ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
  5 ᠳ᠋ᠤᠭᠠᠷ ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ ᠂ ᠶᠡᠷᠦᠩᠬᠡᠶ ᠱᠦᠵᠢ ᠰᠢ  ᠶᠢᠨ ᠫᠢᠩ ᠤᠨ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠤᠨ ᠦᠵᠡᠬᠦ ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠰᠣᠨᠢᠷᠬᠠᠬᠤ ᠪᠠᠷ ᠳᠠᠮᠵᠢᠭᠤᠯᠤᠨ ᠂ ᠬᠡᠷᠡᠭ ᠢᠶᠠᠷ ᠲᠣᠯᠢ ᠪᠣᠯᠭᠠᠵᠤ ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ ᠂ ᠲᠣᠪᠴᠢᠶᠠᠨ ᠤ ᠪᠦᠬᠦ ᠺᠠᠳ᠋ᠷ ᠠᠵᠢᠯᠲᠠᠨ ᠠᠵᠢᠯᠴᠢᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠶᠢᠨ ᠤᠬᠠᠮᠰᠠᠷ ᠂ ᠶᠣᠰᠣ ᠲᠦᠷᠢᠮ ᠤᠨ ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠯᠭᠠᠵᠤ ᠂ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠵᠢᠷᠤᠮᠯᠠᠵᠤ ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠦᠷᠭᠦᠯᠵᠢᠯᠡᠨ ᠪᠠᠬᠢᠵᠢᠭᠦᠯᠵᠦ ᠂ ᠰᠤᠷᠲᠠᠯ ᠤᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠪᠡ ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠴᠠᠩ ᠴᠢᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ ᠂ ᠲᠣᠪᠴᠢᠶᠠᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠂ ᠲᠣᠪᠴᠢᠶᠠᠨ ᠤ ᠰᠢᠰᠲ᠋ᠧᠮ ᠤᠨ ᠪᠥᠬᠦ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠵᠠᠶ ᠃
W020250523558277310478.jpg
  ᠡᠮ ᠡᠮᠨᠡᠯᠭᠡ ᠶᠢᠨ ᠦᠨ᠎ᠡ ᠬᠢᠭᠡᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠭᠠᠵᠠᠷ ᠤᠨ ᠳᠠᠷᠤᠭ᠎ᠠ ᠯᠢ ᠱᠤ᠋ ᠵᠧᠨ ᠂ ᠬᠠᠷᠠᠭᠠᠯᠵᠠᠯ ᠤᠨ ᠪᠠᠲᠤᠯᠠᠭ᠎ᠠ ᠶᠢᠨ ᠭᠠᠵᠠᠷ ᠤᠨ ᠳᠠᠷᠤᠭ᠎ᠠ ᠷᠧᠨ ᠸᠧᠨ ᠬᠤᠤ ᠂ ᠲᠥᠯᠥᠪᠵᠢᠭᠦᠯᠭᠡ ᠶᠢᠨ ᠡᠳ᠋ ᠤᠨ ᠶᠠᠪᠤᠳᠠᠯ ᠪᠣᠯᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠹᠧᠩ ᠱᠠᠨ ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠬᠤ᠋ ᠬᠠᠢ ᠵᠢᠤᠸᠠᠨ ᠲᠤᠰ ᠲᠤᠰ ᠪᠦᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠣᠭᠤᠷᠢᠨ ᠳᠤ ᠲᠤᠰ ᠲᠤᠰ ᠶᠣᠰᠣ ᠰᠤᠷᠲᠠᠬᠤᠨ ᠢ ᠶᠠᠷᠢᠵᠤ ᠂ ᠬᠡᠷᠡᠭ ᠢᠶᠠᠷ ᠬᠠᠤᠯᠢ ᠶᠢ ᠶᠠᠷᠢᠵᠤ ᠂ ᠬᠡᠷᠡᠭ ᠢᠶᠠᠷ ᠬᠠᠷᠢᠭᠤᠴᠠᠯᠭ᠎ᠠ ᠶᠢ ᠶᠠᠷᠢᠵᠤ ᠂ ᠬᠡᠷᠡᠭ ᠢᠶᠠᠷ ᠰᠠᠬᠢᠯᠭ᠎ᠠ ᠪᠠᠲᠤ ᠶᠢ ᠶᠠᠷᠢᠵᠤ ᠂ ᠨᠠᠮ ᠤᠨ ᠭᠡᠰᠢᠭᠦᠨ ᠺᠠᠳ᠋ᠷᠴᠤᠳ ᠲᠠᠢ ᠰᠡᠷᠡᠮᠵᠢᠯᠡᠭᠦᠯᠬᠦ ᠬᠥᠮᠦᠵᠢᠯ ᠤᠨ ᠣᠯᠤᠯᠲᠠ ᠲᠦᠷᠦᠭᠳᠡᠯ ᠢᠶᠠᠨ ᠭᠦᠨᠵᠡᠭᠡᠢ ᠰᠣᠯᠢᠯᠴᠠᠵᠤ ᠂ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ ᠂ ᠴᠡᠭᠡᠷᠯᠡᠯ ᠪᠣᠯᠭᠠᠵᠤ ᠂ ᠪᠢᠰᠢᠷᠡᠨ ᠵᠢᠷᠦᠬᠡᠰᠢᠶᠡᠬᠦ ᠶᠢ ᠮᠡᠳᠡᠬᠦ ᠂ ᠰᠡᠷᠡᠮᠵᠢᠯᠡᠨ ᠴᠡᠭᠡᠷᠯᠡᠬᠦ ᠂ ᠬᠤᠷᠢᠭ᠎ᠠ ᠱᠤᠭᠤᠮ ᠢ ᠰᠠᠬᠢᠬᠤ ᠶᠢ ᠪᠡᠶᠡᠯᠡᠭᠦᠯᠪᠡ ᠃  ᠴᠠᠩ ᠴᠢᠩ ᠶᠠᠷᠢᠶᠠᠨ ᠳᠤ ᠪᠠᠨ ᠂ ᠰᠤᠷᠲᠠᠯ ᠤᠨ ᠪᠠᠶᠢᠭᠤᠯᠤᠯᠲᠠ ᠪᠣᠯ ᠬᠥᠳᠡᠯᠦᠩᠭᠦᠢ ᠂ ᠦᠷᠭᠦᠯᠵᠢᠯᠡᠬᠦ ᠂ ᠠᠭᠠᠵᠢᠮ ᠢᠶᠠᠷ ᠤᠷᠤᠭᠰᠢᠯᠠᠬᠤ ᠶᠠᠪᠤᠴᠠ ᠮᠥᠨ ᠂ ᠡᠷᠬᠡᠪᠰᠢ ᠡᠭᠦᠷᠢᠳᠡ ᠵᠤᠬᠰᠤᠰᠢ ᠦᠭᠡᠢ ᠪᠠᠷᠢᠮᠲᠠᠯᠠᠬᠤ ᠪᠠᠷ ᠭᠤᠣᠯᠳᠠᠭᠤᠯᠵᠤ ᠂ ᠲᠠᠬᠢᠨ ᠳᠠᠪᠲᠠᠨ ᠠᠳᠬᠤᠬᠤ ᠂ ᠠᠳᠬᠤᠬᠤ ᠶᠢ ᠳᠠᠬᠢᠨ ᠳᠠᠪᠲᠠᠭᠤᠯᠬᠤ ᠬᠠᠳᠠᠨ ᠵᠣᠷᠢᠭ ᠢᠶᠠᠷ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠥᠨᠳᠥᠷ ᠪᠠᠷᠢᠮᠵᠢᠶ᠎ᠠ ᠴᠢᠨᠠᠷ ᠰᠠᠶᠢᠲᠠᠢ ᠪᠠᠷ ᠨᠢᠭᠡ ᠴᠤᠭᠴᠠᠵᠢᠭᠤᠯᠤᠨ ᠠᠬᠢᠭᠤᠯᠵᠤ ᠂ ᠲᠡᠮᠦᠷ ᠳᠦᠷᠢᠮ ᠲᠣᠭᠲᠠᠭᠠᠯ ᠢᠶᠠᠷ ᠬᠠᠲᠠᠭᠤ ᠰᠤᠷᠲᠠᠯ ᠢ ᠳᠠᠪᠲᠠᠨ ᠪᠣᠯᠪᠠᠰᠤᠷᠠᠭᠤᠯᠵᠤ ᠂ ︽ᠬᠥᠳᠡᠯᠭᠡᠭᠴᠢ ᠬᠦᠴᠦᠨ ᠢ ᠬᠥᠭᠵᠢᠭᠡᠵᠦ ᠂ ᠴᠢᠳᠠᠪᠤᠷᠢ ᠶᠢ ᠳᠡᠭᠡᠭᠰᠢᠯᠡᠭᠦᠯᠵᠦ ᠂ ᠠᠮᠢᠵᠢᠷᠠᠯ ᠤᠨ ᠬᠦᠴᠦᠨ ᠢ ᠴᠢᠩᠭᠠᠳᠬᠠᠬᠤ︾ ᠪᠠᠷ ᠭᠠᠷᠳᠠᠴᠠ ᠪᠣᠯᠭᠠᠵᠤ ᠂ ᠥᠪᠥᠷ ᠮᠣᠩᠭᠤᠯ ᠤᠨ ︽ᠡᠮᠴᠢᠯᠡᠭᠡᠨ ᠤ ᠪᠠᠲᠤᠯᠠᠭ᠎ᠠ ᠶᠢᠨ ᠲᠡᠮᠦᠷ ᠴᠡᠷᠢᠭ︾ ᠢ ᠪᠠᠶᠢᠭᠤᠯᠬᠤ ᠬᠡᠷᠡᠭᠲᠡᠢ ᠃ ᠨᠢᠭᠡ ᠳᠤ ᠂ ᠰᠤᠷᠤᠯᠴᠠᠯᠭ᠎ᠠ ᠶᠢ ᠲᠡᠷᠢᠭᠦᠨ ᠳᠤ ᠲᠠᠯᠪᠢᠵᠤ ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ ᠃ ᠴᠠᠭ ᠮᠦᠴᠡ ᠲᠠᠢ ᠤᠷᠤᠯᠳᠤᠨ ᠂ ᠪᠤᠳᠠᠳᠠᠢ ᠰᠡᠳᠬᠢᠵᠤ ᠂ ᠪᠠᠷᠢᠮᠵᠢᠶᠠᠯᠠᠨ ᠬᠠᠷᠭᠤᠭᠤᠯᠵᠤ ᠂ ᠦᠢᠯᠡ ᠠᠵᠢᠯᠯᠠᠭ᠎ᠠ ᠶᠢ ᠨᠢ ᠵᠤᠭᠰᠤᠯᠳᠠ ᠲᠠᠢ ᠪᠠᠶᠢᠯᠭᠠᠵᠤ ᠂ ᠪᠠᠶᠢᠩᠭᠤ ᠠᠳᠬᠤᠨ ᠪᠠᠶᠢᠩᠭᠤ ᠠᠬᠢᠭᠤᠯᠵᠤ ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ ᠂ ᠶᠡᠷᠦᠩᠬᠡᠢ ᠱᠦᠵᠢ ᠰᠢ  ᠶᠢᠨ ᠫᠢᠩ ᠤᠨ ᠨᠠᠮ ᠤᠨ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ ᠲᠤᠬᠠᠢ ᠴᠢᠬᠤᠯᠠ ᠦᠭᠦᠯᠡᠯᠳᠠ ᠶᠢ ᠨᠠᠷᠢᠨ ᠬᠢᠨᠠᠮᠠᠭᠠᠢ ᠰᠤᠷᠤᠯᠴᠠᠨ ᠤᠢᠢᠯᠠᠭᠠᠵᠤ ᠂ ᠲᠦᠪ ᠤᠨ ᠨᠠᠢᠮᠠᠨ ᠵᠣᠷᠪᠣᠰ ᠲᠤᠭᠳᠠᠭᠠᠯ ᠵᠢᠴᠢ ᠭᠡᠷᠡᠭᠵᠢᠬᠦᠯᠬᠦ ᠨᠠᠷᠢᠨ ᠲᠦᠷᠢᠮ ᠤᠨ ᠵᠤᠷᠢᠭ ᠰᠠᠨᠠᠭ᠎ᠠ ᠶᠢ ᠤᠯᠠᠮ ᠨᠢᠭᠡ ᠠᠯᠬᠤᠮ ᠨᠡᠪᠳᠡᠷᠡᠳᠡᠯ᠎ᠠ ᠤᠢᠢᠯᠠᠭᠠᠵᠤ ᠂ ᠰᠤᠷᠤᠯᠴᠠᠯᠭ᠎ᠠ ᠳᠤ ᠶᠠᠰᠦ ᠴᠢᠨᠠᠷ ᠲᠠᠢ ᠂ ᠪᠠᠶᠢᠴᠠᠭᠠᠯᠲᠠ ᠳᠤ ᠡᠷᠴᠢᠮ ᠲᠠᠢ ᠂ ᠵᠠᠰᠠᠯᠲᠠ ᠳᠤ ᠪᠤᠳᠠᠳᠠᠢ ᠦᠷ᠎ᠠ ᠠᠰᠢᠭ ᠲᠠᠢ ᠪᠠᠶᠢᠬᠤ ᠶᠢ ᠪᠠᠳᠤᠯᠠᠬᠤ ᠬᠡᠷᠡᠭᠳᠡᠢ ᠃ ᠬᠤᠶᠠᠷ ᠲᠤ ᠂ ᠪᠠᠷᠢᠮᠵᠢᠶ᠎ᠠ ᠲᠠᠢ ᠬᠠᠷᠭᠤᠭᠤᠯᠵᠤ ᠂ ᠰᠤᠷᠤᠯᠴᠠᠯᠭ᠎ᠠ ᠬᠥᠮᠦᠵᠢᠯ ᠤᠨ ᠡᠭᠦᠷᠭᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠬᠦ ᠬᠡᠷᠡᠭᠲᠡᠢ ᠃ ᠪᠦᠬᠦ ᠲᠠᠯ᠎ᠠ ᠪᠠᠷ ᠠᠳᠬᠤᠬᠤ ᠪᠠ ᠭᠤᠣᠯᠳᠠᠯᠭ᠎ᠠ ᠶᠢ ᠠᠳᠬᠤᠬᠤ ᠶᠢ ᠬᠠᠷᠢᠯᠴᠠᠨ ᠨᠢᠭᠡᠳᠬᠡᠬᠦ ᠂ ᠪᠠᠶᠢᠩᠭᠤ ᠶᠢᠨ ᠴᠢᠨᠠᠷᠲᠠᠶ ᠰᠤᠷᠭᠠᠨ ᠬᠥᠮᠦᠵᠢᠯ ᠬᠢᠭᠡᠳ ᠲᠥᠪᠯᠡᠷᠡᠩᠭᠦᠶ ᠴᠢᠨᠠᠷᠲᠠᠶ ᠰᠤᠷᠭᠠᠨ ᠬᠥᠮᠦᠵᠢᠯ ᠢ ᠤᠶᠠᠯᠳᠤᠭᠤᠯᠬᠤ ᠶᠢ ᠪᠠᠷᠢᠮᠲᠠᠯᠠᠵᠤ ᠂ ︽ᠴᠢᠩᠭ᠎ᠠ︾ ᠶᠢᠨ ᠲᠠᠯ᠎ᠠ ᠪᠠᠷ ᠦᠨᠡᠨ ᠪᠣᠳᠠᠲᠠᠶ ᠪᠠᠶᠢᠬᠤ ᠶᠢ ᠢᠯᠡᠷᠡᠭᠦᠯᠵᠦ ᠂ ︽ᠪᠤᠳᠠᠲᠠᠢ ︾ ᠪᠠᠶᠢᠬᠤ ᠶᠢᠨ ᠲᠠᠯ᠎ᠠ ᠪᠠᠷ ᠦᠨᠡᠨ ᠪᠣᠲᠠᠲᠠᠢ ᠢ  ᠬᠠᠷᠠᠭᠤᠯᠵᠤ ᠂ ︽ᠤᠷᠲᠤ ︾ ᠶᠢᠨ ᠲᠠᠯ᠎ᠠ ᠪᠠᠷ ᠤᠷᠲᠤ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠬᠥᠮᠦᠵᠢᠭᠦᠯᠦᠨ ᠵᠢᠯᠣᠭᠤᠳᠴᠤ ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠶᠡᠷᠦᠩᠬᠡᠶ ᠱᠦᠵᠢ ᠰᠢ  ᠶᠢᠨ ᠫᠢᠩ ᠤᠨ ᠥᠪᠥᠷ ᠮᠣᠩᠭᠤᠯ ᠪᠣᠯᠤᠨ ᠡᠮᠴᠢᠯᠡᠭᠡᠨ ᠤ ᠳᠠᠭᠠᠳᠬᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠮᠤᠵᠢ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠬᠦᠴᠢᠷ ᠠᠰᠠᠭᠤᠳᠠᠯ ᠤᠨ ᠲᠣᠭᠤᠷᠢᠨ ᠳᠤ ᠠᠵᠢᠯ ᠢᠶᠠᠨ ᠴᠢᠷᠮᠠᠶᠢᠨ ᠬᠢᠵᠦ ᠂ ᠴᠠᠭ ᠢ ᠠᠮᠵᠢᠨ ᠬᠦᠴᠢᠷ ᠠᠰᠠᠭᠤᠳᠠᠯ ᠢ ᠰᠢᠢᠳᠪᠦᠷᠢᠯᠡᠵᠦ ᠂ ᠪᠣᠳᠠᠲᠠᠶ ᠠᠵᠢᠯᠯᠠᠬᠤ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ ᠂ ᠪᠣᠳᠠᠲᠤ ᠠᠮᠵᠢᠯᠲᠠ ᠪᠠᠷ ᠢᠶᠠᠨ ᠰᠢᠨ᠎ᠡ ᠡᠭᠦᠷᠭᠡᠯᠡᠯ ᠢ ᠦᠢᠯᠡᠳᠦᠯᠭᠡᠵᠢᠭᠦᠯᠬᠦ ᠬᠡᠷᠡᠭᠲᠡᠢ ᠃ ᠭᠤᠷᠪᠠ ᠳᠤ ᠂ ᠪᠡᠶ᠎ᠡ ᠪᠠᠷ ᠢᠶᠠᠨ ᠬᠡᠪ ᠲᠦᠷᠢᠮ ᠪᠤᠯᠵᠤ ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠬᠤ ︽ᠮᠡᠷᠭᠡᠨ ᠬᠥᠮᠦᠨ︾ ᠪᠣᠯᠬᠤ ᠬᠡᠷᠡᠭᠲᠡᠢ ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠵᠤ ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠵᠦ ᠂ ᠤᠳᠤᠷᠢᠳᠬᠤ ᠺᠠᠳ᠋ᠷᠴᠤᠳ ︽ᠲᠦᠷᠦᠭᠦᠴᠢ ᠭᠠᠯᠠᠭᠤ︾ ᠪᠣᠯᠵᠤ ᠂ ᠲᠥᠪ ᠤᠨ ᠨᠠᠢᠮᠠᠨ ᠵᠣᠷᠪᠣᠰ ᠲᠣᠭᠲᠠᠭᠠᠯ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠬᠡᠷᠡᠭᠵᠢᠭᠦᠯᠵᠦ ᠂ ᠺᠠᠳ᠋ᠷᠴᠤᠳ ᠲᠤ ᠪᠠᠶᠢᠩᠭᠤ ᠶᠢᠨ ᠴᠢᠨᠠᠷᠲᠠᠶ ᠬᠢᠨᠠᠯᠲᠠ ᠲᠠᠯᠪᠢᠬᠤ ᠶᠢ ᠨᠠᠷᠢᠯᠢᠭ ᠪᠥᠭᠡᠳ ᠪᠣᠳᠠᠲᠠᠶ ᠪᠠᠷ ᠬᠢᠬᠦ ᠬᠡᠷᠡᠭᠲᠡᠶ︔ ᠪᠦᠬᠦ ᠺᠠᠳ᠋ᠷᠴᠤᠳ ︽ᠬᠤᠷᠢᠭ᠎ᠠ ᠱᠤᠭᠤᠮ︾ ᠢ ᠰᠠᠶᠢᠲᠤᠷ ᠰᠠᠬᠢᠵᠤ ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠷᠠᠭᠤᠯᠵᠤ ᠂ ᠡᠷᠡᠭᠦᠯ ᠰᠠᠷᠠᠭᠤᠯ ᠳᠤᠷ᠎ᠠ ᠰᠣᠨᠢᠷᠬᠠᠯ ᠢ ᠬᠥᠮᠦᠵᠢᠭᠦᠯᠵᠦ ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠬᠦ ᠬᠡᠷᠡᠭᠲᠡᠶ︔ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽ᠬᠠᠷᠢᠭᠤᠴᠠᠯᠭ᠎ᠠ︾ ᠶᠢ ᠰᠠᠶᠢᠲᠤᠷ ᠡᠭᠦᠷᠭᠡᠯᠡᠵᠦ ᠂ ᠤᠨᠢᠨ ᠳᠡᠭᠡᠷ᠎ᠡ ᠨᠢ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠵᠦ ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ ᠂ ᠰᠠᠬᠢᠯᠭ᠎ᠠ ᠪᠠᠲᠤ ᠶᠣᠰᠣ ᠲᠦᠷᠢᠮ ᠢ ᠤᠶᠤᠨ ᠲᠠᠷᠢᠬᠢᠨ ᠳᠤ ᠪᠠᠨ ᠬᠠᠳᠠᠩᠰᠢᠭᠤᠯᠵᠤ ᠂ ᠰᠢᠯᠢᠳᠡᠭ ᠰᠤᠷᠲᠠᠯ ᠢᠶᠠᠷ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号