ᠰᠢᠨᠬᠤᠸᠠ ᠬᠤᠷᠢᠶ᠎ᠠ ᠶᠢᠨ ᠵᠧᠩᠵᠧᠦ ᠶᠢᠨ 5 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠾᠧᠨᠠᠨ ᠳᠤ ᠰᠢᠨᠵᠢᠯᠡᠨ | ᠪᠠᠶᠢᠴᠠᠭᠠᠬᠤ ᠳᠠᠭᠠᠨ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠾᠧᠨᠠᠨ ᠮᠤᠵᠢ ᠶᠢᠨ ᠬᠢᠨ ᠨᠠᠮ ᠤᠨ ᠲᠥᠪ ᠬᠤᠷᠢᠶ᠎ᠠ ᠶᠢᠨ | ᠳᠤᠮᠳᠠᠳᠤ ᠣᠷᠣᠨ ᠢ ᠲᠦᠷᠭᠡᠨ ᠬᠥᠭᠵᠢᠭᠦᠯᠬᠦ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠵᠡᠷᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠪᠠ ᠬᠥᠳᠡᠭᠡ ᠠᠵᠤ ᠠᠬᠤᠢ ᠶᠢᠨ ᠬᠦᠴᠦᠷᠬᠡᠭ ᠮᠤᠵᠢ ᠶᠢ ᠬᠦᠴᠦᠯᠡᠨ ᠪᠠᠶᠢᠭᠤᠯᠵᠤ ᠂ ᠠᠷᠠᠳ ᠤᠨ | ᠠᠮᠢᠳᠤᠷᠠᠯ ᠢ ᠬᠦᠴᠦᠯᠡᠨ ᠰᠠᠶᠢᠵᠢᠷᠠᠭᠤᠯᠵᠤ ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ ᠂ ᠰᠣᠶᠣᠯ ᠤᠨ ᠴᠡᠴᠡᠭᠯᠡᠯ ᠬᠥᠭᠵᠢᠯ ᠢ ᠬᠦᠴᠦᠯᠡᠨ ᠠᠬᠢᠭᠤᠯᠵᠤ ᠂ | ᠴᠢᠨᠠᠷ ᠰᠠᠶᠢᠲᠠᠢ ᠬᠥᠭᠵᠢᠯᠲᠡ ᠪᠠ ᠥᠨᠳᠥᠷ ᠪᠦᠲᠦᠮᠵᠢᠲᠡᠢ ᠵᠠᠰᠠᠯᠲᠠ ᠪᠠᠷ ᠳᠤᠮᠳᠠᠳᠤ ᠣᠷᠣᠨ ᠤ ᠡᠬᠡ ᠭᠠᠵᠠᠷ ᠲᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠵᠠᠢ ᠃ | | | | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 19 ᠤ ᠦᠳᠡ ᠶᠢᠨ ᠬᠤᠶᠢᠨ᠎ᠠ ᠂ ᠰᠢ | ᠶᠢᠨ ᠫᠢᠩ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠣᠶᠤᠨᠴᠢ | ᠦᠢᠯᠡᠳᠪᠦᠷᠢ ᠳᠤ ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠲᠠᠢ ᠬᠠᠮᠲᠤ ᠪᠠᠶᠢᠭ᠎ᠠ ᠨᠢ ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 5 ᠰᠠᠷ᠎ᠠ ᠶᠢᠨ 19 ᠠᠴᠠ 20 ᠤ ᠡᠳᠦᠷ ᠪᠤᠯᠲᠠᠯ᠎ᠠ ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠯᠢᠦ ᠨᠢᠩ ᠪᠣᠯᠣᠨ ᠮᠤᠵᠢ ᠶᠢᠨ ᠳᠠᠷᠤᠭ᠎ᠠ ᠸᠠᠩ ᠺᠠᠢ ᠶᠢᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ | ᠯᠦᠧᠧᠶᠠᠩ ᠂ ᠵᠧᠩᠵᠧᠦ ᠳᠤ ᠬᠦᠷᠴᠦ ᠰᠢᠨᠵᠢᠯᠡᠨ ᠪᠠᠶᠢᠴᠠᠭᠠᠪᠠ ᠃ | | | | | | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ ᠃ ᠵᠢᠷᠤᠭ ᠪᠣᠯ 19 ᠤ ᠦᠳᠡ ᠶᠢᠨ ᠬᠤᠶᠢᠨ᠎ᠠ ᠂ ᠰᠢ | ᠶᠢᠨ ᠫᠢᠩ ᠯᠦᠧᠧᠶᠠᠩ ᠤᠨ ᠯᠦᠩᠮᠧᠨ ᠤ ᠴᠢᠯᠠᠭᠤᠨ ᠠᠭᠤᠢ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠤᠯᠴᠢᠯᠠᠬᠰᠡᠳ ᠲᠠᠢ | ᠳᠣᠲᠣᠨᠣ ᠪᠠᠷ ᠶᠠᠷᠢᠯᠴᠠᠵᠤ ᠪᠠᠶᠢᠭ᠎ᠠ ᠨᠢ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 19 ᠤ ᠦᠳᠡ ᠶᠢᠨ ᠬᠤᠶᠢᠨ᠎ᠠ ᠂ ᠰᠢ ᠶᠢᠨ ᠫᠢᠩ ᠡᠩ ᠲᠡᠷᠢᠭᠦᠨ ᠳᠤ ᠯᠦᠧᠧᠶᠠᠩ ᠤᠨ ᠬᠤᠯᠬᠤᠪᠴᠢ ᠶᠢᠨ ᠪᠦᠯᠦᠭᠯᠡᠯ | ᠬᠤᠪᠢᠴᠠᠭᠠᠳᠤ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ ᠃ ᠲᠤᠰ ᠺᠤᠮᠫᠠᠨᠢ ᠪᠣᠯ ︽ᠠᠩᠬᠠᠳᠤᠭᠠᠷ ᠲᠠᠪᠤᠨ | ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ ᠤᠤᠯ ᠤᠨ ᠯᠦᠧᠧᠶᠠᠩ ᠤᠨ ᠬᠤᠯᠬᠤᠪᠴᠢ ᠶᠢᠨ | ᠦᠢᠯᠡᠳᠪᠦᠷᠢ ᠪᠣᠯᠣᠨ᠎ᠠ ᠃ ᠣᠶᠤᠨᠴᠢ ᠦᠢᠯᠡᠳᠪᠦᠷᠢ ᠳᠤ ᠂ ᠰᠢ ᠶᠢᠨ ᠫᠢᠩ ᠠᠵᠤ ᠠᠬᠤᠶᠢᠯᠠᠯ ᠤᠨ ᠬᠥᠭᠵᠢᠯᠲᠡ ᠶᠢᠨ | ᠶᠠᠪᠤᠴᠠ ᠶᠢ ᠣᠶᠢᠯᠠᠭᠠᠵᠤ ᠂ ᠠᠳᠠᠯᠢ ᠪᠤᠰᠤ ᠲᠥᠷᠥᠯ ᠭᠡᠯᠪᠡᠷᠢ ᠶᠢᠨ ᠬᠤᠯᠬᠤᠪᠴᠢ ᠶᠢᠨ ᠦᠢᠯᠡᠳᠬᠦᠨ ᠤ ᠬᠡᠷᠡᠭᠴᠡᠭᠡ ᠪᠣᠯᠣᠨ | ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ ᠂ ᠦᠢᠯᠡᠳᠪᠦᠷᠢᠯᠡᠯ ᠤᠨ ᠱᠤᠭᠤᠮ ᠤᠨ ᠳᠡᠷᠭᠡᠳᠡ ᠬᠦᠷᠴᠦ | ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ ᠃ ᠲᠡᠷᠡ ᠬᠦᠷᠢᠶᠡᠯᠡᠨ ᠢᠷᠡᠭᠰᠡᠨ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠳᠤ ᠂ ᠦᠢᠯᠡᠳᠬᠦ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠮᠥᠨ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠦᠢᠯᠡᠳᠬᠦ ᠦᠢᠯᠡᠰ ᠤᠨ ᠳᠠᠪᠠᠭᠤᠯᠢᠭ | ᠵᠦᠢ ᠵᠣᠬᠢᠰᠲᠠᠢ ᠬᠤᠪᠢ ᠶᠢᠨ ᠵᠢᠩ ᠢ ᠪᠠᠲᠤᠯᠠᠬᠤ ᠬᠡᠷᠡᠭᠲᠡᠢ ᠃ ᠤᠳᠤ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠣᠯᠭᠤᠬᠤ ᠠᠴᠠ ᠰᠠᠯᠵᠤ ᠴᠢᠳᠠᠬᠤ ᠦᠭᠡᠢ ᠶᠤᠮ ᠂ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ | ᠵᠠᠮᠨᠠᠬᠤ ᠬᠡᠷᠡᠭᠲᠡᠢ ᠭᠡᠵᠦ ᠬᠡᠯᠡᠪᠡ ᠃ ᠲᠡᠷᠡ ᠠᠵᠢᠯᠲᠠᠨ ᠠᠵᠢᠯᠴᠢᠨ ᠢ ᠡᠵᠡᠨ ᠬᠥᠮᠥᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ | ᠠᠵᠤ ᠠᠬᠤᠶᠢᠯᠠᠯ ᠢ ᠬᠥᠭᠵᠢᠭᠦᠯᠬᠦ ᠪᠠᠷ ᠴᠢᠷᠮᠠᠶᠢᠨ ᠠᠵᠢᠯᠯᠠᠵᠤ ᠂ ᠢᠯᠡᠭᠦᠬᠡᠨ ᠬᠤᠪᠢ ᠨᠡᠮᠡᠷᠢ ᠦᠵᠡᠭᠦᠯᠦᠭᠡᠷᠡᠢ ᠭᠡᠵᠦ | ᠵᠣᠷᠢᠭᠵᠢᠭᠤᠯᠪᠠ ᠃ | ᠲᠠᠷᠠᠭ᠎ᠠ ᠨᠢ ᠂ ᠰᠢ ᠶᠢᠨ ᠫᠢᠩ ᠵᠡᠭᠦᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠴᠠᠭᠠᠨ ᠮᠣᠷᠢᠨ ᠰᠦᠮ᠎ᠡ ᠳᠤ | ᠬᠦᠷᠴᠦ ᠰᠢᠨᠵᠢᠯᠡᠨ ᠪᠠᠶᠢᠴᠠᠭᠠᠵᠤ ᠂ ᠪᠤᠷᠬᠠᠨ ᠱᠠᠰᠢᠨ ᠤ ᠳᠤᠮᠳᠠᠳᠤ ᠤᠯᠤᠰᠴᠢᠯᠠᠭᠰᠠᠨ ᠪᠠ ᠰᠦᠮ᠎ᠡ ᠬᠡᠶᠢᠳ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ ᠃ ᠲᠡᠷᠡ ᠂ ᠴᠠᠭᠠᠨ ᠮᠣᠷᠢᠨ ᠰᠦᠮ᠎ᠡ ᠨᠢ | ᠪᠤᠷᠬᠠᠨ ᠱᠠᠰᠢᠨ ᠤᠯᠠᠮᠵᠢᠯᠠᠭᠳᠠᠨ ᠢᠷᠡᠵᠤ ᠂ ᠬᠥᠭᠵᠢᠭᠰᠡᠨ ᠪᠠ ᠲᠠᠰᠤᠷᠠᠯᠲᠠ ᠦᠭᠡᠢ ᠳᠤᠮᠳᠠᠳᠤ ᠤᠯᠤᠰᠴᠢᠯᠠᠭᠰᠠᠨ | ᠠᠬᠢᠴᠠ ᠶᠢ ᠭᠡᠷᠡᠴᠢᠯᠡᠵᠦ ᠪᠤᠢ ᠃ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ | ᠪᠠᠷᠢᠮᠲᠠᠯᠠᠬᠤ ᠪᠣᠯ ᠪᠦᠷᠢᠮᠦᠰᠦᠨ ᠵᠥᠪ ᠭᠡᠳᠡᠭ ᠢ ᠲᠡᠦᠬᠡ ᠭᠡᠷᠡᠴᠢᠯᠡᠪᠡ ᠂ ᠱᠠᠰᠢᠨ ᠰᠤᠷᠲᠠᠬᠤᠨ ᠢ ᠢᠳᠡᠪᠬᠢᠲᠡᠢ ᠬᠥᠲᠥᠯᠥᠨ | ᠵᠢᠯᠤᠭᠤᠳᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠯᠤᠭ᠎ᠠ ᠠᠭᠤᠰᠤᠯᠴᠠᠭᠤᠯᠵᠤ ᠂ ᠨᠡᠶᠢᠭᠡᠮ ᠵᠢᠷᠤᠮᠲᠤ ᠨᠡᠶᠢᠭᠡᠮ | ᠯᠦᠭᠡ ᠵᠣᠬᠢᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ ᠃ | 1500 ᠭᠠᠷᠤᠢ ᠵᠢᠯ ᠤᠨ ᠲᠡᠦᠬᠡ ᠲᠠᠢ ᠯᠦᠩᠮᠧᠨ ᠤ ᠴᠢᠯᠠᠭᠤᠨ ᠠᠭᠤᠢ ᠪᠣᠯ ᠳᠡᠯᠡᠬᠡᠢ ᠶᠢᠨ ᠴᠢᠬᠤᠯᠠ ᠰᠣᠶᠣᠯ ᠤᠨ | ᠥᠪ ᠪᠣᠯᠣᠨ᠎ᠠ ᠃ ᠰᠢ ᠶᠢᠨ ᠫᠢᠩ ᠠᠳᠡ ᠢᠷᠡᠵᠤ ᠂ ᠴᠢᠯᠠᠭᠤᠨ ᠠᠭᠤᠢ ᠶᠢᠨ ᠪᠦᠬᠦᠯᠢ ᠴᠣᠭᠴᠠ ᠶᠢᠨ | ᠪᠠᠶᠢᠷᠢᠰᠢᠭᠤᠯᠤᠯᠲᠠ ᠶᠢᠨ ᠳᠦᠷᠰᠦ ᠪᠠᠶᠢᠳᠠᠯ ᠪᠣᠯᠣᠨ ᠲᠥᠯᠥᠭᠡᠯᠡᠬᠦ ᠴᠢᠨᠠᠷᠲᠠᠢ ᠠᠭᠤᠢ ᠶᠢᠨ ᠭᠦᠩᠭᠠᠷᠠᠪᠠ ᠂ ᠭᠦᠷᠦᠭ ᠵᠢᠷᠤᠭ ᠢ | ᠪᠠᠶᠢᠴᠠᠭᠠᠨ ᠦᠵᠡᠵᠦ ᠂ ᠲᠤᠬᠠᠢ ᠶᠢᠨ ᠲᠠᠯᠠᠪᠠᠢ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ | ᠠᠵᠢᠯᠲᠠᠳ ᠲᠠᠢ ᠳᠣᠲᠣᠨᠣ ᠪᠠᠷ ᠶᠠᠷᠢᠯᠴᠠᠪᠠ ᠃ ᠲᠡᠷᠡ ᠂ ᠡᠳᠡᠭᠡᠷ ᠳᠤᠮᠳᠠᠳᠤ ᠶᠢᠨ ᠰᠣᠶᠣᠯ ᠤᠨ ᠦᠨᠡᠲᠦ ᠡᠷᠳᠡᠨᠢ ᠶᠢ | ᠰᠠᠶᠢᠲᠤᠷ ᠬᠠᠮᠠᠭᠠᠯᠠᠵᠤ ᠂ ᠰᠠᠶᠢᠲᠤᠷ ᠤᠯᠠᠮᠵᠢᠯᠠᠵᠤ ᠂ ᠰᠠᠶᠢᠲᠤᠷ ᠵᠠᠯᠭᠠᠮᠵᠢᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠵᠢᠭᠤᠯᠴᠢᠯᠠᠬᠰᠠᠳ ᠶᠡᠷᠦᠩᠬᠡᠢ ᠱᠦᠵᠢ ᠶᠢ ᠣᠯᠵᠤ ᠦᠵᠡᠭᠡᠳ ᠮᠠᠰᠢ ᠪᠠᠶᠠᠷᠯᠠᠵᠤ ᠶᠡᠷᠦᠩᠬᠡᠢ ᠱᠦᠵᠢ ᠲᠠᠢ ᠮᠡᠨᠳᠦᠴᠢᠯᠡᠵᠦ | ᠪᠠᠶᠢᠯ᠎ᠠ ᠃ ᠰᠢ ᠶᠢᠨ ᠫᠢᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ ᠂ ᠪᠢᠴᠢᠬᠠᠨ ᠨᠠᠶᠢᠵᠠ ᠨᠠᠷ ᠢ ᠲᠤᠬᠠᠢ ᠶᠢᠨ | ᠭᠠᠵᠠᠷ ᠲᠤᠨᠢ ᠢᠯᠡᠭᠦᠬᠡᠨ ᠣᠴᠢᠵᠤ ᠳᠤᠮᠳᠠᠳᠤ ᠶᠢᠨ ᠰᠣᠶᠣᠯ ᠢ ᠡᠷᠢᠯᠬᠢᠯᠡᠵᠦ ᠂ ᠬᠠᠷᠠᠬᠠᠨ ᠪᠠᠭ᠎ᠠ ᠠᠴᠠ ᠪᠠᠨ ᠰᠣᠶᠣᠯ ᠤᠨ | ᠢᠲᠡᠭᠡᠯ ᠢ ᠪᠤᠢ ᠪᠤᠯᠭᠠᠬᠤ ᠶᠢ ᠣᠨᠴᠠᠭᠠᠶᠢᠯᠠᠨ ᠵᠣᠷᠢᠭᠵᠢᠭᠤᠯᠪᠠ ᠃ ᠲᠡᠷᠡ ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ | ᠢᠷᠡᠭᠡᠳᠦᠢ ᠭᠡᠭᠡᠨ ᠰᠠᠷᠠᠭᠤᠯ ᠶᠤᠮ ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠂ ᠦᠨᠡᠨ ᠬᠦ ᠲᠤᠯᠭᠠᠭᠤᠷᠢ ᠠᠵᠤ ᠦᠢᠯᠡᠰ ᠂ ᠠᠷᠠᠳ ᠤᠨ ᠠᠮᠢᠳᠤᠷᠠᠯ ᠤᠨ ᠠᠵᠤ ᠦᠢᠯᠡᠰ ᠂ ᠵᠣᠯ ᠵᠢᠷᠭᠠᠯᠲᠤ | ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃ | 20 ᠤ ᠦᠳᠡ ᠶᠢᠨ ᠡᠮᠦᠨ᠎ᠡ ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠾᠧᠨᠠᠨ ᠤ ᠡᠯ᠎ᠡ ᠲᠠᠯ᠎ᠠ ᠶᠢᠨ ᠣᠯᠣᠭᠰᠠᠨ | ᠠᠮᠵᠢᠯᠲᠠ ᠶᠢ ᠨᠤᠲᠠᠯᠠᠵᠤ ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ ᠃ | ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ ᠬᠠᠨᠳᠤᠵᠤ ᠂ ᠢᠲᠡᠭᠡᠯ | ᠵᠣᠷᠢᠭ ᠢᠶᠠᠨ ᠪᠠᠲᠤᠳᠬᠠᠵᠤ ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠵᠦ ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠂ | ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ ᠂ ᠴᠢᠨᠠᠷ ᠰᠠᠶᠢᠲᠠᠢ ᠬᠥᠭᠵᠢᠯᠲᠡ ᠶᠢᠨ ᠲᠣᠬᠲᠠᠭᠠᠯᠲᠤ ᠴᠢᠨᠠᠷ ᠢᠶᠠᠷ ᠡᠯ᠎ᠡ | ᠵᠦᠢᠯ ᠤᠨ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ ᠃ ᠾᠧᠨᠠᠨ ᠠᠵᠤ ᠠᠬᠤᠢ ᠶᠢᠨ ᠲᠣᠮᠣ ᠮᠤᠵᠢ | ᠪᠣᠯᠤᠭᠰᠠᠨ ᠤ ᠬᠤᠪᠢ ᠳᠤ ᠂ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ ᠰᠠᠭᠤᠷᠢ ᠶᠢ ᠤᠯᠠᠮ ᠨᠢᠭᠡ ᠠᠯᠬᠤᠮ | ᠪᠠᠬᠢᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠤ ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠴᠢᠨᠠᠷ ᠰᠠᠶᠢᠲᠠᠢ ᠬᠥᠭᠵᠢᠯᠲᠡ ᠳᠠᠬᠢ ᠲᠤᠯᠭᠠᠭᠤᠷᠢᠯᠠᠬᠤ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠨ ᠂ ᠣᠲᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠂ ᠬᠤᠲᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠪᠠᠷ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠨ ᠂ ᠬᠤᠲᠠ | ᠬᠥᠳᠡᠭᠡ ᠶᠢᠨ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ ᠃ ᠭᠤᠣᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠵᠠᠰᠠᠯᠲᠠ ᠶᠢ ᠴᠥᠬᠦᠷᠡᠰᠢ ᠦᠭᠡᠢ ᠴᠢᠩᠭᠠᠳᠬᠠᠵᠤ ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠤᠯᠲᠠ ᠶᠢ ᠭᠦᠨᠵᠡᠭᠡᠶᠢᠷᠡᠭᠦᠯᠦᠨ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠾᠧᠨᠠᠨ ᠤ ᠬᠥᠮᠥᠨ ᠠᠮᠠ ᠶᠢᠨ ᠶᠡᠷᠦᠩᠬᠡᠢ ᠬᠡᠮᠵᠢᠶ᠎ᠡ ᠂ ᠬᠥᠮᠥᠨ ᠠᠮᠠ ᠶᠢᠨ ᠨᠢᠭᠲᠠᠴᠠ ᠂ ᠬᠥᠮᠥᠨ | ᠠᠮᠠ ᠶᠢᠨ ᠨᠡᠭᠦᠳᠡᠯ ᠤᠨ ᠬᠡᠮᠵᠢᠶ᠎ᠡ ᠪᠦᠷ ᠨᠡᠯᠢᠶᠡᠳ ᠶᠡᠭᠡ ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ ᠤᠯᠠᠨ | ᠶᠠᠩᠵᠤ ᠶᠢᠨ ᠪᠠᠶᠢᠳᠠᠭ ᠪᠣᠯᠬᠤᠷ ᠡᠷᠬᠡᠪᠰᠢ ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠴᠢᠩᠭᠠᠳᠬᠠᠬᠤ ᠬᠡᠷᠡᠭᠲᠡᠢ ᠃ | ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠨᠡᠶᠢᠭᠡᠮ ᠤᠨ ᠵᠠᠰᠠᠯᠲᠠ ᠶᠢᠨ ᠪᠠᠶᠢᠭᠤᠯᠤᠯ | ᠲᠣᠭᠲᠠᠴᠠ ᠶᠢ ᠪᠦᠷᠢᠨᠰᠢᠭᠦᠯᠵᠦ ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠂ ᠰᠢᠨ᠎ᠡ ᠨᠡᠶᠢᠭᠡᠮ ᠤᠨ ᠵᠣᠬᠢᠶᠠᠨ | ᠪᠠᠶᠢᠭᠤᠯᠤᠯᠲᠠ ᠂ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ | ᠬᠡᠷᠡᠭᠲᠡᠢ ᠃ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠨ ᠤᠯᠠᠨ ᠲᠦᠮᠡᠨ ᠢ ᠨᠡᠩ ᠰᠠᠶᠢᠲᠤᠷ ᠨᠢᠭᠲᠠᠷᠠᠭᠤᠯᠵᠤ ᠂ ᠤᠯᠠᠨ | ᠲᠦᠮᠡᠨ ᠤ ᠠᠰᠢᠭ ᠲᠤᠰᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ ᠂ ᠤᠯᠠᠨ ᠨᠡᠶᠢᠲᠡ ᠶᠢᠨ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠵᠦ ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠬᠦ ᠬᠡᠷᠡᠭᠲᠡᠢ ᠃ ᠦᠨᠳᠦᠰᠦᠨ ᠱᠠᠲᠤ ᠶᠢ ᠠᠳᠬᠤᠬᠤ ᠂ ᠰᠠᠭᠤᠷᠢ ᠶᠢ | ᠪᠠᠬᠢᠵᠢᠭᠦᠯᠬᠦ ᠂ ᠦᠨᠳᠦᠰᠦ ᠶᠢ ᠪᠠᠬᠢᠵᠢᠭᠦᠯᠬᠦ ᠶᠢ ᠲᠤᠪᠤᠶᠢᠯᠭᠠᠵᠤ ᠂ ᠡᠬᠢ ᠪᠠᠶᠠᠯᠢᠭ ᠂ ᠦᠢᠯᠡᠴᠢᠯᠡᠭᠡ ᠂ ᠬᠠᠮᠢᠶᠠᠷᠤᠯᠲᠠ ᠶᠢ | ᠳᠣᠷᠣᠭᠰᠢ ᠪᠠᠭᠤᠯᠭᠠᠬᠤ ᠶᠢ ᠠᠬᠢᠭᠤᠯᠵᠤ ᠂ ᠨᠡᠶᠢᠭᠡᠮ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠡᠴᠦᠰ ᠲᠤᠨᠢ ᠲᠤᠯᠲᠠᠯ᠎ᠠ | ᠬᠢᠬᠦ ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠃ ᠬᠠᠤᠯᠢ ᠪᠠᠷ ᠵᠠᠰᠠᠬᠤ ᠪᠠ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠡᠶᠢᠭᠡᠮ ᠤᠨ ᠵᠠᠰᠠᠯᠲᠠ ᠳᠠᠬᠢ ᠬᠠᠤᠯᠢ ᠪᠠᠷ | ᠵᠠᠰᠠᠬᠤ ᠶᠢᠨ ᠵᠢᠷᠤᠮᠵᠢᠯ ᠪᠠ ᠪᠠᠲᠤᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ᠦᠨᠡᠨᠴᠢ ᠢᠲᠡᠭᠡᠮᠵᠢᠲᠡᠢ ᠪᠠᠶᠢᠬᠤ | ᠦᠷᠳᠡᠭ ᠤᠨ ᠵᠢᠯᠣᠭᠤᠳᠤᠯᠭ᠎ᠠ ᠶᠢ ᠴᠢᠩᠭᠠᠳᠬᠠᠵᠤ ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠂ ᠠᠵᠤ ᠠᠬᠤᠶᠢᠯᠠᠯ ᠤᠨ | ᠦᠨᠡᠨᠴᠢ ᠢᠲᠡᠭᠡᠮᠵᠢ ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠠᠶᠤᠯ | ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠴᠢᠩᠭ᠎ᠠ ᠠᠩᠬᠠᠷᠴᠤ ᠂ ᠨᠡᠶᠢᠭᠡᠮ ᠤᠨ ᠠᠮᠤᠷ | ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠭᠤᠣᠯᠳᠠᠯᠭ᠎ᠠ ᠲᠠᠢ ᠬᠦᠷᠢᠶᠡᠨ ᠳᠠᠬᠢ | ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ | ᠬᠦ ᠬᠠᠮᠠᠭᠠᠯᠠᠬᠤ ᠬᠡᠷᠡᠭᠲᠡᠢ ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ | ᠭᠠᠷᠭᠠᠵᠤ ᠂ ᠨᠡᠶᠢᠭᠡᠮ ᠤᠨ ᠵᠠᠰᠠᠯᠲᠠ ᠶᠢ ᠠᠬᠢᠭᠤᠯᠬᠤ ᠳᠤᠮᠳᠠ ᠰᠢᠨ᠎ᠡ ᠪᠠᠶᠢᠳᠠᠯ ᠳᠣᠣᠷᠠᠬᠢ ᠨᠠᠮ ᠤᠨ ᠤᠯᠠᠨ ᠲᠦᠮᠡᠨ ᠤ | ᠠᠵᠢᠯ ᠤᠨ ᠵᠢᠮ᠎ᠡ ᠶᠣᠰᠣ ᠶᠢ ᠳ᠋ᠦᠩᠨᠡᠬᠦ ᠳᠡᠭᠡᠨ ᠴᠢᠳᠠᠮᠠᠭᠠᠢ ᠪᠠᠶᠢᠵᠤ ᠂ ᠠᠳᠠᠯᠢ ᠪᠤᠰᠤ ᠨᠡᠶᠢᠭᠡᠮ ᠤᠨ ᠬᠠᠮᠲᠤᠯᠢᠭ ᠤᠨ | ᠣᠨᠴᠠᠯᠢᠭ ᠲᠤ ᠴᠢᠭᠯᠡᠭᠦᠯᠦᠨ ᠠᠵᠢᠯ ᠢᠶᠠᠨ ᠨᠠᠷᠢᠯᠢᠭ ᠪᠣᠳᠠᠲᠠᠢ ᠬᠢᠬᠦ ᠬᠡᠷᠡᠭᠲᠡᠢ ᠃ ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ | ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠂ ᠦᠨᠳᠦᠰᠦᠨ ᠱᠠᠲᠤᠨ ᠤ ᠺᠠᠳ᠋ᠷᠴᠤᠳ ᠤᠨ | ᠵᠣᠷᠢᠭᠲᠠᠢ ᠪᠠᠷ ᠠᠵᠢᠯ ᠬᠢᠵᠦ ᠂ ᠢᠲᠡᠭᠡᠯ ᠬᠦᠨᠳᠦ ᠲᠠᠢ ᠪᠤᠯᠬᠤ ᠶᠢ ᠳᠡᠮᠵᠢᠵᠦ ᠂ ᠣᠯᠠᠨ ᠲᠦᠮᠡᠨ ᠤ ᠥᠪᠡᠷ ᠤᠨ | ᠬᠦᠴᠦᠨ ᠳᠡᠭᠡᠨ ᠲᠦᠰᠢᠭᠯᠡᠨ ᠨᠡᠶᠢᠭᠡᠮ ᠤᠨ ᠵᠠᠰᠠᠯᠲᠠ ᠳᠠᠬᠢ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠬᠦ ᠬᠡᠷᠡᠭᠲᠡᠢ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠲᠠᠢ | ᠠᠵᠢᠯᠯᠠᠭ᠎ᠠ ᠮᠥᠨ ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ ᠠᠷᠭ᠎ᠠ | ᠬᠡᠮᠵᠢᠶ᠎ᠡ ᠮᠥᠨ ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ ᠃ | ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ | ᠣᠷᠣᠭᠤᠯᠵᠤ ᠂ ᠨᠠᠮ ᠤᠨ ᠭᠡᠰᠢᠭᠦᠨ ᠺᠠᠳ᠋ᠷ ᠤᠨ ᠬᠤᠪᠢ ᠬᠥᠮᠥᠨ ᠤ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ | ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠵᠤ ᠂ ᠣᠪᠣᠷ | ᠰᠤᠷᠲᠠᠯ ᠤᠨ ᠴᠢᠩᠭ᠎ᠠ ᠱᠠᠭᠠᠷᠳᠠᠯᠭ᠎ᠠ ᠶᠢ ᠦᠨᠡᠨ ᠬᠦ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ ᠂ ᠲᠡᠮᠦᠷ ᠮᠡᠲᠦ | ᠶᠣᠰᠣ ᠳᠦᠷᠢᠮ ᠢ ᠪᠤᠢ ᠪᠤᠯᠭᠠᠵᠤ ᠂ ᠰᠤᠷᠤᠯᠴᠠᠪᠠᠯ ᠴᠢᠨᠠᠷ ᠰᠠᠶᠢᠲᠠᠢ ᠂ ᠪᠠᠶᠢᠴᠠᠭᠠᠪᠠᠯ ᠡᠷᠴᠢᠮ ᠲᠠᠢ ᠂ ᠰᠠᠶᠢᠵᠢᠷᠠᠭᠤᠯᠪᠠᠯ ᠦᠷ᠎ᠡ | ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ ᠃ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠤᠭᠤᠳᠬᠤ ᠳᠤᠭᠤᠶᠢᠯᠠᠩ | ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠳᠡᠭᠡᠷ᠎ᠡ ᠲᠠᠯᠪᠢᠵᠤ ᠂ ᠨᠠᠷᠢᠯᠢᠭ ᠣᠨᠣᠴᠠᠲᠠᠢ ᠵᠢᠯᠤᠭᠤᠳᠴᠤ ᠂ ᠡᠷᠬᠡᠪᠰᠢ ᠪᠣᠳᠠᠲᠤ ᠦᠷ᠎ᠡ | ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠡᠨᠡ ᠵᠢᠯ ᠠᠴᠠ ᠨᠠᠭᠠᠰᠢ ᠂ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠭᠠᠩ ᠬᠠᠭᠰᠠᠷᠠᠭᠠᠨ | ᠡᠭᠦᠰᠴᠦ ᠂ ᠵᠠᠷᠢᠮ ᠨᠢ ᠪᠠᠰᠠ ᠦᠷᠭᠦᠯᠵᠢᠯᠡᠵᠦ ᠪᠤᠢ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠲᠠ | ᠬᠠᠮᠵᠢᠯᠴᠠᠨ ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ | ᠤᠰᠤ ᠬᠠᠩᠭᠠᠬᠤ ᠪᠠ ᠲᠠᠷᠢᠶᠠᠯᠠᠩ ᠤᠨ ᠤᠰᠤᠯᠠᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ ᠃ ᠭᠠᠩ ᠪᠠᠶᠢᠪᠠᠯ ᠤᠰᠤᠲᠤᠯ | ᠪᠠᠶᠢᠵᠤ ᠮᠡᠳᠡᠨ᠎ᠡ ᠂ ᠭᠠᠩᠳᠠᠯ ᠠᠴᠠ ᠤᠰᠤᠳᠤᠯ ᠪᠣᠯᠵᠤ ᠬᠤᠪᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ ᠦᠶᠡᠷ ᠤᠨ | ᠬᠤᠭᠤᠴᠠᠭ᠎ᠠ ᠨᠢᠭᠡᠨᠲᠡ ᠬᠦᠷᠴᠦ ᠢᠷᠡᠪᠡ ᠂ ᠡᠯ᠎ᠡ ᠭᠠᠵᠠᠷ ᠤᠨ ᠬᠢᠨ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠬᠦ ᠳᠤ | ᠡᠷᠬᠡᠪᠰᠢ ᠨᠠᠷᠢᠨ ᠨᠢᠮᠪᠠᠢ ᠪᠡᠯᠡᠳᠬᠡᠯ ᠬᠢᠵᠦ ᠂ ᠪᠡᠯᠡᠳᠬᠡᠯ ᠲᠥᠰᠥᠯ ᠭᠦᠢᠴᠡᠳ ᠂ ᠠᠷᠭᠠᠴᠠᠭᠠᠬᠤ ᠳᠠᠭᠠᠨ ᠯᠠᠪᠳᠠᠭᠤᠨ | ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠃ ᠠᠭᠤᠯᠠᠨ ᠦᠶᠡᠷ ᠂ ᠰᠢᠪᠠᠷ ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ | ᠭᠠᠮᠰᠢᠭ ᠠᠮᠠᠷᠬᠠᠨ ᠡᠭᠦᠰᠬᠦ ᠭᠠᠵᠠᠷ ᠣᠷᠣᠨ ᠳᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠬᠤᠶᠠᠳᠤᠭᠠᠷ ᠵᠢᠯᠤᠭᠤᠳᠬᠤ | ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ ᠃ | |