ᠢᠲᠡᠭᠡᠯ ᠵᠣᠷᠢᠭ ᠢᠶᠠᠨ ᠪᠠᠲᠤᠳᠬᠠᠵᠤ ᠴᠢᠨᠠᠷ ᠰᠠᠶᠢᠲᠠᠢ ᠬᠥᠭᠵᠢᠯᠲᠡ ᠥᠨᠳᠥᠷ ᠪᠦᠲᠦᠮᠵᠢᠲᠡᠢ ᠵᠠᠰᠠᠯᠲᠠ ᠶᠢ ᠠᠬᠢᠭᠤᠯᠤᠨ᠎ᠠ— ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠳᠤ ᠪᠠᠨ ᠲᠠᠯᠪᠢᠭᠰᠠᠨ ᠴᠢᠬᠤᠯᠠ ᠶᠠᠷᠢᠶ᠎ᠠ ᠨᠢ ᠥᠷᠭᠡᠨ ᠣᠯᠠᠨ ᠺᠠᠳ᠋ᠷ ᠣᠯᠠᠨ ᠲᠦᠮᠡᠨ ᠤ ᠲᠡᠷᠢᠭᠦᠨ ᠢ ᠡᠷᠡᠯᠬᠡᠭᠯᠡᠨ ᠲᠡᠮᠡᠴᠡᠬᠦ ᠂ ᠵᠠᠮ ᠨᠡᠭᠡᠭᠡᠨ ᠤᠷᠤᠭᠰᠢᠯᠠᠬᠤ ᠶᠢ ᠨᠢ ᠵᠣᠷᠢᠭᠵᠢᠭ᠋᠊
ᠨᠡᠶᠢᠲᠡᠯᠡᠭᠰᠡᠨ ᠴᠠᠭ᠄
2025/5/22
  5 ᠳ᠋ᠤᠭᠠᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ ᠂ ᠶᠡᠷᠦᠩᠬᠡᠢ ᠱᠦᠵᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠬᠥᠮᠥᠰ ᠤᠨ ᠰᠡᠳᠬᠢᠯ ᠢ ᠨᠢ ᠵᠣᠷᠢᠭᠵᠢᠭᠤᠯᠤᠨ ᠂ ᠬᠦᠴᠦᠨ ᠢ ᠨᠢ ᠨᠢᠭᠲᠠᠷᠠᠭᠤᠯᠵᠤ ᠂ ᠥᠷᠭᠡᠨ ᠤᠯᠠᠨ ᠺᠠᠳ᠋ᠷ ᠤᠯᠠᠨ ᠲᠦᠮᠡᠨ ᠤ ᠲᠡᠷᠢᠭᠦᠨ ᠢ ᠡᠷᠡᠯᠬᠡᠭᠯᠡᠨ ᠲᠡᠮᠡᠴᠡᠬᠦ ᠂ ᠵᠠᠮ ᠨᠡᠭᠡᠭᠡᠨ ᠤᠷᠤᠭᠰᠢᠯᠠᠬᠤ ᠶᠢ ᠨᠢ ᠵᠣᠷᠢᠭᠵᠢᠭᠤᠯᠪᠠ ᠃  ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠨ᠎ᠠ  ︽ᠪᠢᠳᠡ ᠣᠳᠣ ᠶᠠᠭ ᠳᠡᠯᠡᠬᠡᠢ ᠶᠢᠨ ᠳᠡᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠰᠢᠮᠳᠠᠭᠤᠯᠤᠨ ᠪᠠᠶᠢᠭᠤᠯᠵᠤ ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢ ᠦᠷᠭᠦᠯᠵᠢᠯᠡᠨ ᠠᠬᠢᠭᠤᠯᠵᠤ ᠪᠠᠶᠢᠨ᠎ᠠ︾ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠬᠢᠨᠠᠮᠠᠭᠠᠢ ᠰᠣᠷᠣᠯᠴᠠᠭᠠᠳ ᠂ ᠾᠧᠨᠠᠨ ᠤ ᠵᠧᠩᠵᠧᠦ ᠶᠢᠨ ᠠᠭᠠᠷ ᠠᠶᠠᠯᠠᠯ ᠤᠨ ᠭᠠᠷᠠᠮ ᠤᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠢᠶᠠᠨ ᠬᠠᠢ ᠲᠤᠤ ᠶᠢᠨ ᠢᠲᠡᠭᠡᠯ ᠵᠣᠷᠢᠭ ᠤᠯᠠᠮ ᠨᠡᠮᠡᠭᠳᠡᠵᠦ ᠂ ︽ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠵᠤ ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠂ ᠵᠢᠱᠢᠯᠲᠡ ᠶᠢ ᠲᠣᠭᠲᠠᠪᠤᠷᠢᠵᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ︾ ᠭᠡᠪᠡ ᠃  ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠪᠠᠷ ᠴᠢᠩᠭᠠᠳᠬᠠᠨ᠎ᠠ  ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠨ᠎ᠡ ᠪᠠᠷ ᠬᠥᠭᠵᠢᠵᠦ ᠪᠠᠶᠢᠭ᠎ᠠ ᠬᠦᠷᠢᠶᠡᠨ ᠳᠠᠬᠢ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠂ ᠰᠢᠨ᠎ᠡ ᠶᠢ ᠡᠭᠦᠳᠬᠦ ᠠᠵᠢᠯᠯᠠᠭ᠎ᠠ ᠂ ᠦᠢᠯᠡᠴᠢᠯᠡᠭᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠳᠤ ᠬᠠᠨᠳᠤᠭᠤᠯᠤᠨ ᠬᠦᠴᠦᠯᠡᠵᠦ ᠂ ᠰᠢᠨ᠎ᠡ ᠪᠠᠷ ᠬᠥᠭᠵᠢᠵᠦ ᠪᠠᠶᠢᠭ᠎ᠠ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︾ ᠃ ᠰᠧᠴᠤᠸᠠᠨ ᠤ ᠮᠸᠢᠢᠱᠠᠨ ᠬᠤᠳᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ ᠴᠢᠦᠢ ᠪᠥᠸᠧ ᠬᠡᠯᠡᠬᠦ ᠳᠤ ᠪᠠᠨ ᠂ ᠳᠠᠷᠠᠭᠠᠴᠢ ᠶᠢᠨ ᠠᠯᠬᠤᠮ ᠳᠤ ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠰᠢᠨ᠎ᠡ ᠪᠠᠷ ᠬᠥᠭᠵᠢᠵᠦ ᠪᠠᠶᠢᠭ᠎ᠠ ᠬᠦᠷᠢᠶᠡᠨ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠳᠤ ᠨᠢ ᠠᠷᠭ᠎ᠠ ᠵᠠᠮ ᠢ ᠨᠢ ᠥᠷᠭᠡᠳᠬᠡᠵᠦ ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠣᠨᠣᠯᠵᠢᠬᠤᠨ ᠢ ᠦᠢᠯᠡᠳᠦᠯᠭᠡᠵᠢᠭᠦᠯᠵᠦ ᠂ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠭᠤᠯᠤᠨ᠎ᠠ ᠭᠡᠪᠡ ᠃  ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ  ︽ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ  ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠠᠨ ᠪᠣᠯᠭᠠᠵᠤ ᠂ ᠪᠢᠳᠡ ᠡᠭᠦᠷᠭᠡ ᠬᠠᠷᠢᠭᠤᠴᠠᠯᠭ᠎ᠠ ᠪᠠᠨ ᠨᠡᠩ ᠬᠢᠨᠠᠮᠠᠭᠠᠢ ᠭᠦᠢᠴᠡᠳᠬᠡᠵᠦ ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠰᠢᠢᠳᠪᠦᠷᠢᠯᠡᠬᠦ ᠶᠢ ᠠᠬᠢᠭᠤᠯᠬᠤ ᠳᠤ ᠲᠠᠯᠪᠢᠵᠤ ᠂ ᠰᠤᠷᠤᠯᠴᠠᠬᠤ ᠳᠤ ᠪᠠᠨ ᠤᠬᠠᠮᠵᠢ ᠰᠠᠶᠢᠲᠠᠢ ᠂ ᠪᠠᠶᠢᠴᠠᠭᠠᠬᠤ ᠳᠤ ᠪᠠᠨ ᠬᠦᠴᠦᠯᠡᠴᠡ ᠲᠠᠢ ᠂ ᠥᠭᠡᠷᠡᠴᠢᠯᠡᠬᠦ ᠳᠤ ᠪᠠᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠨ᠎ᠠ ︾ ᠃ ᠴᠧᠩᠳᠦ᠋ ᠬᠤᠲᠠ ᠶᠢᠨ ᠨᠠᠮ ᠤᠨ ᠬᠤᠷᠢᠶᠠᠨ ᠤ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠳᠠᠷᠤᠭ᠎ᠠ ᠭᠠᠨ ᠯᠢ ᠵᠢᠶᠦ᠋ᠨ ᠢᠩᠭᠢᠵᠦ ᠢᠯᠡᠷᠬᠡᠶᠢᠯᠡᠪᠡ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号