︵2025 ᠣᠨ ᠤ 5 ᠰᠠᠷ᠎ᠠ ᠶᠢᠨ 2 ᠤᠨ ᠡᠳᠦᠷ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ ᠬᠤᠲᠠ ᠶᠢ ᠰᠢᠨᠡᠳᠬᠡᠬᠦ | ᠠᠵᠢᠯᠯᠠᠭ᠎ᠠ ᠶᠢ ᠬᠡᠷᠡᠭᠵᠢᠭᠦᠯᠬᠦ ᠪᠣᠯ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠴᠢᠬᠤᠯᠠ ᠠᠷᠭ᠎ᠠ ᠬᠡᠮᠵᠢᠶ᠎ᠡ ᠮᠥᠨ ᠃ ᠬᠤᠲᠠ ᠶᠢ | ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ ᠂ ᠨᠠᠮ ᠤᠨ ᠲᠥᠪ ᠬᠤᠷᠢᠶ᠎ᠠ ᠂ ᠲᠥᠷᠥ ᠶᠢᠨ | ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠂ ᠡᠳᠦᠭᠡ ᠳᠣᠣᠷᠠᠬᠢ ᠰᠠᠨᠠᠯ ᠢ ᠳᠤᠷᠠᠳᠪᠠ ᠃ | ᠨᠢᠭᠡ ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠬᠤᠲᠠ ᠶᠢᠨ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠬᠤᠲᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ | ᠭᠡᠯᠪᠡᠷᠢ ᠶᠢ ᠬᠤᠪᠢᠷᠠᠭᠤᠯᠵᠤ ᠂ ᠦᠷᠭᠦᠯᠵᠢᠯᠡᠬᠦᠶᠢᠴᠡ ᠬᠤᠲᠠ ᠶᠢ ᠰᠢᠨᠡᠳᠬᠡᠬᠦ ᠵᠠᠭᠪᠤᠷ ᠪᠣᠯᠣᠨ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠢ ᠪᠠᠶᠢᠭᠤᠯᠵᠤ ᠂ ᠬᠤᠲᠠ ᠶᠢ ᠰᠢᠨᠡᠳᠬᠡᠬᠦ ᠶᠢ ᠶᠡᠭᠡ ᠪᠠᠷ ᠬᠡᠷᠡᠭᠵᠢᠭᠦᠯᠵᠦ ᠂ ᠬᠤᠲᠠ ᠶᠢᠨ ᠪᠦᠲᠦᠴᠡ ᠶᠢ | ᠰᠢᠯᠢᠳᠡᠭᠵᠢᠭᠦᠯᠬᠦ ᠂ ᠴᠢᠳᠠᠮᠵᠢ ᠶᠢ ᠲᠡᠭᠦᠯᠳᠡᠷᠵᠢᠭᠦᠯᠬᠦ ᠂ ᠰᠣᠶᠣᠯ ᠤᠨ ᠤᠯᠠᠮᠵᠢᠯᠠᠯ ᠢ ᠦᠷᠭᠦᠯᠵᠢᠯᠡᠭᠦᠯᠬᠦ ᠂ ᠶᠠᠰᠤ ᠴᠢᠨᠠᠷ ᠢ | ᠳᠡᠭᠡᠭᠰᠢᠯᠡᠭᠦᠯᠭᠦ ᠶᠢ ᠠᠬᠢᠭᠤᠯᠵᠤ ᠂ ᠣᠷᠣᠰᠢᠨ ᠰᠠᠭᠤᠬᠤ ᠳᠤ ᠲᠣᠬᠢᠷᠠᠮᠵᠢᠲᠠᠢ ᠂ ᠤᠶᠠᠨ ᠬᠠᠲᠠᠨ ᠴᠢᠨᠠᠷ ᠲᠠᠢ ᠂ ᠣᠶᠤᠨᠲᠤ | ᠬᠤᠲᠠ ᠶᠢ ᠴᠣᠭᠴᠠᠯᠠᠨ ᠪᠠᠶᠢᠭᠤᠯᠤᠨ᠎ᠠ ᠃ | ᠠᠵᠢᠯ ᠤᠨ ᠳᠤᠮᠳᠠ ᠪᠠᠨ ᠳᠣᠣᠷᠠᠬᠢ ᠶᠠᠪᠤᠳᠠᠯ ᠢ ᠪᠡᠶᠡᠯᠡᠭᠦᠯᠬᠦ ᠬᠡᠷᠡᠭᠲᠡᠢ᠄ ᠠᠷᠠᠳ ᠲᠦᠮᠡᠨ ᠢᠶᠠᠷ ᠭᠤᠣᠯ ᠪᠤᠯᠭᠠᠬᠤ ᠶᠢ | ᠪᠠᠷᠢᠮᠲᠠᠯᠠᠵᠤ ᠂ ᠠᠷᠠᠳ ᠲᠦᠮᠡᠨ ᠤ ᠬᠤᠲᠠ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠦᠢᠯᠡᠳᠦᠯᠭᠡᠵᠢᠭᠦᠯᠵᠦ ᠂ ᠰᠠᠶᠢᠨ | ᠭᠡᠷ ᠪᠠᠶᠢᠰᠢᠩ ᠂ ᠰᠠᠶᠢᠨ ᠰᠠᠭᠤᠭᠠᠯᠢ ᠠᠷᠠᠳ ᠤᠨ ᠲᠣᠭᠤᠷᠢᠭ ᠂ ᠰᠠᠶᠢᠨ ᠨᠡᠶᠢᠭᠡᠮ ᠲᠣᠭᠤᠷᠢᠭ ᠂ ᠰᠠᠶᠢᠨ ᠬᠤᠲᠠ ᠶᠢᠨ | ᠲᠣᠭᠤᠷᠢᠭ ᠢ ᠪᠦᠲᠦᠭᠡᠨ ᠪᠠᠶᠢᠭᠤᠯᠤᠨ᠎ᠠ︔ ᠰᠢᠰᠲ᠋ᠧᠮ ᠤᠨ ᠦᠵᠡᠯᠲᠡ ᠶᠢ ᠪᠠᠷᠢᠮᠲᠠᠯᠠᠨ ᠂ ᠬᠤᠲᠠ ᠶᠢᠨ ᠬᠥᠭᠵᠢᠯᠲᠡ ᠶᠢᠨ | ᠵᠢᠮ᠎ᠡ ᠶᠣᠰᠣ ᠶᠢ ᠭᠦᠨᠳᠦᠳᠭᠡᠵᠦ ᠂ ᠪᠦᠭᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠦᠵᠡᠯ ᠤᠬᠠᠮᠰᠠᠷ ᠢ ᠪᠤᠶ | ᠪᠤᠯᠭᠠᠵᠤ ᠂ ᠬᠤᠲᠠ ᠶᠢᠨ ᠰᠢᠰᠲ᠋ᠧᠮᠲᠦ ᠴᠢᠨᠠᠷ ᠂ ᠪᠦᠬᠦᠯᠢ ᠴᠣᠭᠴᠠᠲᠤ ᠴᠢᠨᠠᠷ ᠂ ᠵᠣᠬᠢᠴᠠᠩᠭᠤᠢ ᠴᠢᠨᠠᠷ ᠢ ᠲᠠᠰᠤᠷᠠᠯᠲᠠ ᠦᠭᠡᠢ | ᠨᠡᠮᠡᠭᠳᠡᠭᠦᠯᠦᠨ᠎ᠡ︔ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠬᠥᠭᠵᠢᠯᠲᠡ ᠶᠢᠨ | ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ ᠂ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠠᠭᠤᠷᠢ ᠦᠢᠯᠡᠳᠦᠯ ᠢ ᠴᠢᠩᠭᠠᠳᠬᠠᠵᠤ ᠂ ᠲᠤᠰᠬᠠᠢ | ᠲᠥᠯᠦᠪᠵᠢᠭᠦᠯᠭᠡ ᠶᠢ ᠬᠡᠷᠡᠭᠵᠢᠭᠦᠯᠬᠦ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ︔ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ ᠂ ᠬᠤᠲᠠ ᠶᠢᠨ ᠠᠵᠢᠯᠯᠠᠭᠠᠨ ᠳᠤᠮᠳᠠᠬᠢ ᠠᠶᠤᠯ ᠲᠦᠭᠰᠢᠭᠦᠷᠢ | ᠥᠷᠢᠰᠦᠯᠳᠦᠭᠡᠨ ᠢ ᠰᠡᠷᠭᠡᠶᠢᠯᠡᠨ ᠠᠷᠭᠠᠴᠠᠭᠠᠵᠤ ᠂ ᠬᠤᠲᠠ ᠶᠢᠨ ᠤᠶᠠᠨ ᠬᠠᠲᠠᠨ ᠴᠢᠨᠠᠷ ᠢ ᠪᠦᠭᠦ ᠲᠠᠯ᠎ᠠ ᠪᠠᠷ | ᠳᠡᠭᠡᠭᠰᠢᠯᠡᠭᠦᠯᠦᠨ᠎ᠡ︔ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠂ ᠬᠠᠮᠠᠭᠠᠯᠠᠬᠤ ᠶᠣᠰᠣᠲᠠᠢ ᠶᠢ ᠨᠢ ᠪᠦᠭᠦᠨ ᠢ ᠬᠠᠮᠠᠭᠠᠯᠠᠬᠤ ᠂ | ᠬᠡᠷᠡᠭᠯᠡᠬᠦ ᠪᠠᠷ ᠬᠠᠮᠠᠭᠠᠯᠠᠬᠤ ᠶᠢ ᠠᠬᠢᠭᠤᠯᠬᠤ ᠶᠢ ᠪᠠᠷᠢᠮᠲᠠᠯᠠᠵᠤ ᠂ ᠬᠤᠳᠠ ᠶᠢ ᠰᠢᠨᠡᠳᠬᠡᠬᠦ ᠪᠦᠭᠦ ᠶᠠᠪᠤᠴᠠ ᠂ ᠡᠯ᠎ᠡ | ᠭᠤᠭᠴᠤᠭ᠎ᠠ ᠳᠤ ᠬᠤᠳᠠ ᠶᠢᠨ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠨ᠎ᠠ︔ ᠦᠨᠡᠨ ᠠᠴᠠ ᠵᠥᠪ ᠢ ᠡᠷᠢᠬᠦ ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠂ ᠴᠢᠳᠠᠯ ᠢᠶᠠᠷ ᠢᠶᠠᠨ ᠴᠢᠷᠮᠠᠶᠢᠬᠤ ᠂ ᠴᠢᠳᠠᠯ ᠤᠨ ᠢᠶᠠᠨ ᠬᠢᠷᠢ ᠪᠠᠷ ᠬᠢᠬᠦ ᠶᠢ | ᠪᠠᠷᠢᠮᠲᠠᠯᠠᠵᠤ ᠂ ᠠᠷᠠᠳ ᠢ ᠵᠦᠳᠡᠭᠡᠵᠦ ᠡᠳ᠋ ᠢ ᠰᠦᠢᠳᠬᠡᠬᠦ ︽ᠨᠢᠭᠤᠷ ᠲᠠᠯ᠎ᠠ ᠶᠢᠨ ᠢᠨᠵᠧᠨᠧᠷᠢᠩ︾ ᠂ ︽ᠳᠦᠷᠢ | ᠲᠥᠷᠬᠦ ᠶᠢᠨ ᠢᠨᠵᠧᠨᠧᠷᠢᠩ︾ ᠢ ᠬᠢᠬᠦ ᠦᠭᠡᠢ ᠪᠠᠶᠢᠬᠤ ᠬᠡᠷᠡᠭᠲᠡᠢ ᠃ | ᠭᠤᠣᠯ ᠬᠠᠷᠠᠯᠲᠠ ᠪᠣᠯ᠄ 2030 ᠣᠨ ᠪᠤᠯᠬᠤ ᠳᠤ ᠂ ᠬᠤᠲᠠ ᠶᠢ ᠰᠢᠨᠡᠳᠬᠡᠬᠦ ᠠᠵᠢᠯᠯᠠᠭ᠎ᠠ ᠶᠢᠨ | ᠬᠡᠷᠡᠭᠵᠢᠭᠦᠯᠦᠯᠲᠡ ᠶᠢ ᠴᠢᠬᠤᠯᠠ ᠠᠬᠢᠴᠠ ᠲᠠᠢ ᠪᠤᠯᠭᠠᠵᠤ ᠂ ᠬᠤᠲᠠ ᠶᠢ ᠰᠢᠨᠡᠳᠬᠡᠬᠦ ᠪᠠᠶᠢᠭᠤᠯᠤᠯ ᠲᠣᠭᠲᠠᠴᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ ᠂ ᠬᠤᠲᠠ ᠶᠢᠨ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢᠨ ᠠᠷᠭ᠎ᠠ | ᠭᠡᠯᠪᠡᠷᠢ ᠶᠢ ᠬᠤᠪᠢᠷᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ ᠂ ᠠᠮᠤᠷ ᠲᠦᠪᠰᠢᠨ ᠬᠥᠭᠵᠢᠯᠲᠡ ᠶᠢᠨ | ᠰᠠᠭᠤᠷᠢ ᠶᠢ ᠨᠡᠩ ᠪᠠᠬᠢᠵᠢᠭᠦᠯᠵᠦ ᠂ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ | ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ ᠂ ᠠᠵᠤ ᠠᠬᠤᠢ ᠶᠢᠨ | ᠡᠵᠡᠩᠨᠡᠯᠲᠡ ᠶᠢᠨ ᠭᠡᠯᠪᠡᠷᠢ ᠶᠢ ᠨᠡᠩ ᠪᠠᠶᠠᠯᠢᠭᠵᠢᠭᠤᠯᠵᠤ ᠂ ᠰᠣᠶᠣᠯ ᠤᠨ ᠥᠪ ᠢ ᠪᠦᠲᠦᠮᠵᠢᠲᠡᠢ ᠬᠠᠮᠠᠭᠠᠯᠠᠵᠤ ᠂ ᠬᠡᠪ ᠨᠠᠮᠪᠠᠭ᠎ᠠ | ᠣᠨᠴᠠᠯᠢᠭ ᠢ ᠨᠡᠩ ᠢᠯᠡᠷᠡᠭᠦᠯᠵᠦ ᠂ ᠬᠤᠲᠠ ᠶᠢ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠤᠨ ᠣᠷᠣᠨ ᠵᠠᠢ ᠪᠣᠯᠭᠠᠨ᠎ᠠ ᠃ | ᠬᠤᠶᠠᠷ ᠂ ᠭᠤᠣᠯ ᠡᠭᠦᠷᠭᠡ | ︵ᠨᠢᠭᠡ︶ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠨ᠎ᠠ ᠃ ᠠᠶᠤᠯᠲᠠᠢ ᠣᠷᠣᠨ | ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠯᠠᠪᠳᠠᠭᠤᠨ ᠢᠶᠠᠷ ᠠᠬᠢᠭᠤᠯᠵᠤ ᠂ D ᠲᠠᠰ ᠤᠨ ᠠᠶᠤᠯᠲᠠᠢ ᠣᠷᠣᠨ ᠰᠠᠭᠤᠴᠠ ᠶᠢ | ᠨᠤᠷᠠᠭᠠᠵᠤ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠵᠦ ᠂ ᠪᠠᠬᠢᠵᠢᠭᠦᠯᠬᠦ ᠂ ᠥᠭᠡᠷᠡᠴᠢᠯᠡᠨ ᠪᠠᠶᠢᠭᠤᠯᠬᠤ ᠂ ᠳᠠᠭᠢᠨ ᠪᠠᠶᠢᠭᠤᠯᠬᠤ | ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ C | ᠲᠠᠰ ᠤᠨ ᠠᠶᠤᠯᠲᠠᠢ ᠣᠷᠣᠨ ᠰᠠᠭᠤᠴᠠ ᠪᠣᠯᠣᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢᠨ ᠢᠵᠢ ᠪᠦᠷᠢᠳᠦᠭᠦᠯᠬᠦ ᠪᠤᠰᠤ ᠣᠷᠣᠨ ᠰᠠᠭᠤᠴᠠ ᠶᠢ ᠥᠭᠡᠷᠡᠴᠢᠯᠡᠨ ᠰᠢᠨᠡᠳᠬᠡᠬᠦ ᠶᠢ ᠢᠳᠡᠪᠬᠢᠲᠡᠢ | ᠯᠠᠪᠳᠠᠭᠤᠨ ᠢᠶᠠᠷ ᠬᠡᠷᠡᠭᠵᠢᠭᠦᠯᠦᠨ᠎ᠡ ᠃ ᠲᠥᠷᠥᠯ ᠪᠦᠯᠦᠭ ᠬᠤᠪᠢᠶᠠᠵᠤ ᠪᠠᠶᠢᠭᠠᠳ ᠭᠠᠵᠠᠷ ᠬᠥᠳᠡᠯᠦᠯᠲᠡ ᠶᠢ ᠳᠠᠭᠠᠭᠠᠬᠤ ᠠᠮᠤᠷ | ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠮᠥᠷᠲᠡᠭᠡᠨ ᠪᠠᠬᠢᠵᠢᠭᠦᠯᠬᠦ ᠦᠨ᠎ᠡ ᠥᠷᠲᠡᠭ ᠲᠠᠢ ᠬᠤᠲᠠ ᠪᠠᠯᠭᠠᠰᠤ ᠶᠢᠨ ᠭᠡᠷ | ᠪᠠᠶᠢᠰᠢᠩ ᠳᠤ ᠭᠠᠵᠠᠷ ᠬᠥᠳᠡᠯᠦᠯᠲᠡ ᠶᠢ ᠳᠠᠭᠠᠭᠠᠬᠤ ᠪᠠᠬᠢᠵᠢᠭᠦᠯᠦᠯᠲᠡ ᠬᠢᠨ᠎ᠡ ᠃ ᠰᠢᠯᠵᠢᠭᠦᠯᠵᠦ ᠪᠣᠯᠣᠰᠢ ᠦᠭᠡᠢ ᠲᠡᠦᠬᠡ ᠶᠢᠨ | ᠳᠤᠷᠠᠰᠬᠠᠯᠲᠤ ᠵᠦᠢᠯᠡᠰ ᠂ ᠲᠡᠦᠬᠡ ᠶᠢᠨ ᠪᠠᠷᠢᠯᠭ᠎ᠠ ᠵᠡᠷᠭᠡ ᠬᠠᠮᠠᠭᠠᠯᠠᠬᠤ ᠡᠲᠡᠭᠡᠳ ᠲᠤ ᠬᠤᠯᠪᠣᠭᠳᠠᠭᠰᠠᠨ ᠪᠠᠶᠢᠪᠠᠯ ᠂ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠠᠮᠠᠭᠠᠯᠠᠬᠤ ᠪᠠ ᠬᠡᠷᠡᠭᠯᠡᠵᠦ ᠂ ︽ᠨᠢᠭᠡ ᠪᠠᠶᠢᠰᠢᠩ ᠳᠤ ᠨᠢᠭᠡ | ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠥᠭᠡᠷᠡᠴᠢᠯᠡᠨ ᠰᠢᠨᠡᠳᠬᠡᠬᠦ ᠲᠥᠰᠥᠯ ᠳᠤᠷᠠᠳᠴᠤ ᠂ ᠠᠶᠤᠯᠲᠠᠢ ᠣᠷᠣᠨ | ᠰᠠᠭᠤᠴᠠ ᠶᠢᠨ ᠨᠡᠷ᠎ᠡ ᠪᠠᠷ ᠬᠠᠤᠯᠢ ᠲᠣᠭᠲᠠᠭᠠᠯ ᠠᠴᠠ ᠵᠥᠷᠢᠴᠡᠨ ᠲᠡᠦᠬᠡ ᠰᠣᠶᠣᠯ ᠤᠨ ᠵᠡᠭᠡᠯᠢ ᠲᠣᠭᠤᠷᠢᠭ ᠂ ᠤᠯᠠᠮᠵᠢᠯᠠᠯᠲᠤ | ᠠᠶᠢᠯ ᠲᠣᠰᠬᠤᠨ ᠂ ᠲᠡᠦᠬᠡ ᠶᠢᠨ ᠳᠤᠷᠠᠰᠬᠠᠯᠲᠤ ᠵᠦᠢᠯᠡᠰ ᠂ ᠲᠡᠦᠬᠡ ᠶᠢᠨ ᠪᠠᠷᠢᠯᠭ᠎ᠠ ᠶᠢ ᠨᠤᠷᠠᠭᠠᠵᠤ ᠥᠭᠡᠷᠡᠴᠢᠯᠡᠨ | ᠰᠢᠨᠡᠳᠬᠡᠬᠦ ᠶᠢ ᠴᠢᠩᠭ᠎ᠠ ᠴᠠᠭᠠᠵᠠᠯᠠᠨ᠎ᠠ ᠃ | ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠪᠠᠷᠢᠯᠭ᠎ᠠ ᠶᠢᠨ ᠳᠤᠯᠠᠭᠠᠨ ᠢ ᠪᠠᠲᠤᠯᠠᠬᠤ ᠮᠠᠲ᠋ᠧᠷᠢᠶᠠᠯ ᠤᠨ | ᠬᠠᠮᠢᠶᠠᠷᠤᠯᠲᠠ ᠶᠢ ᠴᠢᠩᠭᠠᠳᠬᠠᠨ ᠂ ᠰᠠᠭᠤᠭᠠᠯᠢ ᠠᠷᠠᠳ ᠤᠨ ᠬᠤᠲᠠ ᠪᠠᠯᠭᠠᠰᠤ ᠶᠢᠨ ᠣᠷᠣᠨ ᠰᠠᠭᠤᠴᠠ ᠶᠢᠨ ᠭᠡᠷ ᠳᠣᠲᠣᠷᠠᠬᠢ | ᠵᠠᠰᠠᠵᠤ ᠴᠢᠮᠡᠭᠯᠡᠬᠦ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ ᠃ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ ᠂ ᠦᠷ᠎ᠡ | ᠠᠰᠢᠭ ᠢᠶᠠᠷ ᠳᠣᠣᠷ᠎ᠠ ᠠᠰᠠᠷ ᠪᠠᠶᠢᠰᠢᠩ ᠂ ᠤᠯᠠᠮᠵᠢᠯᠠᠯᠲᠤ ᠬᠤᠳᠠᠯᠳᠤᠭᠠᠨ ᠤ ᠲᠥᠬᠦᠭᠡᠷᠦᠮᠵᠢ ᠵᠡᠷᠭᠡ ᠦᠯᠡᠳᠡᠭᠡᠯ ᠭᠡᠷ | ᠪᠠᠶᠢᠰᠢᠩ ᠢ ᠥᠭᠡᠷᠡᠴᠢᠯᠡᠨ ᠠᠰᠢᠭᠯᠠᠬᠤ ᠶᠢ ᠴᠢᠩᠭᠠᠳᠬᠠᠵᠤ ᠂ ᠪᠠᠷᠢᠯᠭ᠎ᠠ ᠶᠢᠨ ᠴᠢᠳᠠᠮᠵᠢ ᠶᠢ ᠬᠤᠪᠢᠷᠠᠭᠤᠯᠬᠤ ᠪᠠ | ᠬᠤᠯᠢᠯᠳᠤᠭᠤᠯᠤᠨ ᠠᠰᠢᠭᠯᠠᠬᠤ ᠶᠢ ᠠᠬᠢᠭᠤᠯᠤᠨ ᠂ ᠪᠠᠷᠢᠯᠭ᠎ᠠ ᠶᠢᠨ ᠭᠤᠣᠯᠯᠠᠬᠤ ᠴᠢᠳᠠᠮᠵᠢ ᠶᠢ ᠦᠨᠳᠦᠰᠦᠯᠡᠨ ᠭᠠᠵᠠᠷ | ᠰᠢᠷᠣᠢ ᠶᠢᠨ ᠬᠡᠷᠡᠭᠴᠡᠭᠡ ᠶᠢ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠬᠤᠪᠢᠷᠠᠭᠤᠯᠤᠨ᠎ᠠ ᠃ | ︵ᠬᠤᠶᠠᠷ︶ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠵᠠᠰᠠᠬᠤ ᠶᠢ | ᠠᠬᠢᠭᠤᠯᠤᠨ᠎ᠠ ᠃ ᠰᠠᠭᠤᠭᠠᠯᠢ ᠠᠷᠠᠳ ᠤᠨ ᠲᠣᠭᠤᠷᠢᠭ ᠤᠨ ᠰᠢᠲᠠᠮᠠᠬᠠᠢ ᠬᠡᠢ ᠵᠡᠷᠭᠡ ᠬᠠᠭᠤᠴᠢᠷᠠᠭᠰᠠᠨ ᠬᠤᠭᠤᠯᠠᠢ | ᠭᠤᠤᠷᠰᠤ ᠶᠢ ᠰᠢᠨᠡᠳᠬᠡᠨ ᠥᠭᠡᠷᠡᠴᠢᠯᠡᠵᠦ ᠂ ᠠᠰᠠᠷ ᠤᠨ ᠳᠣᠲᠣᠷᠠᠬᠢ ᠶᠠᠪᠠᠭᠠᠨ ᠬᠥᠮᠥᠨ ᠤ ᠶᠠᠪᠤᠬᠤ ᠵᠠᠮ ᠂ ᠰᠠᠯᠬᠢ ᠨᠡᠪᠲᠡᠷᠡᠬᠦ | ᠣᠲᠤᠭ᠎ᠠ ᠭᠠᠷᠭᠠᠬᠤ ᠵᠠᠮ ᠂ ᠰᠠᠯᠬᠢ ᠨᠡᠪᠲᠡᠷᠡᠭᠦᠯᠬᠦ ᠬᠤᠳᠳᠤᠭ ᠵᠡᠷᠭᠡ ᠶᠢ ᠴᠡᠭᠴᠡᠯᠡᠨ ᠵᠠᠰᠠᠵᠤ ᠂ ᠠᠮᠤᠷ ᠲᠦᠪᠰᠢᠨ ᠤ ᠭᠡᠮ | ᠰᠣᠭᠤᠭ ᠢ ᠪᠦᠭᠦ ᠬᠦᠴᠦᠨ ᠢᠶᠠᠷ ᠠᠷᠢᠯᠭᠠᠨ ᠂ ᠨᠥᠬᠦᠴᠡᠯ ᠲᠠᠢ ᠠᠰᠠᠷ ᠲᠤ ᠴᠠᠭᠢᠯᠭᠠᠨ ᠱᠠᠲᠤ ᠨᠡᠮᠡᠵᠦ ᠤᠭᠰᠠᠷᠠᠬᠤ ᠶᠢ | ᠳᠡᠮᠵᠢᠨ᠎ᠡ ᠃ ᠰᠠᠭᠤᠭᠠᠯᠢ ᠠᠷᠠᠳ ᠤᠨ ᠲᠣᠭᠤᠷᠢᠭ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠂ | ᠰᠠᠭᠤᠭᠠᠯᠢ ᠠᠷᠠᠳ ᠤᠨ ᠲᠣᠭᠤᠷᠢᠭ ᠤᠨ ᠲᠡᠷᠭᠡ ᠵᠣᠬᠰᠣᠬᠤ ᠂ ᠴᠠᠭᠢᠯᠭᠠᠨ ᠴᠡᠨᠡᠭᠯᠡᠬᠦ ᠂ ᠭᠠᠯ ᠰᠡᠷᠭᠡᠶᠢᠯᠡᠬᠦ ᠭᠠᠯ | ᠤᠨᠲᠠᠷᠠᠭᠠᠬᠤ ᠂ ᠴᠢᠮᠡᠭᠡ ᠬᠤᠯᠪᠤᠭ᠎ᠠ ᠵᠡᠷᠭᠡ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ ᠂ | ᠬᠤᠭᠤᠯᠠ ᠤᠮᠳᠠ ᠳᠤ ᠲᠤᠰᠠᠯᠠᠬᠤ ᠂ ᠭᠡᠷ ᠤᠨ ᠶᠠᠪᠤᠳᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ | ᠨᠡᠮᠡᠵᠦ ᠪᠠᠶᠢᠷᠢᠯᠠᠭᠤᠯᠤᠨ᠎ᠠ ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠠᠰᠤ | ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠡᠯ᠎ᠡ ᠪᠦᠲᠦᠭᠡᠨ ᠪᠠᠶᠢᠭᠤᠯᠤᠯᠲᠠ ᠳᠤ | ᠣᠷᠣᠯᠴᠠᠬᠰᠠᠨ ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ ᠃ ᠥᠭᠡᠷᠡᠴᠢᠯᠡᠨ ᠰᠢᠨᠡᠳᠬᠡᠬᠦ ᠲᠠᠢ ᠤᠶᠠᠯᠳᠤᠭᠤᠯᠤᠨ | ᠰᠠᠭᠤᠭᠠᠯᠢ ᠠᠷᠠᠳ ᠤᠨ ᠲᠣᠭᠤᠷᠢᠭ ᠤᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ ᠂ ᠰᠠᠭᠤᠭᠠᠯᠢ ᠠᠷᠠᠳ ᠤᠨ ᠣᠷᠤᠯᠴᠠᠬᠤ ᠪᠠ ᠬᠢᠨᠠᠯᠲᠠ ᠲᠠᠯᠪᠢᠬᠤ ᠶᠢ ᠬᠥᠲᠥᠯᠥᠨ ᠵᠢᠯᠤᠭᠤᠳᠬᠤ ᠶᠢ | ᠴᠢᠬᠤᠯᠠᠴᠢᠯᠠᠵᠤ ᠂ ᠥᠭᠡᠷᠡᠴᠢᠯᠡᠨ ᠰᠢᠨᠡᠳᠬᠡᠬᠦ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠨ᠎ᠠ ᠃ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠂ ᠨᠤᠷᠠᠬᠤ ᠠᠶᠤᠯᠲᠠᠢ ᠣᠷᠣᠨ ᠰᠠᠭᠤᠴᠠ ᠶᠢ ᠥᠭᠡᠷᠡᠴᠢᠯᠡᠬᠦ ᠶᠢ ᠨᠢᠭᠡᠳᠦᠯᠲᠡᠢ ᠲᠥᠯᠥᠪᠯᠡᠨ | ᠬᠡᠷᠡᠭᠵᠢᠭᠦᠯᠵᠦ ᠂ ᠰᠣᠶᠣᠯ ᠤᠨ ᠥᠪ ᠤᠨ ᠥᠷᠲᠡᠭ ᠢ ᠠᠭᠤᠳᠠᠯᠬᠤ ᠂ ᠤᠯᠠᠮᠵᠢᠯᠠᠯᠲᠤ ᠬᠡᠪ ᠨᠠᠮᠪᠠ ᠶᠢ ᠬᠠᠮᠠᠭᠠᠯᠠᠭᠰᠠᠨ | ᠰᠠᠭᠤᠷᠢᠨ ᠳᠡᠭᠡᠷ᠎ᠡ ᠶᠡᠷᠦᠩᠬᠡᠶᠢᠯᠡᠭᠰᠡᠨ ᠴᠢᠨᠠᠷᠲᠠᠢ ᠬᠠᠮᠠᠭᠠᠯᠠᠬᠤ ᠂ ᠰᠡᠯᠪᠢᠨ ᠵᠠᠰᠠᠬᠤ ᠂ ᠥᠭᠡᠷᠡᠴᠢᠯᠡᠬᠦ ᠲᠥᠰᠥᠯ ᠢ | ᠲᠣᠭᠲᠠᠭᠠᠵᠤ ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠂ | ᠲᠥᠬᠦᠭᠡᠷᠦᠮᠵᠢ ᠨᠥᠬᠦᠴᠡᠯ ᠂ ᠦᠢᠯᠡᠴᠢᠯᠡᠭᠡᠨ ᠤ ᠴᠢᠳᠠᠮᠵᠢ ᠪᠠ ᠰᠣᠶᠣᠯ ᠤᠨ ᠥᠷᠲᠡᠭ ᠢ ᠦᠷᠭᠦᠯᠵᠢᠯᠡᠨ ᠳᠡᠭᠡᠭᠰᠢᠯᠡᠭᠦᠯᠦᠨ᠎ᠡ ᠃ | | ︵ᠭᠤᠷᠪᠠ︶ ᠪᠦᠷᠢᠨ ᠪᠦᠲᠦᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠥᠷᠨᠢᠭᠦᠯᠦᠨ᠎ᠡ ᠃ ᠨᠡᠶᠢᠭᠡᠮ | ᠲᠣᠭᠤᠷᠢᠭ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠂ ᠠᠷᠠᠳ ᠲᠤ ᠳᠥᠭᠦᠮ ᠦᠵᠡᠭᠦᠯᠭᠦ | ᠬᠤᠳᠠᠯᠳᠤᠭᠠᠨ ᠤ ᠦᠢᠯᠡᠴᠢᠯᠡᠭᠡᠨ ᠤ ᠲᠥᠬᠦᠭᠡᠷᠦᠮᠵᠢ ᠂ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ ᠵᠡᠷᠭᠡ ᠶᠢ | ᠲᠡᠭᠦᠯᠳᠡᠷᠵᠢᠭᠦᠯᠵᠦ ᠂ ᠠᠮᠤᠷ ᠲᠦᠪᠰᠢᠨ ᠡᠷᠡᠭᠦᠯ ᠮᠡᠨᠳᠦ ᠂ ᠲᠥᠬᠦᠭᠡᠷᠦᠮᠵᠢ ᠪᠦᠷᠢᠨ ᠲᠡᠭᠦᠯᠳᠡᠷ ᠂ ᠬᠠᠮᠢᠶᠠᠷᠤᠯᠲᠠ ᠡᠮᠬᠢ | ᠵᠢᠷᠤᠮ ᠲᠠᠢ ᠪᠦᠷᠢᠨ ᠪᠦᠲᠦᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠵᠤ ᠂ ᠬᠤᠲᠠ ᠶᠢᠨ ᠨᠢᠭᠡ ᠮᠥᠴᠡ ᠶᠢᠨ | ᠠᠷᠠᠳ ᠲᠤ ᠳᠥᠭᠦᠮ ᠦᠵᠡᠭᠦᠯᠭᠦ ᠠᠮᠢᠳᠤᠷᠠᠯ ᠤᠨ ᠲᠣᠭᠤᠷᠢᠭ ᠢ ᠴᠣᠭᠴᠠᠯᠠᠨ ᠪᠠᠶᠢᠭᠤᠯᠤᠨ᠎ᠠ ᠃ ᠬᠤᠲᠠ ᠶᠢᠨ ᠨᠡᠶᠢᠭᠡᠮ | ᠲᠣᠭᠤᠷᠢᠭ ᠤᠨ ᠰᠢᠭᠢᠳᠭᠡᠯᠳᠦ ᠮᠠᠶ᠋ᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠥᠷᠨᠢᠭᠦᠯᠵᠦ ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ | ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ ᠃ ᠰᠠᠭᠤᠭᠠᠯᠢ ᠠᠷᠠᠳ ᠂ ᠲᠥᠯᠥᠪᠵᠢᠭᠦᠯᠦᠭᠴᠢ ᠂ ᠵᠢᠷᠤᠭ ᠲᠥᠯᠥᠪᠯᠡᠭᠴᠢ ᠵᠡᠷᠭᠡ ᠶᠢ | ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ ᠃ | ︵ᠳᠥᠷᠪᠡ︶ ᠬᠠᠭᠤᠴᠢᠨ ᠵᠡᠭᠡᠯᠢ ᠲᠣᠭᠤᠷᠢᠭ ᠂ ᠬᠠᠭᠤᠴᠢᠨ ᠦᠢᠯᠡᠳᠪᠦᠷᠢ ᠶᠢᠨ ᠲᠣᠭᠤᠷᠢᠭ ᠂ ᠬᠤᠲᠠᠨ ᠳᠤᠮᠳᠠᠬᠢ | ᠲᠣᠰᠬᠤᠨ ᠵᠡᠷᠭᠡ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠎ᠠ ᠃ ᠬᠠᠭᠤᠴᠢᠨ ᠵᠡᠭᠡᠯᠢ ᠲᠣᠭᠤᠷᠢᠭ ᠤᠨ ᠴᠢᠳᠠᠪᠬᠢ ᠶᠢ | ᠬᠤᠪᠢᠷᠠᠭᠤᠯᠬᠤ ᠂ ᠡᠵᠡᠩᠨᠡᠯᠲᠡ ᠶᠢᠨ ᠭᠡᠯᠪᠡᠷᠢ ᠶᠢ ᠲᠡᠰ ᠳᠡᠪᠰᠢᠭᠦᠯᠬᠦ ᠂ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠭᠦ ᠶᠢ | ᠠᠬᠢᠭᠤᠯᠵᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠢᠭᠡ ᠪᠦᠯᠦᠭ ᠠᠮᠢᠵᠢᠷᠠᠯ ᠤᠨ ᠬᠦᠴᠦᠨ ᠲᠠᠢ ᠵᠡᠭᠡᠯᠢ | ᠲᠣᠭᠤᠷᠢᠭ ᠢ ᠪᠠᠶᠢᠭᠤᠯᠤᠨ᠎ᠠ ᠃ ᠬᠤᠳᠠᠯᠳᠤᠭᠠᠨ ᠤ ᠶᠠᠪᠠᠭᠠᠨ ᠵᠡᠭᠡᠯᠢ ᠪᠠ ᠬᠠᠭᠤᠴᠢᠨ ᠬᠤᠳᠠᠯᠳᠤᠭᠠᠨ ᠤ ᠵᠡᠭᠡᠯᠢ ᠲᠣᠭᠤᠷᠢᠭ ᠢ | ᠥᠭᠡᠷᠡᠴᠢᠯᠡᠨ ᠳᠡᠭᠡᠭᠰᠢᠯᠡᠭᠦᠯᠵᠦ ᠂ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ ᠂ ᠵᠠᠮ ᠬᠠᠷᠢᠯᠴᠠᠭᠠᠨ ᠤ | ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ ᠂ ᠣᠯᠠᠨ ᠨᠡᠶᠢᠲᠡ ᠶᠢᠨ ᠣᠷᠣᠨ ᠵᠠᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠂ | ᠬᠤᠳᠠᠯᠳᠤᠭᠠᠨ ᠤ ᠡᠵᠡᠩᠨᠡᠯᠲᠡ ᠶᠢᠨ ᠭᠡᠯᠪᠡᠷᠢ ᠪᠠᠶᠢᠳᠠᠯ ᠢ ᠪᠠᠶᠠᠯᠢᠭᠵᠢᠭᠤᠯᠵᠤ ᠂ ᠬᠡᠷᠡᠭᠯᠡᠭᠡ ᠶᠢᠨ ᠠᠬᠤᠢ ᠪᠠᠶᠢᠳᠠᠯ ᠢ | ᠰᠢᠨᠡᠴᠢᠯᠡᠵᠦ ᠂ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠬᠤᠲᠠ ᠶᠢᠨ ᠰᠢᠨᠡᠴᠢᠯᠡᠯᠲᠡ ᠳᠤ ᠬᠦᠴᠦᠨ ᠨᠡᠮᠡᠷᠢᠯᠡᠬᠦ ᠶᠢ | ᠠᠬᠢᠭᠤᠯᠤᠨ᠎ᠠ ᠃ ᠬᠠᠭᠤᠴᠢᠨ ᠦᠢᠯᠡᠳᠪᠦᠷᠢ ᠶᠢᠨ ᠲᠣᠭᠤᠷᠢᠭ ᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠰᠢᠨᠡᠳᠬᠡᠨ | ᠥᠭᠡᠷᠡᠴᠢᠯᠡᠬᠦ ᠶᠢ ᠠᠬᠢᠭᠤᠯᠬᠤ ᠶᠢ ᠵᠣᠷᠢᠭᠵᠢᠭᠤᠯᠵᠤ ᠂ ᠠᠵᠤ ᠦᠢᠯᠡᠳᠪᠦᠷᠢ ᠶᠢᠨ ᠥᠪ ᠬᠥᠷᠥᠩᠭᠡ ᠶᠢ ᠬᠠᠮᠠᠭᠠᠯᠠᠨ | ᠠᠰᠢᠭᠯᠠᠬᠤ ᠶᠢ ᠴᠢᠩᠭᠠᠳᠬᠠᠨ ᠂ ᠰᠤᠯᠠ ᠲᠠᠯᠪᠢᠭᠳᠠᠵᠤ ᠪᠠᠶᠢᠭ᠎ᠠ ᠦᠷ᠎ᠡ ᠠᠰᠢᠭ ᠢᠶᠠᠷ ᠳᠣᠣᠷ᠎ᠠ ᠦᠢᠯᠡᠳᠪᠦᠷᠢ ᠶᠢᠨ | ᠲᠣᠭᠤᠷᠢᠭ ᠂ ᠦᠢᠯᠡᠳᠪᠦᠷᠢ ᠶᠢᠨ ᠭᠡᠷ ᠪᠠᠶᠢᠰᠢᠩ ᠪᠠ ᠲᠥᠬᠦᠭᠡᠷᠦᠮᠵᠢ ᠶᠢ ᠠᠮᠢᠳᠤᠯᠢᠭᠵᠢᠭᠤᠯᠤᠨ ᠠᠰᠢᠭᠯᠠᠵᠤ ᠂ ᠰᠢᠨ᠎ᠡ | ᠡᠵᠡᠩᠨᠡᠯᠲᠡ ᠶᠢᠨ ᠪᠠᠶᠢᠳᠠᠯ ᠰᠢᠨ᠎ᠡ ᠴᠢᠳᠠᠮᠵᠢ ᠳᠤ ᠣᠷᠣᠭᠤᠯᠤᠨ᠎ᠠ ᠃ ᠬᠤᠲᠠᠨ ᠳᠤᠮᠳᠠᠬᠢ ᠲᠣᠰᠬᠤᠨ ᠤ ᠥᠭᠡᠷᠡᠴᠢᠯᠡᠯᠲᠡ ᠶᠢ | ᠢᠳᠡᠪᠬᠢᠲᠡᠢ ᠪᠠᠷ ᠠᠬᠢᠭᠤᠯᠵᠤ ᠂ ᠲᠡᠦᠬᠡ ᠰᠣᠶᠣᠯ ᠤᠨ ᠳᠦᠷᠰᠦ ᠪᠠᠶᠢᠳᠠᠯ ᠢ ᠬᠠᠮᠠᠭᠠᠯᠠᠬᠤ ᠡᠮᠦᠨᠡᠬᠢ ᠬᠤᠭᠤᠴᠠᠭᠠᠨ ᠤ | ᠠᠵᠢᠯ ᠢ ᠰᠠᠶᠢᠲᠤᠷ ᠬᠢᠵᠦ ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠦᠭᠡᠢ ᠂ ︽ᠨᠢᠭᠡ ᠲᠣᠰᠬᠤᠨ ᠳᠤ ᠨᠢᠭᠡ | ᠲᠥᠷᠥ ᠶᠢᠨ ᠪᠣᠳᠣᠯᠭ᠎ᠠ︾ ᠠᠪᠤᠨ ᠨᠤᠷᠠᠭᠠᠵᠤ ᠰᠢᠨ᠎ᠡ ᠪᠠᠷ ᠪᠠᠶᠢᠭᠤᠯᠬᠤ ᠂ ᠴᠡᠭᠴᠡᠯᠡᠨ ᠵᠠᠰᠠᠵᠤ ᠳᠡᠭᠡᠭᠰᠢᠯᠡᠭᠦᠯᠭᠦ ᠂ ᠨᠤᠷᠠᠭᠠᠵᠤ | ᠴᠡᠭᠴᠡᠯᠡᠬᠦ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠥᠭᠡᠷᠡᠴᠢᠯᠡᠨ ᠪᠠᠶᠢᠭᠤᠯᠵᠤ ᠂ ᠠᠮᠤᠷ ᠲᠦᠪᠰᠢᠨ ᠤ | ᠲᠦᠭᠰᠢᠭᠦᠷᠢ ᠶᠢᠨ ᠳᠠᠯᠳᠠ ᠭᠡᠮ ᠢ ᠦᠨᠡᠨ ᠬᠦ ᠠᠷᠢᠯᠭᠠᠨ ᠂ ᠣᠷᠣᠰᠢᠨ ᠰᠠᠭᠤᠬᠤ ᠨᠥᠬᠦᠴᠡᠯ ᠪᠣᠯᠣᠨ ᠠᠮᠢᠳᠤᠷᠠᠯ ᠤᠨ | ᠣᠷᠴᠢᠨ ᠲᠣᠭᠤᠷᠢᠨ ᠢ ᠰᠠᠶᠢᠵᠢᠷᠠᠭᠤᠯᠤᠨ᠎ᠠ ᠃ ᠣᠯᠠᠨ ᠲᠦᠮᠡᠨ ᠤ ᠥᠭᠡᠷᠡᠴᠢᠯᠡᠨ ᠰᠢᠨᠡᠳᠬᠡᠬᠦ ᠬᠦᠰᠡᠯ ᠡᠷᠡᠮᠡᠯᠵᠡᠯ ᠢᠶᠠᠷ | ᠴᠢᠩᠭ᠎ᠠ ᠂ ᠬᠤᠲᠠ ᠶᠢᠨ ᠪᠡᠯᠡ ᠮᠥᠩᠭᠦ ᠶᠢᠨ ᠴᠢᠳᠠᠪᠤᠷᠢ ᠲᠡᠩᠴᠡᠭᠦᠷᠢᠲᠡᠢ ᠂ ᠲᠠᠲᠠᠪᠤᠷᠢᠯᠠᠬᠤ ᠨᠥᠬᠦᠪᠦᠷᠢᠯᠡᠬᠦ ᠲᠥᠰᠥᠯ | ᠪᠣᠯᠪᠠᠰᠤᠷᠠᠩᠭᠤᠢ ᠪᠠᠶᠢᠳᠠᠭ ᠬᠤᠲᠠᠨ ᠳᠤᠮᠳᠠᠬᠢ ᠲᠣᠰᠬᠤᠨ ᠤ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠲᠦᠷᠭᠡᠨ | ᠬᠡᠷᠡᠭᠵᠢᠭᠦᠯᠦᠨ᠎ᠡ ᠃ ᠬᠠᠭᠤᠴᠢᠨ ᠭᠠᠯᠲᠤ ᠲᠡᠷᠭᠡᠨ ᠥᠷᠲᠡᠭᠡ ᠪᠣᠯᠣᠨ ᠡᠷᠭᠢᠨ ᠲᠣᠭᠤᠷᠢᠨ ᠤ ᠬᠠᠭᠤᠴᠢᠨ ᠵᠡᠭᠡᠯᠢ ᠲᠣᠭᠤᠷᠢᠭ ᠢ | ᠨᠢᠭᠡᠳᠦᠯᠲᠡᠢ ᠲᠥᠯᠥᠪᠵᠢᠭᠦᠯᠦᠨ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠎ᠠ ᠃ | ︵ᠲᠠᠪᠤ︶ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠎ᠡ ᠃ ᠣᠯᠠᠨ ᠱᠠᠲᠤ ᠳᠠᠪᠬᠤᠷᠭ᠎ᠠ ᠲᠠᠢ ᠂ ᠪᠦᠭᠦᠨ ᠢ | ᠬᠠᠮᠤᠷᠤᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠢ ᠪᠠᠶᠢᠭᠤᠯᠤᠨ ᠪᠦᠷᠢᠨᠰᠢᠭᠦᠯᠵᠦ ᠂ ᠦᠯᠡᠳᠡᠭᠡᠯ ᠰᠤᠯᠠ | ᠲᠠᠯᠪᠢᠭᠳᠠᠵᠤ ᠪᠠᠶᠢᠭ᠎ᠠ ᠭᠡᠷ ᠪᠠᠶᠢᠰᠢᠩ ᠪᠠ ᠦᠷ᠎ᠡ ᠠᠰᠢᠭ ᠢᠶᠠᠷ ᠳᠣᠣᠷ᠎ᠠ ᠬᠡᠷᠡᠭᠯᠡᠬᠦ ᠭᠠᠵᠠᠷ ᠢ ᠭᠦᠢᠴᠡᠳ ᠠᠰᠢᠭᠯᠠᠨ ᠂ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ | ᠤᠷᠢᠳ ᠢᠶᠠᠷ ᠨᠥᠬᠦᠪᠦᠷᠢᠯᠡᠵᠦ ᠂ ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ | ᠬᠠᠩᠭᠠᠨ᠎ᠠ ᠃ ︽ᠡᠩ ᠤᠨ ᠦᠶ᠎ᠡ ᠪᠠ ᠪᠠᠴᠢᠮ ᠦᠶ᠎ᠡ ᠶᠢᠨ ᠬᠤᠶᠠᠷ ᠬᠡᠷᠡᠭᠴᠡᠭᠡᠲᠦ︾ ᠣᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠠᠬᠢᠭᠤᠯᠤᠨ᠎ᠠ ᠃ ᠬᠤᠲᠠ ᠶᠢᠨ ᠡᠮᠴᠢᠯᠡᠭᠡᠨ ᠤ | ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ ᠂ ᠲᠦᠷ ᠴᠠᠭ ᠲᠥᠪᠬᠢᠨᠡᠭᠦᠯᠬᠦ ᠂ | ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ ᠃ ᠨᠠᠰᠤᠲᠠᠶᠢᠴᠤᠳ ᠲᠤ ᠲᠣᠬᠢᠷᠠᠬᠤ ᠂ | ᠬᠡᠦᠬᠡᠳ ᠤᠳ ᠲᠤ ᠲᠣᠬᠢᠷᠠᠬᠤ ᠥᠭᠡᠷᠡᠴᠢᠯᠡᠯᠲᠡ ᠶᠢ ᠠᠬᠢᠭᠤᠯᠵᠤ ᠂ ᠣᠯᠠᠨ ᠨᠡᠶᠢᠲᠡ ᠶᠢᠨ ᠲᠠᠯᠠᠪᠤᠷ ᠤᠨ ᠰᠠᠭᠠᠳ ᠦᠭᠡᠢ | ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ᠎ᠡ ᠃ ᠲᠦᠭᠡᠮᠡᠯ ᠬᠠᠷᠠᠭᠠᠯᠵᠠᠯᠲᠤ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠂ | ᠲᠦᠭᠡᠮᠡᠯ ᠬᠠᠷᠠᠭᠠᠯᠵᠠᠯᠲᠤ ᠭᠡᠯᠪᠡᠷᠢ ᠶᠢᠨ ᠂ ᠣᠯᠠᠨ ᠶᠠᠩᠵᠤ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ | ᠬᠥᠭᠵᠢᠭᠦᠯᠦᠨ᠎ᠡ ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠯᠠᠨ ᠲᠦᠮᠡᠨ ᠤ ᠳᠡᠷᠭᠡᠳᠡᠬᠢ ᠪᠦᠭᠦ | ᠠᠷᠠᠳ ᠤᠨ ᠪᠡᠶ᠎ᠡ ᠴᠢᠭᠢᠷᠠᠭᠵᠢᠭᠤᠯᠬᠤ ᠭᠠᠵᠠᠷ ᠲᠠᠯᠠᠪᠠᠶ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ ᠥᠭᠡᠷᠡᠴᠢᠯᠡᠨ᠎ᠡ ᠃ | ᠬᠡᠷᠡᠭᠯᠡᠭᠡᠨ ᠤ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠤᠨ᠎ᠠ ᠃ ᠬᠤᠳᠠ ᠶᠢᠨ ᠤᠯᠠᠨ | ᠨᠡᠶᠢᠲᠡ ᠶᠢᠨ ᠣᠷᠣᠨ ᠵᠠᠢ ᠶᠢ ᠢᠳᠡᠪᠬᠢᠲᠡᠢ ᠥᠷᠭᠡᠳᠬᠡᠵᠦ ᠂ ᠰᠢᠨ᠎ᠡ ᠮᠠᠶ᠋ᠢᠭ ᠤᠨ ᠤᠯᠠᠨ ᠨᠡᠶᠢᠲᠡ ᠶᠢᠨ ᠰᠣᠶᠣᠯ ᠤᠨ ᠣᠷᠣᠨ | ᠵᠠᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠎ᠠ ᠃ | ︵ᠵᠢᠷᠭᠤᠭ᠎ᠠ︶ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ | ᠴᠢᠩᠭᠠᠳᠬᠠᠨ᠎ᠠ ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠲᠦᠭᠰᠢᠭᠦᠷᠢ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ | ᠪᠠᠶᠢᠴᠠᠭᠠᠨ᠎ᠠ ᠃ ᠭᠠᠵᠠᠷ ᠳᠣᠣᠷᠠᠬᠢ ᠣᠷᠣᠨ ᠵᠠᠢ ᠶᠢ ᠨᠢᠭᠡᠳᠦᠯᠲᠡᠢ ᠲᠥᠯᠥᠪᠵᠢᠭᠦᠯᠦᠨ ᠨᠡᠭᠡᠭᠡᠨ ᠬᠥᠭᠵᠢᠭᠦᠯᠬᠦ ᠪᠠ | ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠎ᠠ ᠃ ᠬᠤᠲᠠ ᠶᠢᠨ ᠰᠢᠲᠠᠮᠠᠬᠠᠢ ᠬᠡᠢ ᠂ ᠤᠰᠤ ᠬᠠᠩᠭᠠᠬᠤ ᠂ ᠤᠰᠤ | ᠭᠠᠳᠠᠭᠰᠢᠯᠠᠭᠤᠯᠬᠤ ᠂ ᠪᠣᠬᠢᠷ ᠤᠰᠤ ᠂ ᠢᠯᠴᠢ ᠬᠠᠩᠭᠠᠬᠤ ᠵᠡᠷᠭᠡ ᠭᠠᠵᠠᠷ ᠳᠣᠣᠷᠠᠬᠢ ᠬᠤᠭᠤᠯᠠᠢ ᠤᠲᠠᠰᠤ ᠬᠤᠭᠤᠯᠠᠢ ᠲᠣᠣᠷ | ᠪᠣᠯᠣᠨ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ | ᠲᠦᠷᠭᠡᠳᠬᠡᠵᠦ ᠂ ᠪᠦᠲᠦᠭᠡᠨ ᠪᠠᠶᠢᠭᠤᠯᠵᠤ ᠠᠵᠢᠯᠯᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ | ᠳᠦᠷᠢᠮ ᠢ ᠲᠡᠭᠦᠯᠳᠡᠷᠵᠢᠭᠦᠯᠦᠨ᠎ᠡ ᠃ ᠬᠤᠲᠠ ᠶᠢᠨ ᠤᠰᠤ ᠬᠠᠩᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ | ᠪᠠᠷᠢᠮᠵᠢᠶ᠎ᠠ ᠶᠢ ᠳᠡᠭᠡᠭᠰᠢᠯᠡᠭᠦᠯᠭᠦ ᠶᠢ ᠠᠬᠢᠭᠤᠯᠵᠤ ᠂ ᠬᠤᠲᠠ ᠶᠢᠨ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠬᠤ ᠂ | ᠰᠢᠢᠳᠪᠦᠷᠢᠯᠡᠬᠦ ᠪᠠ ᠳᠠᠭᠢᠨ ᠠᠰᠢᠭᠯᠠᠬᠤ ᠵᠢᠴᠢ ᠪᠣᠬᠢᠷ ᠰᠢᠪᠠᠷ ᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠨ ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠣᠷ ᠢ ᠨᠢᠭᠡ | ᠴᠣᠭᠴᠠᠵᠢᠭᠤᠯᠤᠨ ᠪᠦᠲᠦᠭᠡᠨ ᠪᠠᠶᠢᠭᠤᠯᠵᠤ ᠠᠵᠢᠯᠯᠠᠭᠤᠯᠬᠤ ᠲᠣᠭᠲᠠᠴᠠ ᠶᠢ ᠲᠦᠷᠭᠡᠨ ᠪᠠᠶᠢᠭᠤᠯᠤᠨ᠎ᠠ ᠃ ᠬᠤᠳᠠ ᠶᠢᠨ | ᠦᠶᠡᠷ ᠢ ᠰᠡᠷᠭᠡᠶᠢᠯᠡᠬᠦ ᠪᠠ ᠤᠰᠤᠲᠤᠯ ᠢ ᠵᠠᠰᠠᠬᠤ ᠠᠵᠢᠯ ᠢ ᠨᠢᠭᠡᠳᠦᠯᠲᠡᠢ ᠲᠥᠯᠥᠪᠵᠢᠭᠦᠯᠵᠦ ᠂ ᠬᠤᠳᠠ ᠶᠢᠨ ᠲᠣᠭᠤᠷᠢᠭ ᠤᠨ | ᠤᠰᠤᠨ ᠰᠢᠰᠲ᠋ᠧᠮ ᠂ ᠤᠰᠤ ᠭᠠᠳᠠᠭᠰᠢᠯᠠᠭᠤᠯᠬᠤ ᠬᠤᠭᠤᠯᠠᠢ ᠶᠢᠨ ᠲᠣᠣᠷ ᠬᠢᠭᠡᠳ ᠡᠷᠭᠢᠨ ᠲᠣᠭᠤᠷᠢᠨ ᠤ ᠭᠤᠣᠯ ᠮᠥᠷᠡᠨ | ᠨᠠᠭᠤᠷ ᠲᠠᠩᠭᠢᠰ ᠂ ᠤᠰᠤᠨ ᠴᠥᠭᠦᠷᠥᠮ ᠵᠡᠷᠭᠡ ᠶᠢ ᠬᠤᠯᠪᠤᠭᠠᠯᠠᠨ ᠵᠠᠯᠠᠵᠤ ᠬᠤᠯᠪᠤᠭᠠᠯᠠᠨ ᠲᠣᠬᠢᠷᠠᠭᠤᠯᠬᠤ ᠠᠵᠢᠯᠯᠠᠭᠠᠨ ᠤ | ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠲᠦᠷᠭᠡᠳᠬᠡᠵᠦ ᠂ ᠬᠤᠳᠠ ᠶᠢᠨ ᠦᠶᠡᠷ ᠢ ᠰᠡᠷᠭᠡᠶᠢᠯᠡᠵᠦ | ᠤᠰᠤᠲᠤᠯ ᠢ ᠵᠠᠯᠠᠬᠤ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠵᠤ ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ ᠃ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢ ᠥᠭᠡᠷᠡᠴᠢᠯᠡᠨ | ᠲᠡᠰ ᠳᠡᠪᠰᠢᠭᠦᠯᠬᠦ ᠶᠢ ᠠᠬᠢᠭᠤᠯᠤᠨ᠎ᠠ ᠃ ᠣᠯᠠᠨ ᠨᠡᠶᠢᠲᠡ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠭᠠᠮᠰᠢᠭ ᠢ ᠰᠡᠷᠭᠡᠶᠢᠯᠡᠬᠦ ᠢᠨᠵᠧᠨᠧᠷᠢᠩ ᠢ ᠵᠣᠬᠢᠬᠤ ᠬᠡᠮᠵᠢᠶ᠎ᠡ ᠪᠠᠷ | ᠤᠷᠢᠳᠴᠢᠯᠠᠨ ᠪᠦᠲᠦᠭᠡᠨ ᠪᠠᠶᠢᠭᠤᠯᠤᠨ᠎ᠠ ᠃ ᠬᠤᠲᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠵᠦ ᠂ ᠲᠦᠷᠭᠡᠨ ᠬᠤᠷᠳᠤᠴᠠᠲᠤ ᠭᠤᠣᠯ ᠵᠠᠮ ᠱᠤᠭᠤᠮ ᠤᠨ ᠵᠠᠮ ᠬᠠᠷᠢᠯᠴᠠᠭ᠎ᠠ ᠂ ᠠᠮᠢᠳᠤᠷᠠᠯ ᠤᠨ ᠴᠢᠨᠠᠷᠲᠠᠢ | ᠲᠥᠪᠯᠡᠷᠡᠭᠦᠯᠵᠦ ᠲᠠᠷᠬᠠᠭᠠᠬᠤ ᠵᠠᠮ ᠬᠠᠷᠢᠯᠴᠠᠭ᠎ᠠ ᠪᠣᠯᠣᠨ ᠪᠣᠬᠢᠷᠳᠤᠯ ᠦᠭᠡᠢ ᠤᠳᠠᠭᠠᠨ ᠶᠠᠪᠤᠬᠤ ᠵᠠᠮ ᠬᠠᠷᠢᠯᠴᠠᠭ᠎ᠠ ᠶᠢ | ᠬᠥᠭᠵᠢᠭᠦᠯᠵᠦ ᠂ ᠲᠡᠷᠭᠡ ᠵᠣᠭᠰᠤᠭᠠᠬᠤ ᠲᠥᠬᠦᠭᠡᠷᠦᠮᠵᠢ ᠶᠢ ᠲᠦᠷᠭᠡᠨ ᠪᠦᠲᠦᠭᠡᠨ ᠪᠠᠶᠢᠭᠤᠯᠤᠨ᠎ᠠ ᠃ ᠬᠤᠲᠠ ᠶᠢᠨ ᠪᠠᠷᠠᠭ᠎ᠠ | ᠲᠡᠭᠡᠭᠡᠪᠦᠷᠢᠯᠡᠬᠦ ᠲᠣᠣᠷ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ ᠂ ᠱᠠᠲᠤ ᠬᠤᠪᠢᠶᠠᠨ | ᠲᠣᠬᠢᠷᠠᠭᠤᠯᠤᠨ ᠬᠦᠷᠭᠡᠬᠦ ᠲᠥᠬᠦᠭᠡᠷᠦᠮᠵᠢ ᠶᠢᠨ ᠰᠢᠰᠲ᠋ᠧᠮ ᠢ ᠪᠦᠷᠢᠨᠰᠢᠭᠦᠯᠦᠨ᠎ᠡ ᠃ ᠰᠢᠨ᠎ᠡ ᠭᠡᠯᠪᠡᠷᠢ ᠶᠢᠨ ᠬᠤᠲᠠ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵ | BIM︶ ᠤᠨ ᠮᠡᠷᠭᠡᠵᠢᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠠᠮᠢ | ᠨᠠᠰᠤᠨ ᠤ ᠱᠤᠭᠤᠮ ᠤᠨ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ ᠃ | ︵ᠳᠣᠯᠤᠭ᠎ᠠ︶ ᠬᠤᠲᠠ ᠶᠢᠨ ᠠᠮᠢ ᠠᠬᠤᠢ ᠶᠢᠨ ᠰᠢᠰᠲ᠋ᠧᠮ ᠢ ᠰᠡᠷᠭᠦᠭᠡᠨ᠎ᠡ ᠃ ᠠᠭᠤᠯᠠ ᠶᠢ ᠵᠠᠰᠠᠬᠤ ᠂ ᠤᠰᠤ ᠶᠢ | ᠵᠠᠰᠠᠬᠤ ᠂ ᠬᠤᠲᠠ ᠶᠢ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ ᠂ ᠬᠤᠲᠠ ᠶᠢᠨ ᠠᠮᠢ ᠠᠬᠤᠢ ᠶᠢᠨ | ᠰᠠᠭᠤᠷᠢ ᠲᠥᠬᠦᠭᠡᠷᠦᠮᠵᠢ ᠶᠢᠨ ᠦᠷᠭᠦᠯᠵᠢᠯᠡᠭᠰᠡᠨ ᠪᠦᠷᠢᠨ ᠪᠦᠲᠦᠨ ᠰᠢᠰᠲ᠋ᠧᠮ ᠢ ᠪᠠᠶᠢᠭᠤᠯᠤᠨ᠎ᠠ ᠃ ᠡᠪᠳᠡᠭᠳᠡᠭᠰᠡᠨ ᠠᠭᠤᠯᠠᠨ | ᠴᠣᠭᠴᠠ ᠪᠣᠯᠣᠨ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠢ ᠲᠦᠷᠭᠡᠳᠬᠡᠨ ᠰᠡᠷᠭᠦᠭᠡᠨ | ᠵᠠᠰᠠᠵᠤ ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠬᠡᠷᠡᠭᠲᠡᠢ ᠃ ᠬᠠᠶᠢᠮᠢᠶᠠᠨ ᠬᠤᠲᠠ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ ᠂ ᠬᠤᠲᠠ ᠶᠢᠨ ᠨᠤᠭᠤ ᠭᠠᠵᠠᠷ ᠢ ᠬᠠᠮᠠᠭᠠᠯᠠᠨ ᠰᠡᠷᠭᠦᠭᠡᠵᠦ ᠂ ᠬᠤᠲᠠ ᠶᠢᠨ ᠪᠣᠬᠢᠷ ᠦᠮᠡᠬᠡᠢ | ᠤᠰᠤᠨ ᠴᠣᠭᠴᠠ ᠶᠢ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠵᠦ ᠂ ᠬᠤᠲᠠ ᠶᠢᠨ ᠤᠰᠤ ᠰᠢᠷᠣᠢ ᠶᠢᠨ ᠢᠳᠡᠭᠳᠡᠯ ᠢ | ᠵᠠᠰᠠᠬᠤ ᠪᠠ ᠠᠮᠢ ᠠᠬᠤᠢ ᠶᠢ ᠴᠡᠪᠡᠷᠰᠢᠭᠦᠯᠬᠦ ᠵᠢᠵᠢᠭ ᠰᠠᠪᠠ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ ᠃ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠪᠠ ᠰᠡᠷᠭᠦᠭᠡᠬᠦ ᠶᠢ ᠴᠢᠩᠭᠠᠳᠬᠠᠵᠤ ᠂ ᠪᠣᠬᠢᠷᠲᠤᠭᠰᠠᠨ ᠭᠠᠵᠠᠷ ᠢ ᠠᠮᠤᠷ ᠲᠦᠪᠰᠢᠨ ᠢᠶᠠᠷ ᠳᠠᠭᠢᠨ ᠠᠰᠢᠭᠯᠠᠬᠤ ᠶᠢ | ᠦᠨᠡᠨ ᠬᠦ ᠪᠠᠲᠤᠯᠠᠨ᠎ᠠ ᠃ ᠬᠤᠲᠠ ᠶᠢᠨ ᠨᠣᠭᠤᠭᠠᠨ ᠬᠦᠷᠢᠶ᠎ᠡ ᠨᠣᠭᠤᠭᠠᠨ ᠬᠤᠩᠭᠢᠯ ᠨᠣᠭᠤᠭᠠᠨ ᠰᠢᠭᠠᠨᠲᠠᠭ ᠨᠣᠭᠤᠭᠠᠨ | ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠨᠤᠲᠤᠭ ᠤᠨ ᠤᠷᠭᠤᠮᠠᠯ ᠬᠡᠷᠡᠭᠯᠡᠬᠦ ᠲᠦᠪᠰᠢᠨ ᠢ | ᠳᠡᠭᠡᠭᠰᠢᠯᠡᠭᠦᠯᠦᠨ ᠂ ᠬᠤᠲᠠ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ ᠂ ᠣᠯᠠᠨ ᠲᠦᠮᠡᠨ ᠤ | ᠳᠡᠷᠭᠡᠳᠡᠬᠢ ᠨᠡᠶᠢᠭᠡᠮ ᠲᠣᠭᠤᠷᠢᠭ ᠤᠨ ᠴᠡᠴᠡᠷᠯᠢᠭ ᠪᠠ ᠬᠠᠷᠮᠠᠨ ᠴᠡᠴᠡᠷᠯᠢᠭ ᠢ ᠨᠡᠮᠡᠭᠳᠡᠭᠦᠯᠦᠨ ᠂ ᠴᠡᠴᠡᠷᠯᠢᠭ ᠤᠨ ᠵᠦᠯᠭᠡ ᠶᠢ | ᠨᠡᠭᠡᠭᠡᠨ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ ᠃ | ︵ᠨᠠᠢᠮᠠ︶ ᠬᠤᠲᠠ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ᠎ᠠ ᠃ ᠪᠦᠭᠦ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠵᠣᠯᠭᠠᠭᠤᠯᠵᠤ ᠂ ᠬᠤᠲᠠ ᠶᠢᠨ ᠰᠣᠶᠣᠯ ᠤᠨ ᠥᠪ ᠬᠥᠷᠥᠩᠭᠡ ᠶᠢᠨ | ᠡᠬᠢ ᠪᠠᠶᠠᠯᠢᠭ ᠤᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ ᠃ ︽ᠬᠠᠭᠤᠴᠢᠨ ᠬᠤᠲᠠ ᠶᠢ ᠳᠠᠭᠢᠨ | ᠨᠤᠷᠠᠭᠠᠵᠤ ᠪᠤᠯᠬᠤ ᠦᠭᠡᠢ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠂ ᠬᠠᠭᠤᠴᠢᠨ ᠬᠤᠲᠠ ᠵᠢᠴᠢ ᠲᠡᠦᠬᠡ ᠰᠣᠶᠣᠯ ᠤᠨ | ᠵᠡᠭᠡᠯᠢ ᠲᠣᠭᠤᠷᠢᠭ ᠢ ᠪᠦᠭᠦ ᠲᠠᠯ᠎ᠠ ᠪᠠᠷ ᠪᠠᠶᠢᠴᠠᠭᠠᠵᠤ ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠂ | ᠬᠠᠭᠤᠴᠢᠨ ᠵᠡᠭᠡᠯᠢ ᠲᠣᠭᠤᠷᠢᠭ ᠂ ᠬᠠᠭᠤᠴᠢᠨ ᠦᠢᠯᠡᠳᠪᠦᠷᠢ ᠶᠢᠨ ᠲᠣᠭᠤᠷᠢᠭ ᠤᠨ ᠰᠣᠶᠣᠯ ᠤᠨ ᠥᠪ ᠬᠥᠷᠥᠩᠭᠡ ᠶᠢᠨ ᠡᠬᠢ | ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ ᠂ ᠬᠠᠮᠤᠭ ᠤᠨ ᠴᠢᠩᠭ᠎ᠠ ᠬᠠᠮᠠᠭᠠᠯᠠᠬᠤ ᠬᠦᠷᠢᠶ᠎ᠡ ᠬᠡᠪᠴᠢᠶ᠎ᠡ ᠶᠢ | ᠬᠤᠪᠢᠶᠠᠷᠢᠯᠠᠨ ᠲᠣᠭᠲᠠᠭᠠᠨ᠎ᠠ ᠃ ᠰᠣᠶᠣᠯ ᠤᠨ ᠥᠪ ᠬᠥᠷᠥᠩᠭᠡ ᠶᠢᠨ ᠨᠥᠯᠥᠭᠡ ᠳᠤ ᠦᠨᠡᠯᠡᠯᠲᠡ ᠬᠢᠬᠦ ᠶᠢ ᠥᠷᠨᠢᠭᠦᠯᠵᠦ ᠂ ︽ | ᠤᠷᠢᠳ ᠢᠶᠠᠷ ᠪᠠᠶᠢᠴᠠᠭᠠᠵᠤ ᠳᠠᠷᠠᠭ᠎ᠠ ᠨᠢ ᠪᠦᠲᠦᠭᠡᠨ ᠪᠠᠶᠢᠭᠤᠯᠬᠤ︾ ᠂ ︽ᠤᠷᠢᠳ ᠢᠶᠠᠷ ᠬᠠᠭᠤᠴᠢ ᠰᠤᠳᠤᠯᠵᠤ ᠳᠠᠷᠠᠭ᠎ᠠ ᠨᠢ | ᠰᠢᠯᠵᠢᠭᠦᠯᠦᠨ ᠥᠭᠬᠦ︾ ᠬᠠᠮᠠᠭᠠᠯᠠᠯᠲᠠ ᠶᠢᠨ ᠤᠷᠢᠳᠠᠴᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ᠬᠠᠭᠤᠴᠢᠨ ᠭᠡᠷ | ᠪᠠᠶᠢᠰᠢᠩ ᠢ ᠨᠤᠷᠠᠭᠠᠬᠤ ᠬᠠᠮᠢᠶᠠᠷᠤᠯᠲᠠ ᠶᠢ ᠴᠢᠩᠭᠠᠳᠬᠠᠨ ᠂ ᠬᠠᠮᠠᠭᠠᠯᠠᠬᠤ ᠦᠨ᠎ᠡ ᠥᠷᠲᠡᠭ ᠲᠠᠢ ᠬᠠᠭᠤᠴᠢᠨ ᠪᠠᠷᠢᠯᠭ᠎ᠠ ᠂ | ᠡᠷᠲᠡᠨ ᠤ ᠠᠷᠠᠳ ᠤᠨ ᠣᠷᠣᠨ ᠰᠠᠭᠤᠴᠠ ᠶᠢ ᠳᠤᠷ᠎ᠠ ᠪᠠᠷ ᠢᠶᠠᠨ ᠨᠤᠷᠠᠭᠠᠬᠤ ᠦᠭᠡᠢ ᠪᠠᠶᠢᠵᠤ ᠂ ᠦᠨᠡᠨ ᠨᠤᠷᠠᠭᠠᠵᠤ | ᠬᠠᠭᠤᠷᠮᠠᠭ ᠢᠶᠠᠷ ᠪᠠᠶᠢᠭᠤᠯᠬᠤ ᠶᠢ ᠴᠠᠭᠠᠵᠠᠯᠠᠨ᠎ᠠ ᠃ ᠰᠠᠭᠤᠭᠠᠯᠢ ᠠᠷᠠᠳ ᠢᠶᠠᠷ ᠭᠤᠣᠯ ᠴᠣᠭᠴᠠ ᠪᠤᠯᠭᠠᠬᠰᠠᠨ ᠬᠠᠮᠠᠭᠠᠯᠠᠵᠤ | ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠂ ᠲᠡᠦᠬᠡ ᠰᠣᠶᠣᠯ ᠤᠨ ᠵᠡᠭᠡᠯᠢ ᠲᠣᠭᠤᠷᠢᠭ ᠢ ᠰᠡᠷᠭᠦᠭᠡᠬᠦ ᠪᠠ ᠰᠢᠯᠵᠢᠭᠦᠯᠵᠦ | ᠪᠤᠯᠬᠤ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠂ ᠲᠡᠦᠬᠡ ᠶᠢᠨ ᠪᠠᠷᠢᠯᠭ᠎ᠠ ᠶᠢ ᠰᠡᠯᠪᠢᠨ ᠵᠠᠰᠠᠬᠤ ᠶᠢ ᠠᠬᠢᠭᠤᠯᠵᠤ ᠂ | ᠰᠣᠶᠣᠯ ᠤᠨ ᠥᠪ ᠢ ᠵᠦᠢ ᠵᠣᠬᠢᠰᠲᠠᠢ ᠠᠰᠢᠭᠯᠠᠬᠤ ᠠᠷᠭ᠎ᠠ ᠵᠠᠮ ᠢ ᠰᠦᠪᠡᠭᠴᠢᠯᠡᠨ᠎ᠡ ᠃ ᠴᠢᠬᠤᠯᠠ ᠲᠡᠦᠬᠡ ᠰᠣᠶᠣᠯ ᠤᠨ | ᠦᠨ᠎ᠡ ᠥᠷᠲᠡᠭ ᠲᠠᠢ ᠂ ᠳᠤᠮᠳᠠᠳᠤ ᠶᠢᠨ ᠲᠡᠦᠬᠡ ᠰᠣᠶᠣᠯ ᠤᠨ ᠰᠤᠳᠠᠰᠤ ᠶᠢ ᠢᠯᠡᠷᠡᠭᠦᠯᠦᠭᠰᠡᠨ ᠭᠠᠵᠠᠷ ᠤᠨ ᠨᠡᠷ᠎ᠡ ᠶᠢ | ᠬᠠᠮᠠᠭᠠᠯᠠᠵᠤ ᠂ ᠵᠢᠷᠤᠮᠵᠢᠯ ᠦᠭᠡᠢ ᠭᠠᠵᠠᠷ ᠤᠨ ᠨᠡᠷ᠎ᠡ ᠶᠢ ᠵᠣᠬᠢᠰᠲᠠᠢ ᠪᠠᠷ ᠴᠡᠭᠴᠡᠯᠡᠨ᠎ᠡ ᠃ ᠬᠤᠲᠠ ᠶᠢᠨ ᠰᠢᠨᠡᠳᠬᠡᠭᠰᠡᠨ | ᠭᠤᠣᠯᠳᠠᠯᠭ᠎ᠠ ᠲᠠᠢ ᠭᠠᠵᠠᠷ ᠣᠷᠣᠨ ᠂ ᠴᠢᠬᠤᠯᠠ ᠭᠠᠵᠠᠷ ᠣᠷᠣᠨ ᠤ ᠳᠦᠷᠰᠦ ᠪᠠᠶᠢᠳᠠᠯ ᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ ᠂ ᠭᠡᠲᠦ ᠶᠡᠭᠡ ᠬᠡᠮᠵᠢᠶᠡᠨ ᠤ ᠣᠯᠠᠨ ᠨᠡᠶᠢᠲᠡ ᠶᠢᠨ ᠪᠠᠷᠢᠯᠭ᠎ᠠ ᠂ ᠭᠡᠲᠦ ᠥᠨᠳᠥᠷ ᠳᠠᠪᠬᠤᠷᠭᠠᠲᠤ ᠪᠠᠷᠢᠯᠭ᠎ᠠ ᠶᠢ | ᠴᠢᠩᠭ᠎ᠠ ᠬᠠᠮᠢᠶᠠᠷᠤᠨ᠎ᠠ ᠃ | ᠭᠤᠷᠪᠠ ᠂ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠨ᠎ᠠ | ︵ᠨᠢᠭᠡ︶ ᠬᠤᠲᠠ ᠶᠢ ᠰᠢᠨᠡᠳᠬᠡᠬᠦ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ᠬᠡᠷᠡᠭᠴᠡᠭᠡ ᠪᠠᠷ | ᠤᠳᠤᠷᠢᠳᠤᠮᠵᠢ ᠪᠤᠯᠭᠠᠬᠰᠠᠨ ᠂ ᠲᠥᠷᠥᠯ ᠵᠦᠢᠯ ᠢᠶᠠᠷ ᠬᠥᠲᠥᠯᠥᠮᠵᠢ ᠪᠤᠯᠭᠠᠬᠰᠠᠨ ᠬᠤᠲᠠ ᠶᠢ ᠰᠢᠨᠡᠳᠬᠡᠬᠦ ᠪᠠᠶᠢᠭᠤᠯᠤᠯ | ᠲᠣᠭᠲᠠᠴᠠ ᠶᠢᠨ ᠰᠢᠨ᠎ᠡ ᠶᠢ ᠡᠭᠦᠳᠬᠦ ᠪᠠ ᠲᠡᠭᠦᠯᠳᠡᠷᠵᠢᠭᠦᠯᠦᠨ᠎ᠡ ᠃ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢ ᠦᠨᠡᠯᠡᠨ | ᠵᠢᠱᠢᠬᠦ ᠶᠢ ᠪᠦᠭᠦ ᠲᠠᠯ᠎ᠠ ᠪᠠᠷ ᠥᠷᠨᠢᠭᠦᠯᠵᠦ ᠂ ᠠᠰᠠᠭᠤᠳᠠᠯ ᠢ ᠢᠯᠡᠷᠡᠭᠦᠯᠬᠦ ᠂ ᠠᠰᠠᠭᠤᠳᠠᠯ ᠢ ᠰᠢᠢᠳᠪᠦᠷᠢᠯᠡᠬᠦ ᠂ ᠦᠷ᠎ᠡ | ᠪᠦᠲᠦᠮᠵᠢ ᠶᠢ ᠦᠨᠡᠯᠡᠨ ᠵᠢᠱᠢᠬᠦ ᠂ ᠪᠠᠬᠢᠵᠢᠭᠦᠯᠦᠨ ᠳᠡᠭᠡᠭᠰᠢᠯᠡᠭᠦᠯᠭᠦ ᠠᠵᠢᠯ ᠤᠨ ᠠᠷᠭ᠎ᠠ ᠵᠠᠮ ᠢ ᠪᠠᠶᠢᠭᠤᠯᠤᠨ᠎ᠠ ᠃ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠦᠨᠳᠦᠰᠦᠯᠡᠨ ᠂ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ | ᠦᠨᠡᠯᠡᠨ ᠵᠢᠱᠢᠭᠰᠡᠨ ᠦᠷ᠎ᠡ ᠳ᠋ᠦᠩ ᠲᠠᠢ ᠤᠶᠠᠯᠳᠤᠭᠤᠯᠵᠤ ᠂ ᠬᠤᠲᠠ ᠶᠢᠨ ᠰᠢᠨᠡᠳᠬᠡᠬᠦ ᠲᠤᠰᠬᠠᠢ ᠲᠦᠷᠦᠯ ᠤᠨ | ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ ᠂ ᠬᠤᠲᠠ ᠶᠢᠨ ᠰᠢᠨᠡᠳᠬᠡᠬᠦ ᠠᠵᠢᠯᠯᠠᠭᠠᠨ ᠤ ᠬᠠᠷᠠᠯᠲᠠ ᠂ | ᠭᠤᠣᠯᠳᠠᠯᠭ᠎ᠠ ᠲᠠᠢ ᠡᠭᠦᠷᠭᠡ ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠣᠨ ᠬᠡᠷᠡᠭᠵᠢᠭᠦᠯᠬᠦ ᠴᠠᠭ ᠤᠨ | ᠳᠠᠷᠠᠭᠠᠯᠠᠯ ᠢ ᠲᠣᠭᠲᠠᠭᠠᠨ ᠂ ︽ᠲᠤᠰᠬᠠᠢ ᠲᠦᠷᠦᠯ ᠤᠨ ᠲᠥᠯᠦᠪᠵᠢᠭᠦᠯᠭᠡ — ᠬᠡᠰᠡᠭ ᠣᠷᠣᠨ ᠤ ᠤᠬᠠᠭᠠᠯᠠᠯ ᠲᠥᠰᠥᠪᠯᠡᠯ — | ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠤᠨ ᠲᠥᠯᠥᠪᠵᠢᠭᠦᠯᠦᠨ ᠬᠡᠷᠡᠭᠵᠢᠭᠦᠯᠬᠦ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ ᠃ ᠬᠤᠲᠠ ᠶᠢᠨ ᠵᠢᠷᠤᠭ ᠲᠥᠯᠥᠪᠯᠡᠭᠡ ᠶᠢᠨ ᠬᠤᠲᠠ ᠶᠢᠨ ᠰᠢᠨᠡᠳᠬᠡᠬᠦ ᠲᠥᠷᠥᠯ ᠵᠦᠢᠯ ᠤᠨ | ᠬᠡᠷᠡᠭᠵᠢᠭᠦᠯᠦᠯᠲᠡ ᠳᠠᠬᠢ ᠬᠥᠲᠥᠯᠥᠨ ᠵᠢᠯᠤᠭᠤᠳᠬᠤ ᠦᠢᠯᠡᠳᠦᠯ ᠢ ᠴᠢᠩᠭᠠᠷᠠᠭᠤᠯᠵᠤ ᠂ ᠭᠡᠷ ᠪᠠᠶᠢᠰᠢᠩ ᠂ ᠰᠠᠭᠤᠭᠠᠯᠢ | ᠠᠷᠠᠳ ᠤᠨ ᠲᠣᠭᠤᠷᠢᠭ ᠂ ᠨᠡᠶᠢᠭᠡᠮ ᠲᠣᠭᠤᠷᠢᠭ ᠂ ᠬᠤᠲᠠ ᠶᠢᠨ ᠲᠣᠭᠤᠷᠢᠭ ᠂ ᠬᠤᠲᠠ ᠵᠡᠷᠭᠡ ᠠᠳᠠᠯᠢ ᠪᠤᠰᠤ | ᠭᠡᠮᠵᠢᠶᠡᠷᠢᠯᠡᠯ ᠤᠨ ᠵᠢᠷᠤᠭ ᠲᠥᠯᠥᠪᠯᠡᠭᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠎ᠠ ᠃ ᠬᠤᠲᠠ ᠶᠢᠨ | ᠰᠢᠨᠡᠳᠬᠡᠬᠦ ᠳᠤ ᠵᠣᠬᠢᠴᠠᠭᠰᠠᠨ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ | ᠬᠠᠮᠢᠶᠠᠷᠤᠯᠲᠠ ᠶᠢᠨ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ ᠃ | ︵ᠬᠤᠶᠠᠷ︶ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃ ︽ᠲᠥᠷᠥᠯ ᠵᠦᠢᠯ ᠨᠢ | ᠲᠥᠯᠦᠪᠵᠢᠭᠦᠯᠭᠡ ᠶᠢ ᠳᠠᠭᠠᠬᠤ ᠂ ᠭᠠᠵᠠᠷ ᠰᠢᠷᠣᠢ ᠶᠢᠨ ᠬᠦᠴᠦᠨ ᠵᠦᠢᠯ ᠨᠢ ᠲᠥᠷᠥᠯ ᠵᠦᠢᠯ ᠢ ᠳᠠᠭᠠᠬᠤ︾ ᠶᠢ | ᠪᠠᠷᠢᠮᠲᠠᠯᠠᠵᠤ ᠂ ᠭᠠᠵᠠᠷ ᠰᠢᠷᠣᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ ᠂ ᠪᠦᠭᠦ ᠣᠷᠣᠨ ᠪᠦᠰᠡ ᠪᠦᠭᠦ ᠲᠥᠷᠥᠯ ᠭᠡᠯᠪᠡᠷᠢ ᠶᠢ | ᠬᠠᠮᠤᠷᠤᠭᠰᠠᠨ ᠂ ᠨᠢᠭᠡᠳᠦᠯᠲᠡᠢ ᠵᠣᠯᠭᠠᠭᠤᠯᠤᠭᠰᠠᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠴᠡᠭᠡ ᠶᠢᠨ | ᠬᠠᠮᠢᠶᠠᠷᠤᠯᠲᠠ ᠪᠠ ᠲᠥᠯᠦᠪᠵᠢᠭᠦᠯᠭᠡ ᠶᠢᠨ ᠵᠥᠪᠰᠢᠶᠡᠷᠡᠯ ᠤᠨ ᠳᠦᠷᠢᠮ ᠢ ᠲᠣᠭᠲᠠᠭᠠᠨ ᠪᠦᠷᠢᠨᠰᠢᠭᠦᠯᠵᠦ ᠂ ᠰᠢᠨ᠎ᠡ ᠪᠠᠷ | ᠨᠡᠮᠡᠭᠳᠡᠭᠰᠡᠨ ᠪᠠ ᠬᠠᠳᠠᠭᠠᠯᠠᠭᠳᠠᠵᠤ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢᠭᠡᠳᠦᠯᠲᠡᠢ | ᠲᠥᠯᠥᠪᠵᠢᠭᠦᠯᠵᠦ ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠣᠬᠢᠷᠠᠭᠤᠯᠤᠯᠲᠠ ᠳᠤ | ᠬᠤᠯᠪᠣᠭᠳᠠᠭᠰᠠᠨ ᠪᠠᠶᠢᠪᠠᠯ ᠂ ᠲᠠᠰ ᠳᠠᠷᠠᠭᠠᠯᠠᠯ ᠶᠣᠰᠣᠭᠠᠷ ᠬᠠᠤᠯᠢ ᠶᠣᠰᠣᠭᠠᠷ ᠭᠦᠢᠴᠡᠳᠬᠡᠨ᠎ᠡ ᠃ ᠭᠠᠵᠠᠷ ᠰᠢᠷᠣᠢ ᠶᠢ ᠤᠯᠠᠨ | ᠵᠦᠢᠯ ᠤᠨ ᠭᠡᠯᠪᠡᠷᠢ ᠪᠠᠷ ᠨᠡᠭᠡᠭᠡᠨ ᠠᠰᠢᠭᠯᠠᠬᠤ ᠪᠠ ᠬᠡᠷᠡᠭᠴᠡᠭᠡ ᠶᠢ ᠬᠠᠤᠯᠢ ᠶᠣᠰᠣᠭᠠᠷ ᠵᠦᠢ ᠵᠣᠬᠢᠰᠲᠠᠢ ᠬᠤᠪᠢᠷᠠᠭᠤᠯᠬᠤ ᠶᠢ | ᠠᠬᠢᠭᠤᠯᠵᠤ ᠂ ᠬᠡᠷᠡᠭᠴᠡᠭᠡ ᠶᠢ ᠬᠤᠪᠢᠷᠠᠭᠤᠯᠬᠤ ᠪᠠ ᠵᠣᠬᠢᠴᠠᠩᠭᠤᠢ ᠪᠠᠷ ᠬᠡᠷᠡᠭᠯᠡᠬᠦ ᠵᠥᠪ ᠲᠠᠯ᠎ᠠ ᠶᠢᠨ ᠨᠠᠷᠢᠨ ᠲᠠᠩᠰᠠ ᠂ | ᠨᠠᠵᠠᠭᠠᠢ ᠲᠠᠯ᠎ᠠ ᠶᠢᠨ ᠨᠠᠷᠢᠨ ᠲᠠᠩᠰᠠ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠶᠢᠯᠠᠵᠤ ᠂ ᠬᠡᠷᠡᠭᠴᠡᠭᠡ ᠶᠢ | ᠬᠤᠪᠢᠷᠠᠭᠤᠯᠬᠤ ᠰᠢᠯᠵᠢᠯᠲᠡ ᠶᠢᠨ ᠬᠤᠭᠤᠴᠠᠭᠠᠨ ᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ ᠃ ᠦᠷ᠎ᠡ ᠠᠰᠢᠭ ᠢᠶᠠᠷ | ᠳᠣᠣᠷ᠎ᠠ ᠦᠯᠡᠳᠡᠭᠡᠯ ᠭᠠᠵᠠᠷ ᠰᠢᠷᠣᠢ ᠶᠢ ᠠᠮᠢᠳᠤᠯᠢᠭᠵᠢᠭᠤᠯᠤᠨ ᠠᠰᠢᠭᠯᠠᠵᠤ ᠂ ᠰᠤᠯᠠ ᠲᠠᠯᠪᠢᠭᠳᠠᠵᠤ ᠪᠠᠶᠢᠭ᠎ᠠ ᠭᠠᠵᠠᠷ | ᠰᠢᠷᠣᠢ ᠶᠢᠨ ᠬᠡᠷᠡᠭᠯᠡᠬᠦ ᠡᠷᠬᠡ ᠶᠢ ᠡᠭᠡᠭᠦᠯᠦᠨ ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠦᠨ ᠂ ᠬᠡᠰᠡᠭ ᠪᠤᠰᠠᠭ ᠭᠠᠵᠠᠷ | ᠰᠢᠷᠣᠢ ᠶᠢ ᠲᠥᠪᠯᠡᠷᠡᠭᠦᠯᠦᠨ ᠥᠭᠡᠷᠡᠴᠢᠯᠡᠬᠦ ᠂ ᠡᠵᠡᠯᠡᠬᠦᠨ ᠤ ᠨᠣᠷᠮ᠎ᠠ ᠶᠢ ᠰᠢᠯᠵᠢᠭᠦᠯᠬᠦ ᠪᠤᠶᠤ ᠱᠠᠩᠨᠠᠬᠤ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠦᠨ᠎ᠡ ᠃ ᠦᠷ᠎ᠡ ᠠᠰᠢᠭ ᠳᠣᠣᠷ᠎ᠠ ᠦᠯᠡᠳᠡᠭᠡᠯ ᠭᠠᠵᠠᠷ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠪᠦᠲᠦᠭᠡᠨ ᠪᠠᠶᠢᠭᠤᠯᠬᠤ ᠂ ᠠᠵᠤ ᠦᠢᠯᠡᠰ ᠢ ᠬᠥᠭᠵᠢᠭᠦᠯᠬᠦ ᠂ ᠣᠯᠠᠨ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠲᠡᠮᠵᠢᠨ᠎ᠡ ᠃ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ | ᠨᠠᠶᠢᠳᠠᠨ ᠰᠢᠯᠵᠢᠭᠦᠯᠬᠦ ᠭᠡᠷ᠎ᠡ ᠳᠤ ᠪᠣᠯᠵᠣᠨ ᠲᠣᠭᠲᠠᠭᠠᠭᠰᠠᠨ ᠪᠤᠶᠤ ᠭᠠᠵᠠᠷ ᠰᠢᠷᠣᠢ ᠶᠢ ᠰᠠᠯᠭᠠᠨ ᠥᠭᠬᠦ ᠲᠣᠭᠲᠠᠭᠠᠯ ᠤᠨ | ᠪᠢᠴᠢᠭ ᠲᠤ ᠲᠣᠭᠲᠠᠭᠠᠭᠰᠠᠨ ᠵᠠᠰᠠᠭ ᠤᠨ ᠣᠷᠳᠣᠨ ᠠᠴᠠ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠤᠷᠢᠶᠠᠨ ᠠᠪᠬᠤ ᠵᠢᠴᠢ | ᠬᠠᠤᠯᠢ ᠴᠠᠭᠠᠵᠠ ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠳᠤᠷ᠎ᠠ ᠪᠠᠷ ᠢᠶᠠᠨ ᠰᠢᠯᠵᠢᠭᠦᠯᠦᠨ ᠥᠭᠬᠦ ᠶᠢ ᠴᠠᠭᠠᠵᠠᠯᠠᠭᠰᠠᠨ | ᠪᠠᠶᠢᠳᠠᠯ ᠠᠴᠠ ᠭᠠᠳᠠᠨ᠎ᠠ ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡᠲᠦ ᠬᠥᠮᠥᠨ ᠤ ᠲᠡᠰ ᠳᠠᠷᠠᠭᠠᠯᠠᠯ | ᠶᠣᠰᠣᠭᠠᠷ ᠥᠪᠡᠰᠦᠪᠡᠨ ᠬᠡᠷᠡᠭᠯᠡᠬᠦ ᠪᠤᠶᠤ ᠰᠢᠯᠵᠢᠭᠦᠯᠦᠨ ᠥᠭᠬᠦ ᠂ ᠬᠤᠪᠢ ᠣᠷᠣᠬᠤ ᠂ ᠬᠤᠯᠪᠤᠭᠠᠯᠠᠨ ᠡᠵᠡᠩᠨᠡᠬᠦ ᠵᠡᠷᠭᠡ ᠠᠷᠭ᠎ᠠ | ᠮᠠᠶ᠋ᠢᠭ ᠢᠶᠠᠷ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠶᠢ ᠰᠢᠨᠡᠳᠬᠡᠨ ᠥᠭᠡᠷᠡᠴᠢᠯᠡᠬᠦ ᠶᠢ ᠵᠣᠷᠢᠭᠵᠢᠭᠤᠯᠤᠨ᠎ᠠ ᠃ | ᠭᠠᠵᠠᠷ ᠤᠨ ᠦᠨ᠎ᠡ ᠶᠢ ᠪᠤᠳᠤᠵᠤ ᠬᠤᠷᠢᠶᠠᠬᠤ ᠳᠦᠷᠢᠮ ᠢ ᠰᠢᠯᠢᠳᠡᠭᠵᠢᠭᠦᠯᠦᠨ᠎ᠡ ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠬᠡᠷᠡᠭᠯᠡᠬᠦ ᠡᠷᠬᠡ ᠶᠢ ᠭᠠᠵᠠᠷ ᠰᠢᠷᠣᠢ ᠶᠢᠨ ᠭᠠᠵᠠᠷ ᠤᠨ ᠭᠠᠳᠠᠷᠭᠤ ᠂ ᠭᠠᠵᠠᠷ ᠳᠡᠭᠡᠷ᠎ᠡ ᠪᠤᠶᠤ ᠭᠠᠵᠠᠷ ᠳᠣᠣᠷ᠎ᠠ ᠲᠤᠰ | ᠲᠤᠰ ᠪᠠᠶᠢᠭᠤᠯᠬᠤ ᠶᠢ ᠠᠬᠢᠭᠤᠯᠤᠨ᠎ᠠ ᠃ ᠬᠤᠳᠠ ᠶᠢ ᠰᠢᠨᠡᠳᠬᠡᠬᠦ ᠲᠠᠢ ᠬᠤᠯᠪᠣᠭᠳᠠᠬᠤ ᠦᠯᠦ ᠬᠥᠳᠡᠯᠬᠦ ᠬᠥᠷᠥᠩᠭᠡ ᠶᠢ | ᠳᠠᠩᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ ᠃ | ︵ᠭᠤᠷᠪᠠ︶ ᠭᠡᠷ ᠪᠠᠶᠢᠰᠢᠩ ᠬᠡᠷᠡᠭᠯᠡᠬᠦ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ ᠃ ᠭᠡᠷ ᠪᠠᠶᠢᠰᠢᠩ ᠬᠡᠷᠡᠭᠯᠡᠬᠦ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠭᠡᠷ ᠪᠠᠶᠢᠰᠢᠩ ᠤᠨ ᠠᠮᠤᠷ | ᠲᠦᠪᠰᠢᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠠᠮᠤᠷ ᠲᠦᠪᠰᠢᠨ ᠤ ᠪᠡᠶ᠎ᠡ ᠶᠢᠨ ᠪᠠᠶᠢᠴᠠᠭᠠᠯᠲᠠ ᠶᠢ | ᠴᠢᠩᠭᠠᠳᠬᠠᠨ ᠂ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠬᠡᠷᠡᠭᠲᠡᠢ ᠃ | ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠭᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ | ᠲᠣᠭᠲᠠᠴᠠ ᠳᠤ ᠰᠢᠨ᠎ᠡ ᠶᠢ ᠡᠭᠦᠳᠬᠦ ᠶᠢ ᠰᠦᠪᠡᠭᠴᠢᠯᠡᠬᠦ ᠬᠡᠷᠡᠭᠲᠡᠢ ᠃ ᠣᠷᠣᠨ ᠰᠠᠭᠤᠴᠠ ᠶᠢ ᠲᠤᠰᠬᠠᠶᠢᠯᠠᠨ ᠰᠡᠯᠪᠢᠨ ᠵᠠᠰᠠᠬᠤ | ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ ᠂ ᠨᠢᠭᠡᠨᠲᠡ ᠪᠠᠶᠢᠭ᠎ᠠ ᠭᠡᠷ ᠪᠠᠶᠢᠰᠢᠩ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠣᠯᠠᠨ ᠨᠡᠶᠢᠲᠡ ᠶᠢᠨ ᠪᠡᠯᠡ ᠮᠥᠩᠭᠦ ᠴᠤᠭᠯᠠᠭᠤᠯᠬᠤ ᠂ ᠬᠠᠮᠢᠶᠠᠷᠬᠤ ᠂ ᠬᠡᠷᠡᠭᠯᠡᠬᠦ ᠵᠠᠭᠪᠤᠷ ᠢ | ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠤᠨ᠎ᠠ ᠃ | ︵ᠳᠥᠷᠪᠡ︶ ᠣᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠠᠷᠭ᠎ᠠ ᠮᠠᠶ᠋ᠢᠭ ᠢ ᠪᠦᠷᠢᠨᠰᠢᠭᠦᠯᠦᠨ᠎ᠡ ᠃ | ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠤᠷᠳᠤ | ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠲᠦᠷᠦᠯ ᠵᠦᠢᠯ ᠳᠤ | ᠳᠡᠮᠵᠢᠯᠭᠡ ᠦᠵᠡᠭᠦᠯᠦᠨ᠎ᠡ ᠃ ᠲᠥᠪ ᠤᠨ ᠡᠳ᠋ ᠤᠨ ᠵᠠᠰᠠᠭ ᠠᠴᠠ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠶᠢ | ᠳᠡᠮᠵᠢᠬᠦ ᠬᠡᠷᠡᠭᠲᠡᠢ ᠃ ᠣᠷᠣᠨ ᠨᠤᠲᠤᠭ ᠤᠨ ᠵᠠᠰᠠᠭ ᠤᠨ ᠣᠷᠳᠣᠨ ᠨᠤᠭᠤᠳ ᠡᠳ᠋ ᠤᠨ ᠵᠠᠰᠠᠭ ᠤᠨ ᠣᠷᠣᠭᠤᠯᠤᠯᠲᠠ ᠪᠠᠨ | ᠨᠡᠮᠡᠭᠳᠡᠭᠦᠯᠵᠦ ᠂ ᠬᠠᠮᠢᠶ᠎ᠠ ᠪᠦᠬᠦᠢ ᠪᠡᠯᠡ ᠮᠥᠩᠭᠦ ᠶᠢ ᠨᠡᠶᠢᠳᠬᠡᠬᠦ ᠪᠠ ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠶᠢ | ᠠᠬᠢᠭᠤᠯᠵᠤ ᠂ ᠥᠷᠢ ᠥᠭᠴᠡᠭᠡ ᠶᠢᠨ ᠲᠦᠭᠰᠢᠭᠦᠷᠢ ᠶᠢ ᠡᠵᠡᠮᠳᠡᠵᠦ ᠳᠡᠶᠢᠯᠭᠦ ᠤᠷᠢᠲᠠᠯ ᠳᠣᠣᠷ᠎ᠠ ᠂ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠭᠤᠯᠤᠨ ᠨᠥᠬᠦᠴᠡᠯ ᠳᠤ | ᠨᠡᠶᠢᠴᠡᠬᠦ ᠬᠤᠲᠠ ᠶᠢ ᠰᠢᠨᠡᠳᠬᠡᠬᠦ ᠲᠥᠷᠥᠯ ᠵᠦᠢᠯ ᠳᠤ ᠳᠡᠮᠵᠢᠯᠭᠡ ᠦᠵᠡᠭᠦᠯᠵᠦ ᠂ ᠬᠠᠤᠯᠢ ᠲᠣᠭᠲᠠᠭᠠᠯ ᠠᠴᠠ ᠵᠥᠷᠢᠴᠡᠨ | ᠵᠢᠭᠡᠯᠡᠯᠭᠡ ᠠᠪᠴᠤ ᠪᠡᠯᠡ ᠨᠡᠶᠢᠯᠡᠭᠦᠯᠬᠦ ᠶᠢ ᠴᠢᠩᠭ᠎ᠠ ᠴᠠᠭᠠᠵᠠᠯᠠᠬᠤ ᠬᠡᠷᠡᠭᠲᠡᠢ ᠃ ᠬᠤᠲᠠ ᠶᠢᠨ ᠭᠠᠶᠢᠯᠢ ᠰᠦᠢᠳᠬᠡᠯ ᠢ | ᠪᠠᠭᠠᠰᠬᠠᠵᠤ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠡᠯ᠎ᠡ | ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ ᠂ ᠲᠦᠭᠰᠢᠭᠦᠷᠢ ᠶᠢ | ᠡᠵᠡᠮᠳᠡᠵᠦ ᠪᠤᠯᠬᠤ ᠂ ᠬᠤᠳᠠᠯᠳᠤᠭ᠎ᠠ ᠶᠢ ᠦᠷᠭᠦᠯᠵᠢᠯᠡᠭᠦᠯᠬᠦ ᠤᠷᠢᠲᠠᠯ ᠳᠣᠣᠷ᠎ᠠ ᠬᠤᠲᠠ ᠶᠢ ᠰᠢᠨᠡᠳᠬᠡᠬᠦ ᠳᠤ ᠢᠳᠡᠪᠬᠢᠲᠡᠢ | ᠣᠷᠤᠯᠴᠠᠬᠤ ᠶᠢ ᠵᠣᠷᠢᠭᠵᠢᠭᠤᠯᠵᠤ ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠢ ᠃ ᠵᠠᠬ᠎ᠠ | ᠳᠡᠯᠭᠡᠭᠦᠷᠴᠢᠯᠡᠭᠰᠡᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠵᠠᠭᠪᠤᠷ ᠢ ᠲᠡᠭᠦᠯᠳᠡᠷᠵᠢᠭᠦᠯᠵᠦ ᠂ ᠨᠡᠶᠢᠭᠡᠮ ᠤᠨ | ᠬᠥᠷᠥᠩᠭᠡ ᠶᠢ ᠲᠡᠳᠡᠨ ᠬᠤᠲᠠ ᠶᠢ ᠰᠢᠨᠡᠳᠬᠡᠬᠦ ᠳᠤ ᠣᠷᠣᠯᠴᠠᠭᠤᠯᠵᠤ ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ | ᠰᠠᠭᠤᠷᠢ ᠲᠥᠬᠦᠭᠡᠷᠦᠮᠵᠢ ᠶᠢᠨ ᠬᠦᠷᠢᠶ᠎ᠡ ᠶᠢᠨ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ | ᠰᠠᠭᠤᠷᠢ ᠮᠥᠩᠭᠦ ︵REITs︶ ᠂ ᠡᠳ᠋ ᠬᠥᠷᠥᠩᠭᠡ ᠶᠢᠨ ᠦᠨᠡᠲᠦ ᠲᠡᠮᠳᠡᠭᠴᠢᠯᠡᠭᠰᠡᠨ ᠦᠢᠯᠡᠳᠬᠦᠨ ᠂ ᠺᠤᠮᠫᠠᠨᠢ ᠶᠢᠨ | ᠢᠲᠡᠭᠡᠮᠵᠢ ᠶᠢᠨ ᠲᠥᠷᠥᠯ ᠤᠨ ᠵᠢᠭᠡᠯᠡᠯᠭᠡ ᠶᠢᠨ ᠲᠡᠮᠳᠡᠭᠲᠦ ᠵᠡᠷᠭᠡ ᠶᠢ ᠲᠠᠷᠬᠠᠭᠠᠬᠤ ᠶᠢ ᠠᠬᠢᠭᠤᠯᠤᠨ᠎ᠠ ᠃ | ︵ᠲᠠᠪᠤ︶ ᠵᠠᠰᠠᠭ ᠤᠨ ᠣᠷᠳᠣᠨ ᠬᠥᠲᠥᠯᠥᠨ ᠵᠢᠯᠣᠭᠤᠳᠤᠭᠰᠠᠨ ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠭᠰᠠᠨ ᠂ ᠣᠯᠠᠨ | ᠨᠡᠶᠢᠲᠡ ᠪᠠᠷ ᠢᠶᠠᠨ ᠣᠷᠣᠯᠴᠠᠬᠰᠠᠨ ᠬᠤᠲᠠ ᠶᠢ ᠰᠢᠨᠡᠳᠬᠡᠬᠦ ᠦᠷᠭᠦᠯᠵᠢᠯᠡᠬᠦ ᠵᠠᠭᠪᠤᠷ ᠢ ᠪᠠᠶᠢᠭᠤᠯᠬᠤ ᠬᠡᠷᠡᠭᠲᠡᠢ ᠃ ᠵᠡᠭᠡᠯᠢ | ᠭᠤᠳᠤᠮᠵᠢ ᠶᠢᠨ ᠨᠡᠶᠢᠭᠡᠮ ᠲᠣᠭᠤᠷᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠠᠷᠠᠳ ᠣᠯᠠᠨ ᠤ ᠬᠤᠲᠠ ᠶᠢ | ᠰᠢᠨᠡᠳᠬᠡᠬᠦ ᠳᠤ ᠣᠷᠤᠯᠴᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ ᠃ ᠬᠤᠲᠠ ᠶᠢᠨ ᠬᠠᠮᠢᠶᠠᠷᠤᠯᠲᠠ ᠶᠢ ᠨᠡᠶᠢᠭᠡᠮ | ᠲᠣᠭᠤᠷᠢᠭ ᠲᠤ ᠣᠷᠣᠭᠤᠯᠬᠤ ᠠᠵᠢᠯ ᠢ ᠥᠷᠨᠢᠭᠦᠯᠦᠨ᠎ᠡ ᠃ ᠥᠮᠴᠢᠯᠡᠬᠦ ᠡᠷᠬᠡ ᠶᠢᠨ ᠥᠮᠴᠢᠯᠡᠭᠴᠢ ᠶᠢᠨ ᠪᠡᠶ᠎ᠡ ᠪᠠᠨ ᠳᠠᠭᠠᠭᠠᠨ | ᠰᠢᠨᠡᠳᠬᠡᠬᠦ ᠶᠢ ᠵᠣᠷᠢᠭᠵᠢᠭᠤᠯᠵᠤ ᠂ ᠠᠵᠤ ᠠᠬᠤᠶᠢᠯᠠᠯ ᠤᠨ ᠦᠷ᠎ᠡ ᠠᠰᠢᠭ ᠢᠶᠠᠷ ᠳᠣᠣᠷ᠎ᠠ ᠦᠯᠡᠳᠡᠭᠡᠯ ᠬᠥᠷᠥᠩᠭᠡ ᠶᠢ | ᠴᠢᠯᠦᠭᠡᠲᠡᠢ ᠪᠤᠯᠭᠠᠵᠤ ᠂ ᠤᠯᠤᠰ ᠤᠨ ᠥᠮᠴᠢᠯᠡᠯ ᠤᠨ ᠬᠥᠷᠥᠩᠭᠡ ᠶᠢᠨ ᠳᠠᠶᠢᠴᠢᠯᠠᠬᠤ ᠦᠢᠯᠡᠳᠦᠯ ᠢ ᠨᠠᠩ ᠰᠠᠶᠢᠨ | ᠪᠠᠳᠠᠷᠠᠭᠤᠯᠬᠤ ᠬᠡᠷᠡᠭᠲᠡᠢ ᠃ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠣᠯᠠᠨ | ᠬᠦᠷᠢᠶ᠎ᠡ ᠶᠢᠨ ᠲᠤᠰᠬᠠᠢ ᠬᠦᠴᠦᠨ ᠪᠠ ᠦᠢᠯᠡᠴᠢᠯᠡᠭᠡᠨ ᠤ ᠪᠠᠶᠢᠭᠤᠯᠤᠮᠵᠢ ᠶᠢ ᠬᠤᠲᠠ ᠶᠢ ᠰᠢᠨᠡᠳᠬᠡᠬᠦ ᠳᠤ ᠣᠷᠣᠯᠴᠠᠭᠤᠯᠬᠤ ᠶᠢ | ᠳᠡᠮᠵᠢᠵᠦ ᠂ ᠲᠤᠰᠬᠠᠢ ᠮᠡᠷᠭᠡᠵᠢᠯᠲᠡᠨ ᠤ ᠣᠯᠠᠨ ᠨᠡᠶᠢᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ | ᠳᠦᠷᠢᠮ ᠢ ᠪᠦᠷᠢᠨᠰᠢᠭᠦᠯᠦᠨ᠎ᠡ ᠃ ᠬᠤᠲᠠ ᠶᠢ ᠰᠢᠨᠡᠳᠬᠡᠬᠦ ᠳᠤ ᠵᠣᠬᠢᠴᠠᠭᠰᠠᠨ ᠪᠦᠲᠦᠭᠡᠨ ᠪᠠᠶᠢᠭᠤᠯᠤᠯᠲᠠ ᠂ ᠡᠵᠡᠩᠨᠡᠯᠲᠡ ᠂ | ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠃ ᠬᠤᠳᠠ ᠶᠢ ᠰᠢᠨᠡᠳᠬᠡᠬᠦ ᠨᠡᠶᠢᠭᠡᠮ ᠤᠨ ᠠᠶᠤᠯ | ᠲᠦᠭᠰᠢᠭᠦᠷᠢ ᠶᠢ ᠦᠨᠡᠯᠡᠨ ᠵᠢᠱᠢᠬᠦ ᠂ ᠵᠥᠷᠢᠴᠡᠯ ᠢ ᠠᠷᠢᠯᠭᠠᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ | ᠴᠢᠩᠭᠠᠳᠬᠠᠨ᠎ᠠ ᠃ | ︵ᠵᠢᠷᠭᠤᠭ᠎ᠠ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠭᠦᠯᠦᠨ᠎ᠡ ᠃ ᠬᠤᠲᠠ ᠶᠢ ᠰᠢᠨᠡᠳᠬᠡᠬᠦ ᠲᠠᠢ | ᠬᠤᠯᠪᠣᠭᠳᠠᠬᠤ ᠬᠠᠤᠯᠢ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠵᠤ ᠂ ᠬᠤᠲᠠ ᠶᠢᠨ ᠲᠥᠯᠦᠪᠵᠢᠭᠦᠯᠭᠡ ᠶᠢᠨ | ᠪᠦᠲᠦᠭᠡᠨ ᠪᠠᠶᠢᠭᠤᠯᠤᠯᠲᠠ ᠡᠵᠡᠩᠨᠡᠯᠲᠡ ᠵᠠᠰᠠᠯᠲᠠ ᠪᠣᠯᠣᠨ ᠭᠡᠷ ᠪᠠᠶᠢᠰᠢᠩ ᠤᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ | ᠲᠣᠭᠲᠠᠭᠠᠯ ᠢ ᠪᠦᠷᠢᠨᠰᠢᠭᠦᠯᠦᠨ᠎ᠡ ᠃ ᠬᠤᠲᠠ ᠶᠢ ᠰᠢᠨᠡᠳᠬᠡᠬᠦ ᠳᠤ ᠲᠣᠬᠢᠷᠠᠬᠤ ᠮᠡᠷᠭᠡᠵᠢᠯ ᠤᠨ ᠪᠠᠷᠢᠮᠵᠢᠶ᠎ᠠ ᠶᠢ | ᠲᠡᠭᠦᠯᠳᠡᠷᠵᠢᠭᠦᠯᠵᠦ ᠂ ᠲᠥᠷᠥᠯ ᠬᠤᠪᠢᠶᠠᠭᠰᠠᠨ ᠲᠣᠬᠢᠷᠠᠮᠵᠢᠲᠠᠢ ᠭᠠᠯ ᠤᠨᠲᠠᠷᠠᠭᠠᠬᠤ ᠂ ᠢᠵᠢ ᠪᠦᠷᠢᠳᠦᠭᠦᠯᠬᠦ ᠣᠯᠠᠨ | ᠨᠡᠶᠢᠲᠡ ᠶᠢᠨ ᠲᠥᠬᠦᠭᠡᠷᠦᠮᠵᠢ ᠵᠡᠷᠭᠡ ᠪᠠᠷᠢᠮᠵᠢᠶ᠎ᠠ ᠶᠢ ᠲᠣᠭᠲᠠᠭᠠᠨ ᠵᠠᠰᠠᠪᠤᠷᠢ ᠣᠷᠣᠭᠤᠯᠤᠨ᠎ᠠ ᠃ ᠬᠤᠳᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠰᠢᠨ᠎ᠡ | ᠮᠡᠷᠭᠡᠵᠢᠯ ᠂ ᠰᠢᠨ᠎ᠡ ᠤᠷ᠎ᠠ ᠮᠡᠷᠭᠡᠰᠢᠯ ᠰᠢᠨ᠎ᠡ ᠮᠠᠲ᠋ᠧᠷᠢᠶᠠᠯ ᠢ ᠶᠡᠭᠡ ᠪᠠᠷ ᠰᠤᠳᠤᠯᠤᠨ ᠨᠡᠭᠡᠭᠡᠵᠦ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ ᠃ | ᠳᠥᠷᠪᠡ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ | ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠂ ᠡᠯ᠎ᠡ ᠭᠠᠵᠠᠷ ᠣᠷᠣᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠃ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠨᠤᠭᠤᠳ ᠲᠤᠰ ᠭᠠᠵᠠᠷ ᠣᠷᠣᠨ ᠤ ᠪᠠᠨ ᠬᠤᠲᠠ ᠶᠢ ᠰᠢᠨᠡᠳᠬᠡᠬᠦ ᠠᠵᠢᠯᠯᠠᠭ᠎ᠠ ᠶᠢᠨ ᠬᠠᠷᠠᠯᠲᠠ ᠡᠭᠦᠷᠭᠡ ᠪᠠᠨ | ᠲᠣᠭᠲᠠᠭᠠᠵᠤ ᠂ ᠳᠡᠭᠡᠷ᠎ᠡ ᠳᠣᠣᠷ᠎ᠠ ᠱᠠᠲᠤ ᠪᠠᠨ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠃ ᠬᠤᠲᠠ ᠶᠢᠨ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠬᠤᠲᠠ ᠶᠢᠨ ᠱᠠᠲᠤᠨ ᠤ ᠨᠢᠭᠡᠳᠦᠯᠲᠡᠢ | ᠲᠥᠯᠥᠪᠵᠢᠭᠦᠯᠬᠦ ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ ᠂ ᠱᠠᠲᠤ ᠬᠤᠪᠢᠶᠠᠨ ᠨᠠᠶᠢᠳᠠᠪᠤᠷᠢᠵᠢᠭᠤᠯᠬᠤ ᠠᠵᠢᠯ ᠤᠨ | ᠪᠠᠶᠢᠷᠢᠰᠢᠯ ᠢ ᠪᠠᠶᠢᠭᠤᠯᠵᠤ ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ ᠪᠡᠯᠡ ᠮᠥᠩᠭᠦ | ᠵᠡᠷᠭᠡ ᠪᠠᠲᠤᠯᠠᠭ᠎ᠠ ᠶᠢ ᠴᠢᠩᠭᠠᠳᠬᠠᠵᠤ ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠯᠠᠪᠳᠠᠭᠤᠨ ᠡᠮᠬᠢ ᠵᠢᠷᠤᠮ ᠲᠠᠢ | ᠬᠡᠷᠡᠭᠵᠢᠭᠦᠯᠵᠦ ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ ᠂ ︽ᠯᠠᠷᠵᠢᠶ᠎ᠠ ᠶᠠᠩᠪᠠ ᠲᠠᠲᠠᠬᠤ︾ ᠶᠢ ᠡᠷᠡᠰ ᠬᠤᠷᠢᠭᠯᠠᠬᠤ | ᠬᠡᠷᠡᠭᠲᠡᠢ ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠲᠦᠷᠦᠭᠦᠯᠡᠨ ᠬᠢᠬᠦ | ᠦᠢᠯᠡᠳᠦᠯ ᠢᠶᠠᠨ ᠪᠠᠳᠠᠷᠠᠭᠤᠯᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠢᠭᠡᠳᠦᠯᠲᠡᠢ ᠲᠥᠯᠥᠪᠵᠢᠭᠦᠯᠦᠨ | ᠵᠢᠯᠤᠭᠤᠳᠬᠤ ᠪᠠ ᠵᠣᠬᠢᠴᠠᠭᠤᠯᠤᠨ ᠳᠡᠮᠵᠢᠬᠦ ᠪᠠᠨ ᠴᠢᠩᠭᠠᠳᠬᠠᠵᠤ ᠂ ᠳᠦᠷᠢᠮ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ | ᠬᠡᠷᠡᠭᠲᠡᠢ ᠃ ᠣᠷᠣᠨ ᠨᠤᠲᠤᠭ ᠤᠨ ᠬᠢᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠦᠪᠡᠭᠴᠢᠯᠡᠵᠦ ᠰᠢᠨ᠎ᠡ ᠶᠢ | ᠡᠭᠦᠳᠴᠦ ᠂ ᠦᠷᠭᠦᠯᠵᠢᠯᠡᠬᠦ ᠴᠢᠨᠠᠷᠲᠠᠢ ᠬᠤᠳᠠ ᠶᠢ ᠰᠢᠨᠡᠳᠬᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ | ᠳᠡᠮᠵᠢᠨ᠎ᠡ ᠃ | | |