ ᠥᠷᠨᠢᠭᠦᠯᠬᠦ ᠶᠢ ᠵᠥᠪᠰᠢᠶᠡᠷᠡᠨ᠎ᠡ ᠃ ᠨᠥᠬᠦᠴᠡᠯ ᠳᠤ ᠨᠡᠶᠢᠴᠡᠬᠦ ᠰᠢᠶᠠᠩᠭᠠᠩ ᠣᠣᠮᠧᠨ ᠲᠠᠶᠢᠸᠠᠨ ᠤ | ᠡᠮᠴᠢ ᠶᠢᠨ ᠡᠮᠴᠢ ᠶᠢᠨ ᠬᠢᠷᠢ ᠭᠡᠮ ᠤᠨ ᠦᠨᠡᠮᠯᠡᠯ ᠣᠯᠣᠭᠰᠠᠨ ᠤ ᠳᠠᠷᠠᠭ᠎ᠠ ᠲᠤᠷᠰᠢᠯᠲᠠ ᠶᠢᠨ ᠣᠷᠣᠨ ᠤ ᠳᠣᠲᠣᠷ᠎ᠠ | ᠡᠮᠴᠢᠯᠡᠭᠡᠨ ᠤ ᠭᠠᠵᠠᠷ ᠪᠠᠶᠢᠭᠤᠯᠬᠤ ᠶᠢ ᠳᠠᠮᠵᠢᠨ᠎ᠠ ᠃ ᠬᠢᠯᠢ ᠶᠢᠨ ᠭᠠᠳᠠᠨᠠᠬᠢ ᠨᠠᠷᠠᠲᠤ ᠬᠥᠨᠳᠡᠯᠡᠨ ᠠᠴᠠ ᠲᠠᠰᠤᠯᠬᠤ | ᠪᠠᠶᠢᠭᠤᠯᠤᠮᠵᠢ ᠶᠢᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠨᠥᠬᠦᠴᠡᠯ ᠳᠤ ᠨᠡᠶᠢᠴᠡᠬᠦ ᠲᠤᠬᠠᠶᠢᠯᠠᠭᠰᠠᠨ | ᠠᠵᠢᠯ ᠤᠨ ᠪᠠᠶᠢᠭᠤᠯᠤᠮᠵᠢ ᠪᠠᠶᠢᠭᠤᠯᠬᠤ ᠶᠢ ᠵᠥᠪᠰᠢᠶᠡᠷᠡᠨ᠎ᠡ ᠃ ᠬᠤᠳᠠᠯᠳᠤᠭᠠᠨ ᠤ ᠶᠠᠪᠤᠳᠠᠯ ᠤᠨ ᠡᠶᠡᠳᠡᠭᠦᠯᠬᠦ ᠵᠣᠬᠢᠶᠠᠨ | ᠪᠠᠶᠢᠭᠤᠯᠤᠯᠲᠠ ᠶᠢ ᠳᠠᠩᠰᠠᠯᠠᠨ ᠬᠠᠮᠢᠶᠠᠷᠬᠤ ᠲᠤᠷᠰᠢᠯᠲᠠ ᠶᠢᠨ ᠴᠡᠭ ᠢ ᠥᠷᠨᠢᠭᠦᠯᠦᠨ᠎ᠡ ᠭᠡᠵᠦ ᠵᠢᠭᠠᠵᠤ ᠭᠠᠷᠭᠠᠪᠠ ᠃ | ︽ᠰᠠᠨᠠᠯ︾ ᠳᠤ ᠂ ᠳᠡᠭᠡᠳᠦ ᠴᠢᠳᠠᠪᠬᠢᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ | ᠠᠬᠤᠢ ᠶᠢ ᠪᠤᠶ ᠪᠤᠯᠭᠠᠵᠤ ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠯ ᠢ ᠠᠬᠢᠭᠤᠯᠵᠤ ᠂ | ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ ᠬᠡᠷᠡᠭᠲᠡᠢ ᠃ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ ᠂ ᠠᠵᠤ ᠦᠢᠯᠡᠰ ᠤᠨ ᠬᠡᠯᠬᠢᠶ᠎ᠡ ᠶᠢᠨ | ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠲᠡᠷᠢᠭᠦᠨ ᠤ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠶᠢ | ᠠᠬᠢᠭᠤᠯᠵᠤ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠠᠵᠤ ᠦᠢᠯᠡᠰ ᠤᠨ ᠬᠠᠮᠵᠢᠯᠴᠠᠨ ᠬᠤᠯᠪᠣᠭᠠᠯᠠᠬᠤ ᠶᠢ | ᠠᠬᠢᠭᠤᠯᠬᠤ ᠬᠡᠷᠡᠭᠲᠡᠢ ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠭᠦ ᠠᠵᠤ ᠦᠢᠯᠡᠰ ᠤᠨ ᠬᠡᠯᠬᠢᠶ᠎ᠡ ᠶᠢ | ᠬᠤᠷᠠᠭᠤᠯᠵᠤ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ ᠃ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠤᠨ | ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠠᠮᠵᠢᠨ᠎ᠠ ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ | ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠭᠦ ᠣᠷᠣᠨ ᠲᠠᠢ ᠬᠤᠯᠪᠣᠯᠳᠤᠭᠤᠯᠤᠨ | ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠨᠥᠬᠦᠴᠡᠯ ᠲᠠᠢ ᠭᠠᠵᠠᠷ ᠣᠷᠣᠨ ᠢ ᠰᠣᠩᠭᠤᠨ | ᠰᠦᠪᠡᠭᠴᠢᠯᠡᠯᠲᠡ ᠥᠷᠨᠢᠭᠦᠯᠦᠨ᠎ᠡ ᠃ ᠨᠥᠬᠦᠴᠡᠯ ᠲᠠᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠣᠶᠤᠨᠴᠢ | ᠰᠦᠯᠵᠢᠶ᠎ᠡ ᠪᠠᠷ ᠬᠤᠯᠪᠣᠭᠠᠯᠠᠭᠰᠠᠨ ᠮᠠᠰᠢᠨ ᠲᠡᠷᠭᠡᠨ ᠤ ᠵᠠᠮ ᠢ ᠲᠤᠷᠰᠢᠬᠤ ᠂ ᠵᠢᠱᠢᠶ᠎ᠡ ᠦᠵᠡᠭᠦᠯᠦᠨ ᠬᠡᠷᠡᠭᠯᠡᠬᠦ ᠶᠢ | ᠭᠦᠨᠵᠡᠭᠡᠶᠢᠷᠡᠭᠦᠯᠵᠦ ᠂ ᠠᠷᠠᠳ ᠤᠨ ᠬᠡᠷᠡᠭᠯᠡᠭᠡᠨ ᠤ ᠵᠢᠯᠣᠭᠤᠴᠢ ᠦᠭᠡᠢ ᠠᠭᠠᠷ ᠤᠨ ᠲᠡᠭᠡᠭᠡᠪᠦᠷᠢ ᠶᠢᠨ ᠲᠤᠷᠰᠢᠯᠲᠠ ᠶᠢᠨ | ᠰᠠᠭᠤᠷᠢᠨ ︵ᠲᠤᠷᠰᠢᠯᠲᠠ ᠶᠢᠨ ᠣᠷᠣᠨ ︶ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢ ᠳᠡᠮᠵᠢᠨ᠎ᠡ ᠭᠡᠵᠦ ᠳᠤᠷᠠᠳᠪᠠ ᠃ | ︽ᠰᠠᠨᠠᠯ︾ ᠳᠤ ᠂ ᠳ᠋ᠠᠶᠢᠲ᠋ᠠ ᠶᠢᠨ ᠥᠨᠳᠥᠷ ᠪᠦᠲᠦᠮᠵᠢᠲᠡᠶ ᠳᠥᠭᠦᠮ ᠲᠦᠷᠭᠡᠨ ᠠᠮᠤᠷ ᠲᠦᠪᠰᠢᠨ ᠢᠶᠠᠷ ᠰᠢᠯᠵᠢᠭᠦ ᠶᠢ | ᠠᠬᠢᠭᠤᠯᠵᠤ ᠂ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ ᠂ ᠳ᠋ᠠᠶᠢᠲ᠋ᠠ ᠶᠢᠨ | ᠬᠢᠯᠢ ᠠᠯᠤᠰᠯᠠᠨ ᠰᠢᠯᠵᠢᠭᠦ ᠶᠢᠨ ᠳᠦᠭᠦᠮ ᠪᠠᠶᠢᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠥᠨᠳᠥᠷ ᠪᠦᠲᠦᠮᠵᠢᠲᠡᠢ | ᠰᠠᠭᠠᠳ ᠦᠭᠡᠢ ᠨᠡᠭᠡᠭᠡᠯᠲᠡ ᠶᠢᠨ ᠨᠡᠪᠲᠡᠷᠡᠬᠦ ᠵᠠᠮ ᠢ ᠪᠠᠶᠢᠭᠤᠯᠵᠤ ᠂ ᠤᠰᠤᠨ ᠵᠠᠮ ᠤᠨ ᠲᠡᠭᠡᠭᠡᠪᠦᠷᠢ ᠶᠢᠨ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠵᠦ ᠂ ᠬᠠᠭᠤᠷᠠᠢ ᠵᠠᠮ ᠤᠨ ᠲᠡᠭᠡᠭᠡᠪᠦᠷᠢ ᠠᠭᠠᠷ ᠤᠨ ᠲᠡᠭᠡᠭᠡᠪᠦᠷᠢ ᠶᠢᠨ ᠨᠥᠯᠥᠭᠡᠯᠡᠬᠦ ᠴᠢᠳᠠᠪᠤᠷᠢ ᠶᠢ | ᠴᠢᠩᠭᠠᠳᠬᠠᠬᠤ ᠬᠡᠷᠡᠭᠲᠡᠢ ᠃ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡ ᠶᠢᠨ ᠭᠡᠯᠪᠡᠷᠢ ᠪᠠᠷ ᠠᠳᠠᠯᠢ ᠪᠤᠰᠤ ᠭᠠᠶᠢᠯᠢ ᠶᠢᠨ | ᠨᠣᠮᠧᠷ ᠤᠨ ᠥᠨᠳᠥᠷ ᠪᠠ ᠳᠣᠣᠷ᠎ᠠ ᠬᠦᠬᠦᠷᠲᠦ ᠲᠦᠯᠡᠰᠢᠨ ᠲᠣᠰᠣ ᠶᠢ ᠬᠤᠯᠢᠯᠳᠤᠭᠤᠯᠤᠨ ᠰᠣᠯᠢᠵᠤ ᠲᠣᠬᠢᠷᠠᠭᠤᠯᠬᠤ ᠪᠠ | ᠲᠤᠬᠠᠶᠢᠯᠠᠭᠰᠠᠨ ᠠᠵᠢᠯ ᠥᠷᠨᠢᠭᠦᠯᠬᠦ ᠶᠢ ᠵᠥᠪᠰᠢᠶᠡᠷᠡᠨ᠎ᠡ ᠃ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠶᠢᠨ ᠣᠯᠠᠨ | ᠤᠯᠤᠰ ᠤᠨ ᠠᠶᠠᠯᠠᠯ ᠤᠨ ᠣᠩᠭᠤᠴᠠ ᠰᠠᠯ ᠤᠨ ᠲᠦᠯᠡᠰᠢ ᠪᠣᠯᠤᠭᠰᠠᠨ ᠤ ᠬᠤᠪᠢ ᠳᠤ ᠭᠠᠶᠢᠯᠢ ᠪᠠᠲᠤᠯᠠᠬᠤ ᠲᠥᠷᠥ ᠶᠢᠨ | ᠪᠣᠳᠣᠯᠭ᠎ᠠ ᠶᠢ ᠡᠳ᠋ᠯᠡᠬᠦ ᠶᠢ ᠵᠥᠪᠰᠢᠶᠡᠷᠡᠨ᠎ᠡ ᠃ ᠮᠥᠩᠭᠦᠨ ᠭᠦᠢᠯᠭᠡᠭᠡᠨ ᠤ ᠬᠦᠷᠢᠶᠡᠨ ᠤ ᠨᠡᠭᠡᠭᠡᠯᠲᠡ ᠬᠢᠵᠦ ᠰᠢᠨ᠎ᠡ ᠶᠢ | ᠡᠭᠦᠳᠬᠦ ᠶᠢ ᠭᠦᠨᠵᠡᠭᠡᠶᠢᠷᠡᠭᠦᠯᠵᠦ ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠢ | ᠠᠬᠢᠭᠤᠯᠵᠤ ᠂ ᠮᠥᠩᠭᠦᠨ ᠭᠦᠢᠯᠭᠡᠭᠡᠨ ᠤ ᠨᠡᠭᠡᠭᠡᠯᠲᠡ ᠶᠢ ᠡᠮᠬᠢ ᠵᠢᠷᠤᠮ ᠲᠠᠢ ᠪᠠᠷ ᠥᠷᠭᠡᠳᠬᠡᠬᠦ ᠬᠡᠷᠡᠭᠲᠡᠢ ᠃ ᠤᠯᠤᠰ | ᠠᠯᠤᠰᠯᠠᠭᠰᠠᠨ ᠺᠤᠮᠫᠠᠨᠢ ᠶᠢᠨ ᠳᠡᠪᠢᠰᠬᠡᠷᠲᠦ ᠵᠣᠭᠤᠰ ᠪᠠ ᠭᠠᠳᠠᠭᠠᠳᠤ ᠶᠢᠨ ᠵᠣᠭᠤᠰ ᠢ ᠨᠢᠭᠡ ᠴᠣᠭᠴᠠᠵᠢᠭᠤᠯᠤᠭᠰᠠᠨ ᠪᠡᠯᠡ | ᠮᠥᠩᠭᠦ ᠶᠢᠨ ᠴᠦᠭᠦᠷᠦᠮ ᠤᠨ ᠲᠤᠬᠠᠶᠢᠯᠠᠭᠰᠠᠨ ᠠᠵᠢᠯ ᠤᠨ ᠲᠤᠷᠰᠢᠯᠲᠠ ᠶᠢᠨ ᠴᠡᠭ ᠢ ᠥᠷᠭᠡᠳᠬᠡᠨ᠎ᠡ ᠃ ᠨᠥᠬᠦᠴᠡᠯ ᠳᠤ | ᠨᠡᠶᠢᠴᠡᠬᠦ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠬᠢᠷᠢ ᠲᠡᠩᠴᠡᠭᠰᠡᠨ ᠬᠢᠯᠢ ᠶᠢᠨ ᠭᠠᠳᠠᠨᠠᠬᠢ ᠬᠢᠵᠠᠭᠠᠷᠲᠤ | ᠬᠤᠷᠰᠢᠭᠴᠢ ᠶᠢᠨ ᠲᠤᠷᠰᠢᠯᠲᠠ ᠶᠢᠨ ᠴᠡᠭ ᠥᠷᠨᠢᠭᠦᠯᠬᠦ ᠶᠢ ᠲᠡᠮᠵᠢᠨ᠎ᠠ ᠃ ᠬᠢᠯᠢ ᠶᠢᠨ ᠳᠣᠲᠣᠷᠠᠬᠢ ᠬᠤᠭᠤᠴᠠᠭᠠᠲᠤ | ᠪᠠᠷᠠᠭ᠎ᠠ ᠶᠢᠨ ᠣᠨᠴᠠ ᠲᠣᠭᠲᠠᠭᠰᠠᠨ ᠲᠥᠷᠥᠯ ᠵᠦᠢᠯ ᠢᠶᠠᠷ ᠭᠤᠣᠯ ᠪᠤᠯᠭᠠᠬᠰᠠᠨ ᠬᠤᠭᠤᠴᠠᠭᠠᠲᠤ ᠪᠠᠷᠠᠭ᠎ᠠ ᠶᠢᠨ ᠵᠠᠬ᠎ᠠ | ᠳᠡᠯᠭᠡᠭᠦᠷ ᠤᠨ ᠨᠡᠭᠡᠭᠡᠯᠲᠡ ᠶᠢ ᠠᠬᠢᠭᠤᠯᠵᠤ ᠂ ᠣᠨᠴᠠ ᠲᠣᠭᠲᠠᠭᠰᠠᠨ ᠲᠥᠷᠥᠯ ᠵᠦᠢᠯ ᠤᠨ ᠬᠡᠪᠴᠢᠶ᠎ᠡ ᠶᠢ ᠥᠷᠭᠡᠳᠬᠡᠨ ᠂ | ᠬᠢᠯᠢ ᠶᠢᠨ ᠳᠣᠲᠣᠷᠠᠬᠢ ᠬᠤᠭᠤᠴᠠᠭᠠᠲᠤ ᠪᠠᠷᠠᠭ᠎ᠠ ᠶᠢᠨ ᠦᠢᠯᠡᠳᠬᠦᠨ ᠤ ᠳ᠋ᠦᠩᠨᠡᠨ ᠪᠤᠳᠣᠵᠤ ᠦᠨ᠎ᠡ ᠣᠯᠭᠤᠬᠤ ᠵᠡᠷᠭᠡ ᠣᠯᠠᠨ | ᠡᠰᠢᠵᠢᠭᠰᠡᠨ ᠨᠡᠭᠡᠭᠡᠯᠲᠡ ᠶᠢᠨ ᠠᠷᠭ᠎ᠠ ᠵᠠᠮ ᠢ ᠰᠦᠪᠡᠭᠴᠢᠯᠡᠨ᠎ᠡ ᠃ ᠨᠡᠩ ᠢᠳᠡᠪᠬᠢᠲᠡᠢ ᠨᠡᠭᠡᠭᠡᠯᠲᠡᠲᠤ ᠪᠦᠲᠦᠮᠵᠢᠲᠡᠢ | ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠴᠢᠳᠠᠪᠤᠷᠢᠲᠠᠨ ᠢ ᠬᠥᠮᠥᠵᠢᠭᠦᠯᠵᠦ ᠬᠡᠷᠡᠭᠯᠡᠬᠦ ᠲᠣᠭᠲᠠᠴᠠ ᠶᠢᠨ | ᠰᠢᠨ᠎ᠡ ᠶᠢ ᠡᠭᠦᠳᠴᠦ ᠂ ᠬᠥᠮᠥᠰ ᠤᠨ ᠶᠠᠪᠤᠯᠴᠠᠭ᠎ᠠ ᠶᠢ ᠳᠥᠭᠦᠮ ᠲᠦᠷᠭᠡᠨ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ | ᠲᠣᠳᠣᠷᠬᠠᠶᠢᠯᠠᠪᠠ ᠃ | ︽ᠰᠠᠨᠠᠯ︾ ᠳᠤ ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ | ᠡᠷᠴᠢᠮ ᠢᠶᠠᠨ ᠴᠢᠩᠭᠠᠷᠠᠭᠤᠯᠵᠤ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠃ ᠬᠤᠯᠪᠣᠭᠳᠠᠯ ᠪᠦᠬᠦᠢ ᠭᠠᠵᠠᠷ ᠣᠷᠣᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠴᠢᠩᠭᠠᠳᠬᠠᠵᠤ ᠂ ᠲᠦᠷᠦᠯ ᠵᠦᠢᠯ ᠂ ᠪᠡᠯᠡ ᠮᠥᠩᠭᠦ ᠂ ᠴᠢᠳᠠᠪᠤᠷᠢᠲᠠᠨ ᠵᠡᠷᠭᠡ ᠶᠢᠨ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠃ ᠡᠯ᠎ᠡ ᠰᠠᠯᠠᠭ᠎ᠠ ᠮᠥᠴᠢᠷ ᠤᠳ ᠲᠥᠷᠥᠯ ᠬᠤᠪᠢᠶᠠᠨ ᠵᠢᠯᠤᠭᠤᠳᠬᠤ ᠪᠠᠨ | ᠴᠢᠩᠭᠠᠳᠬᠠᠵᠤ ᠂ ᠪᠣᠳᠠᠲᠠᠢ ᠲᠠᠢ ᠪᠠᠨ ᠤᠶᠠᠯᠳᠤᠭᠤᠯᠤᠨ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠵᠦᠢᠯᠡᠰ ᠢ ᠴᠢᠯᠦᠭᠡᠲᠦ | ᠠᠷᠠᠯᠵᠢᠶᠠᠨ ᠤ ᠲᠤᠷᠰᠢᠯᠲᠠ ᠶᠢᠨ ᠣᠷᠣᠨ ᠳᠤ ᠲᠠᠯᠪᠢᠵᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠬᠡᠷᠡᠭᠲᠡᠢ ᠃ | ᠬᠤᠳᠠᠯᠳᠤᠭᠠᠨ ᠤ ᠶᠠᠪᠤᠳᠠᠯ ᠤᠨ ᠶᠠᠮᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠ ᠲᠤᠷᠰᠢᠯᠭ᠎ᠠ ᠶᠢ | ᠲᠡᠷᠡ ᠬᠡᠪ ᠢᠶᠠᠷ ᠨᠢ ᠳᠡᠯᠭᠡᠷᠡᠭᠦᠯᠬᠦ ᠠᠵᠢᠯ ᠢ ᠰᠠᠶᠢᠲᠤᠷ ᠬᠢᠵᠦ ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ | ᠪᠠᠶᠢᠯᠳᠤᠬᠤ ᠪᠣᠳᠣᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | |