ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 20 ᠤ ᠴᠠᠭᠢᠯᠭᠠᠨ ᠮᠡᠳᠡᠭᠡ 5 ᠰᠠᠷ᠎ᠠ ᠶᠢᠨ 20 ᠤ ᠡᠳᠦᠷ ᠂ | ᠤᠯᠤᠰ ᠤᠨ ᠲᠡᠷᠢᠭᠦᠯᠡᠭᠴᠢ ᠰᠢ ᠶᠢᠨ ᠫᠢᠩ 2025 ᠣᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ | ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ ᠃ | ᠰᠢ ᠶᠢᠨ ᠫᠢᠩ ᠂ ᠶᠠᠳᠠᠭᠤ ᠬᠦᠴᠢᠷᠳᠡᠯ ᠢ ᠠᠷᠢᠯᠭᠠᠬᠤ ᠪᠣᠯ ᠪᠦᠭᠦ ᠪᠥᠮᠪᠥᠷᠴᠡᠭ ᠤᠨ ᠴᠢᠨᠠᠷᠲᠠᠢ ᠬᠦᠴᠢᠷ ᠠᠰᠠᠭᠤᠳᠠᠯ | ᠪᠤᠯᠬᠤ ᠪᠥᠭᠡᠳ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠠᠷᠠᠯᠲᠠ ᠪᠣᠯᠣᠨ᠎ᠠ ᠃ ᠳᠤᠮᠳᠠᠳᠤ ᠤᠯᠤᠰ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ 10 ᠵᠢᠯ | ᠤᠷᠢᠳᠴᠢᠯᠠᠨ ᠪᠡᠶᠡᠯᠡᠭᠦᠯᠵᠦ ᠂ ᠳᠤᠮᠳᠠᠳᠤ ᠤᠯᠤᠰ ᠤᠨ ᠣᠨᠴᠠᠯᠢᠭ ᠪᠦᠬᠦᠢ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ ᠵᠠᠮ ᠢᠶᠠᠷ ᠵᠠᠮᠨᠠᠵᠤ ᠂ ᠬᠥᠮᠥᠨ ᠲᠥᠷᠥᠯᠬᠢᠲᠡᠨ ᠤ ᠶᠠᠳᠠᠭᠤ ᠬᠦᠴᠢᠷᠳᠡᠯ ᠢ ᠡᠰᠡᠷᠭᠦᠴᠡᠬᠦ ᠲᠡᠦᠬᠡ ᠶᠢᠨ ᠰᠢᠨ᠎ᠡ | ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠠᠰᠠᠭᠤᠳᠠᠯ ᠪᠣᠯ ᠡᠴᠦᠰ ᠤᠨ | ᠡᠴᠦᠰ ᠲᠡᠭᠡᠨ ᠬᠥᠭᠵᠢᠯᠲᠡ ᠶᠢᠨ ᠠᠰᠠᠭᠤᠳᠠᠯ ᠪᠣᠯᠣᠨ᠎ᠠ ᠃ ᠣᠶᠢᠷ᠎ᠠ ᠶᠢᠨ ᠵᠢᠯ ᠠᠴᠠ ᠂ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ | ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ ᠂ ᠢᠯᠡᠳᠲᠡ ᠦᠷ᠎ᠡ ᠪᠦᠲᠦᠮᠵᠢ ᠣᠯᠪᠠ ᠃ ᠳᠤᠮᠳᠠᠳᠤ ᠤᠯᠤᠰ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠂ ᠳᠤᠷᠠᠲᠠᠶ᠎ᠠ | ᠡᠯ᠎ᠡ ᠲᠠᠯ᠎ᠠ ᠶᠢᠨ ᠬᠢᠨ ᠲᠠᠢ ᠲᠦᠷᠦ ᠶᠢᠨ ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠲᠤᠷᠰᠢᠯᠭ᠎ᠠ ᠪᠠᠨ ᠬᠤᠪᠢᠶᠠᠯᠴᠠᠵᠤ ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠨᠡᠩ ᠤᠯᠠᠨ ᠤᠯᠤᠰ ᠢ ᠬᠠᠪᠰᠤᠷᠤᠨ ᠲᠤᠰ ᠤᠯᠤᠰ ᠤᠨ ᠢᠶᠠᠨ ᠪᠠᠶᠢᠳᠠᠯ ᠳᠤ | ᠨᠡᠶᠢᠴᠡᠭᠰᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ ᠵᠠᠮ ᠢ | ᠰᠦᠪᠡᠭᠴᠢᠯᠡᠵᠦ ᠂ ᠶᠠᠳᠠᠭᠤ ᠬᠦᠴᠢᠷᠳᠡᠯ ᠠᠴᠠ ᠵᠠᠶᠢᠳᠠᠭᠰᠠᠨ ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ | ᠳᠡᠯᠡᠬᠡᠢ ᠶᠢᠷᠲᠢᠨᠴᠦ ᠶᠢ ᠭᠠᠷ ᠬᠤᠯᠪᠣᠯᠴᠠᠨ ᠪᠦᠲᠦᠭᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ ᠃ | ᠲᠤᠰ ᠤᠳᠠᠭ᠎ᠠ ᠶᠢᠨ ᠶᠠᠷᠢᠶᠠᠨ ᠤ ᠲᠠᠪᠴᠠᠩ ᠲᠤᠬᠠᠢ ᠶᠢᠨ ᠡᠳᠦᠷ ᠱᠠᠨᠰᠢ ᠶᠢᠨ ᠰᠢ ᠠᠨ ᠳᠤ ᠡᠬᠢᠯᠡᠪᠡ ᠂ ︽ | ᠦᠷᠭᠦᠯᠵᠢᠯᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠵᠦ ᠬᠠᠮᠲᠤᠷᠠᠯᠴᠠᠨ ᠬᠥᠭᠵᠢᠨ᠎ᠡ — ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ ᠪᠠᠶᠢᠵᠤ ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠶᠢᠨ ᠵᠥᠪᠯᠡᠯ | ᠪᠣᠯᠣᠨ ᠱᠠᠨᠰᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠪᠡ ᠃ | |