︽ᠲᠡᠦᠬᠡ ᠶᠢᠨ ᠬᠠᠷᠠᠭᠠᠰᠤ ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ ᠶᠢ ᠴᠥᠮ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ︾
ᠨᠡᠶᠢᠲᠡᠯᠡᠭᠰᠡᠨ ᠴᠠᠭ᠄
2025/5/22
    — ᠶᠡᠷᠦᠩᠬᠡᠢ ᠱᠦᠵᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠭᠰᠠᠨ ᠲᠤᠬᠠᠢ ᠪᠣᠳᠠᠲᠤ ᠲᠡᠮᠳᠡᠭᠯᠡᠯ ︵ᠨᠢᠭᠡ︶   ᠳᠠᠯᠠ ᠭᠠᠷᠤᠢ ᠵᠢᠯ ᠤᠨ ᠠᠶᠠᠨ  ︽ᠡᠨᠡ ᠵᠠᠮ ᠢᠶᠠᠷ ᠵᠠᠮᠨᠠᠭᠰᠠᠨ ᠨᠢ ᠵᠥᠪ ᠪᠠᠶᠢᠨ᠎ᠠ ︾  5 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ ᠂ ᠶᠡᠷᠦᠩᠬᠡᠢ ᠱᠦᠵᠢ ᠰᠢ ᠶᠢᠨ ᠫᠢᠩ ᠯᠥᠸᠧᠶᠠᠩ ᠤᠨ ᠬᠤᠯᠬᠤᠪᠴᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠯᠲᠠ ᠬᠢᠪᠡ ᠃  ᠲᠤᠰ ᠺᠣᠮᠫᠠᠨᠢ ᠪᠣᠯ ︽ ᠠᠩᠬᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ ᠤᠤᠯ ᠤᠨ ᠯᠥᠸᠧᠶᠠᠩ ᠤᠨ ᠬᠤᠯᠬᠤᠪᠴᠢ ᠶᠢᠨ ᠦᠢᠯᠡᠳᠪᠦᠷᠢ ᠪᠠᠶᠢᠵᠠᠢ ᠃ 1954 ᠣᠨ ᠳᠤ ᠂ ᠲᠠᠷᠢᠶᠠᠨ ᠭᠠᠵᠠᠷ ᠲᠤ ᠂ ᠯᠦᠸᠧᠶᠠᠩ ᠤᠨ ᠬᠤᠯᠬᠤᠪᠴᠢ ᠶᠢᠨ ᠦᠢᠯᠡᠳᠪᠦᠷᠢ ᠨᠢ ᠠᠩᠬᠠᠨ ᠤ ᠰᠢᠨᠵᠢᠯᠲᠡ ᠶᠢᠨ ᠲᠡᠮᠳᠡᠭ ᠢᠶᠠᠨ ᠪᠣᠰᠬᠠᠪᠠ ᠃ ᠲᠡᠷᠡ ᠨᠢ ᠰᠢᠨ᠎ᠡ ᠳᠤᠮᠳᠠᠳᠤ ᠤᠯᠤᠰ ᠤᠨ ᠠᠵᠤ ᠦᠢᠯᠡᠳᠪᠦᠷᠢᠵᠢᠯᠲᠡ ᠶᠢᠨ ᠬᠦᠰᠡᠯ ᠲᠡᠶᠢᠰᠢ ᠤᠷᠤᠭᠰᠢᠯᠠᠭᠰᠠᠨ ᠤ ᠬᠠᠮᠤᠭ ᠤᠨ ᠠᠩᠬᠠᠨ ᠤ ᠦᠶ᠎ᠡ ᠭᠡᠵᠦ ᠬᠡᠯᠡᠵᠦ ᠪᠣᠯᠣᠨ᠎ᠠ ᠃ ︽ᠠᠩᠬᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠤᠨ ᠭᠤᠣᠯᠳᠠᠯᠭ᠎ᠠ ᠪᠣᠯᠬᠤ 156 ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 7 ᠨᠢ ᠯᠥᠸᠧᠶᠠᠩ ᠳᠤ ᠪᠠᠶᠢᠷᠢᠯᠠᠵᠤ ᠂ ᠯᠥᠸᠧᠶᠠᠩ ᠤᠨ ᠬᠤᠯᠬᠤᠪᠴᠢ ᠶᠢᠨ ᠦᠢᠯᠡᠳᠪᠦᠷᠢ ᠠᠴᠠ ᠭᠠᠳᠠᠨ᠎ᠠ ᠪᠠᠰᠠ ᠠᠭᠤᠷᠬᠠᠢ ᠶᠢᠨ ᠮᠧᠬᠠᠨᠢᠭ ᠤᠨ ᠦᠢᠯᠡᠳᠪᠦᠷᠢ ᠂ ᠭᠠᠯ ᠳᠤ ᠳᠠᠭᠠᠭᠠᠮᠠᠭᠠᠢ ᠮᠠᠲ᠋ᠧᠷᠢᠶᠠᠯ ᠤᠨ ᠦᠢᠯᠡᠳᠪᠦᠷᠢ ᠂ ᠲᠷᠠᠺᠲ᠋ᠣᠷ ᠤᠨ ᠦᠢᠯᠡᠳᠪᠦᠷᠢ ᠵᠡᠷᠭᠡ ᠪᠠᠶᠢᠪᠠ ᠃ ᠶᠡᠷᠦᠩᠬᠡᠢ ᠱᠦᠵᠢ ᠡᠳᠡᠭᠡᠷ ᠢ ᠲᠣᠪ ᠲᠣᠳᠣᠷᠬᠠᠢ ᠮᠡᠳᠡᠵᠦ ᠪᠠᠶᠢᠨ᠎ᠠ ᠃  ᠡᠳᠡᠭᠡᠷ ᠠᠵᠤ ᠠᠬᠤᠶᠢᠯᠠᠯ ᠤᠳ  ᠨᠢ ᠪᠦᠬᠦᠳᠡ ᠨᠠᠶᠢᠷᠠᠮᠳᠠᠬᠤ ᠤᠯᠤᠰ ᠤᠨ ᠬᠥᠭᠵᠢᠯᠲᠡ ᠶᠢᠨ ᠵᠠᠮ ᠢ ᠲᠠᠭᠠᠨ ᠤᠷᠤᠭᠰᠢᠯᠠᠵᠤ ᠂ ᠬᠡᠷᠡᠯ ᠰᠠᠴᠤᠷᠠᠩᠭᠤᠢ ᠠᠮᠵᠢᠯᠲᠠ ᠶᠢ ᠴᠤ ᠣᠯᠵᠤ ᠥᠩᠭᠡᠷᠡᠪᠡ ᠂ ᠪᠦᠳᠦᠷᠢᠵᠦ ᠴᠦ ᠥᠩᠭᠡᠷᠡᠪᠡ ᠂ ᠪᠠᠰᠠ ᠬᠡᠳᠦᠨᠲᠡ ᠬᠠᠶᠢᠨ ᠰᠦᠪᠡᠭᠴᠢᠯᠡᠯ ᠬᠢᠵᠦ ᠴᠦ ᠥᠩᠭᠡᠷᠡᠯ᠎ᠡ ᠃ ᠬᠤᠯᠬᠤᠪᠴᠢ ᠪᠣᠯ ᠠᠵᠤ ᠦᠢᠯᠡᠳᠪᠦᠷᠢ ᠶᠢᠨ ︽ ᠦᠶ᠎ᠡ ᠭᠡᠰᠢᠭᠦᠦ ︾ ᠮᠥᠨ ᠃ ︽ ᠦᠨᠳᠦᠰᠦᠲᠡᠨ ᠤ ᠠᠵᠤ ᠦᠢᠯᠡᠳᠪᠦᠷᠢ ᠳᠠᠬᠢ ᠬᠤᠯᠬᠤᠪᠴᠢ ᠶᠢᠨ ᠠᠵᠤ ᠦᠢᠯᠡᠳᠪᠦᠷᠢ ᠶᠢᠨ ᠨᠢᠷᠤᠭᠤ ᠶᠢ ᠭᠡᠳᠡᠶᠢᠯᠭᠡᠨ᠎ᠡ︾ ᠭᠡᠰᠡᠨ ᠯᠥᠸᠧᠶᠠᠩ ᠤᠨ ᠬᠤᠯᠬᠤᠪᠴᠢ ᠶᠢᠨ ᠦᠢᠯᠡᠳᠪᠦᠷᠢ ᠶᠢᠨ ᠲᠠᠩᠭᠠᠷᠢᠭ ᠲᠤ ᠡᠷᠡᠯᠬᠡᠭᠯᠡᠨ ᠲᠡᠮᠡᠴᠡᠬᠦ ᠪᠠ ᠠᠤᠭ᠎ᠠ ᠵᠣᠷᠢᠭ ᠰᠡᠶᠢᠯᠦᠭᠡᠰᠦᠲᠡᠢ ᠃  ᠲᠡᠦᠬᠡ ᠶᠢᠨ ᠬᠤᠪᠢᠰᠤᠯᠲᠠ ᠂ ᠣᠯᠠᠨ ᠤᠯᠤᠰ ᠤᠨ ᠬᠤᠭᠤᠷᠣᠨᠳᠣᠬᠢ ᠬᠠᠷᠢᠴᠠᠭᠤᠯᠤᠯ ᠨᠢ ᠨᠢᠭᠡᠨ ᠳ᠋ᠦᠩᠨᠡᠯᠲᠡ ᠶᠢ ᠮᠠᠰᠢ ᠲᠣᠳᠣᠷᠬᠠᠢ ᠪᠣᠯᠭᠠᠵᠠᠢ ᠃ ᠶᠡᠷᠦᠩᠬᠡᠢ ᠱᠦᠵᠢ ᠄ ︽ ᠪᠢᠳᠡ ᠪᠡᠶ᠎ᠡ ᠪᠠᠨ ᠳᠠᠭᠠᠭᠠᠵᠤ ᠠᠵᠤ ᠦᠢᠯᠡᠰ ᠢ ᠬᠥᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠥᠪᠡᠷ ᠤᠨ ᠬᠦᠴᠦᠨ ᠳᠤ ᠪᠠᠨ ᠲᠦᠰᠢᠭᠯᠡᠨ ᠠᠵᠤ ᠦᠢᠯᠡᠳᠪᠦᠷᠢ ᠂ ᠦᠢᠯᠡᠳᠬᠦ ᠦᠢᠯᠡᠰ ᠢ ᠬᠥᠭᠵᠢᠭᠦᠯᠪᠡ ᠂ ᠡᠨᠡ ᠵᠠᠮ ᠢᠶᠠᠷ ᠵᠠᠮᠨᠠᠭᠰᠠᠨ ᠨᠢ ᠵᠥᠪ ᠪᠠᠶᠢᠨ᠎ᠠ︕︾ ᠭᠡᠵᠦ ᠡᠷᠡᠰ ᠪᠠᠲᠤ ᠬᠡᠯᠡᠪᠡ ᠃   ᠡᠨᠡ ᠬᠦ ᠵᠠᠮ ᠶᠠᠪᠤᠬᠤ ᠲᠤᠳᠤᠮ ᠢᠶᠠᠨ ᠥᠷᠭᠡᠵᠢᠵᠦ ᠂ ᠶᠠᠪᠤᠬᠤ ᠲᠤᠳᠤᠮ ᠢᠶᠠᠨ ᠪᠠᠲᠤᠵᠢᠪᠠ ᠃  ᠳᠤᠮᠳᠠᠳᠤ ᠤᠯᠤᠰ ᠦᠢᠯᠡᠳᠬᠦ ᠦᠢᠯᠡᠰ ᠢ ᠬᠥᠭᠵᠢᠭᠦᠯᠬᠦ ᠶᠢ ᠪᠠᠷᠢᠮᠲᠠᠯᠠᠬᠤ ᠡᠰᠡᠬᠦ ᠭᠡᠬᠦ ᠡᠨᠡ ᠬᠦ ᠠᠰᠠᠭᠤᠳᠠᠯ ᠳᠤ ᠂ ᠨᠠᠮ ᠤᠨ ᠲᠥᠪ ᠬᠤᠷᠢᠶᠠᠨ ᠤ ᠣᠪᠣᠷ ᠡᠷᠡᠰ ᠪᠠᠲᠤ ᠪᠠᠶᠢᠵᠤ ᠂ ︽ᠳᠤᠮᠳᠠᠳᠤ ᠤᠯᠤᠰ ᠲᠤ ᠬᠡᠵᠢᠶ᠎ᠡ ᠴᠦ ᠭᠡᠰᠡᠨ ᠦᠢᠯᠡᠳᠬᠦ ᠦᠢᠯᠡᠰ ᠳᠤᠲᠠᠭᠳᠠᠵᠤ ᠪᠣᠯᠬᠤ ᠦᠭᠡᠢ ︾ ᠃ ᠪᠠᠶᠢᠯᠳᠤᠬᠤ ᠪᠣᠳᠣᠯᠭ᠎ᠠ ᠶᠢᠨ ᠭᠠᠷᠮᠠᠭᠠᠢ ᠬᠠᠷᠠᠴᠠ ᠨᠢ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠢ ᠬᠥᠲᠥᠯᠥᠨ ᠳᠠᠭᠠᠭᠤᠯᠵᠤ ᠤᠷᠳᠤ ᠬᠤᠭᠤᠴᠠᠭ᠎ᠠ ᠪᠠᠷ ᠪᠠᠶᠢᠷᠢᠰᠢᠭᠤᠯᠤᠨ ᠬᠦᠴᠦᠯᠡᠭᠰᠡᠨ ᠤ ᠡᠷᠴᠢᠮ ᠳᠡᠭᠡᠷ᠎ᠡ ︽ ᠤᠯᠤᠰ ᠢᠶᠠᠨ ᠲᠣᠭᠲᠠᠨᠢᠭᠤᠯᠬᠤ ᠶᠢᠨ ᠦᠨᠳᠦᠰᠦ ᠂ ᠤᠯᠤᠰ ᠢᠶᠠᠨ ᠬᠦᠴᠦᠷᠬᠡᠭᠵᠢᠭᠦᠯᠬᠦ ᠶᠢᠨ ᠰᠠᠭᠤᠷᠢ ︾ ᠶᠢ ᠠᠯᠬᠤᠮ ᠠᠯᠬᠤᠮ ᠢᠶᠠᠷ ᠪᠠᠬᠢᠵᠢᠭᠦᠯᠪᠡ ᠃  ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠪᠣᠯᠤᠭᠰᠠᠨ ᠤ ᠬᠤᠪᠢ ᠳᠤ ᠂ ᠦᠢᠯᠡᠳᠬᠦ ᠦᠢᠯᠡᠰ ᠤᠨ ᠦᠰᠦᠷᠦᠯᠲᠡ ᠨᠢ ᠶᠠᠭᠤᠨ ᠳᠤ ᠲᠦᠰᠢᠭᠯᠡᠳᠡᠭ ᠪᠤᠢ ︖  ᠨᠢᠭᠡ ᠬᠠᠷᠢᠭᠤᠯᠲᠠ ᠨᠢ ᠭᠡᠪᠡᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠷᠴᠢᠮᠵᠢᠭᠦᠯᠬᠦ ᠶᠠᠪᠤᠳᠠᠯ ᠪᠣᠯᠣᠨ᠎ᠠ ᠃  ᠠᠶᠠᠨ ᠵᠠᠮ ᠳᠠᠭᠤᠰᠤᠰᠢ ᠦᠭᠡᠢ ᠃ ᠰᠢᠨ᠎ᠡ ᠶᠢ ᠡᠭᠦᠳᠬᠦ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ ᠶᠢ ᠵᠣᠯᠭᠠᠭᠤᠯᠬᠤ ᠳᠤ ᠂ ︽ᠦᠢᠯᠡᠳᠴᠦ ᠳᠡᠶᠢᠯᠬᠦ ︾ ᠠᠴᠠ ︽ ᠨᠠᠷᠢᠯᠢᠭ ᠦᠢᠯᠡᠳᠬᠦ ︾ ᠬᠦᠷᠲᠡᠯ᠎ᠡ ᠂ ︽ ᠶᠡᠭᠡ ︾ ᠪᠠᠶᠢᠭᠰᠠᠨ ᠠᠴᠠ ᠨᠢ ︽ ᠬᠦᠴᠦᠷᠬᠡᠭ ︾ ᠪᠣᠯᠭᠠᠨ ᠬᠤᠪᠢᠷᠠᠭᠤᠯᠬᠤ ᠬᠦᠷᠲᠡᠯ᠎ᠡ ᠂ ᠠᠯᠬᠤᠮ ᠪᠦᠷᠢ ᠳᠤ ᠴᠥᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠᠶᠢᠬᠤ ᠶᠤᠮ ᠃  ᠡᠭᠦᠨ ᠤ ᠲᠤᠬᠠᠢ ᠶᠡᠷᠦᠩᠬᠡᠢ ᠱᠦᠵᠢ ᠰᠢ ᠶᠢᠨ ᠫᠢᠩ ᠮᠠᠰᠢ ᠭᠦᠨ ᠲᠥᠷᠥᠭᠳᠡᠯ ᠲᠠᠢ ᠪᠢᠯᠡ ᠃  ︽ᠣᠳᠣ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠷᠴᠢᠮᠵᠢᠭᠦᠯᠬᠦ ᠠᠴᠠ ᠰᠠᠯᠵᠤ ᠴᠢᠳᠠᠬᠤ ᠦᠭᠡᠢ ᠂ ᠮᠡᠷᠭᠡᠵᠢᠯ ᠤᠨ ᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ︾ ᠭᠡᠬᠦ ᠦᠭᠡ ᠨᠢ ᠪᠢᠳᠡᠨ ᠳᠤ ᠴᠢᠭᠯᠡᠯ ᠢ ᠵᠢᠭᠠᠵᠤ ᠥᠭᠴᠦ ᠪᠠᠶᠢᠨ᠎ᠠ ᠃  ᠰᠢᠨ᠎ᠡ ᠶᠢ ᠡᠭᠦᠳᠬᠦ ᠳᠤ ᠰᠠᠭᠠᠳ ᠲᠣᠳᠬᠠᠷ ᠂ ᠲᠤᠬᠰᠢᠨ ᠤᠷᠤᠰᠬᠠᠯ ᠂ ᠠᠶᠤᠯ ᠲᠦᠭᠰᠢᠭᠦᠷᠢ ᠳᠤ ᠤᠴᠠᠷᠠᠬᠤ ᠨᠢ ᠵᠠᠶᠢᠯᠠᠰᠢ ᠦᠭᠡᠢ ᠶᠤᠮ ᠃ ᠭᠠᠭᠴᠠ ᠬᠦ ᠴᠢᠭᠯᠡᠯ ᠢᠶᠠᠨ ᠵᠥᠪ ᠲᠠᠨᠢᠵᠤ ᠂ ᠴᠤᠴᠠᠯᠲᠠ ᠦᠭᠡᠢ ᠤᠷᠤᠭᠰᠢᠯᠠᠬᠤ ᠡᠷᠡᠯᠬᠡᠭ ᠵᠣᠷᠢᠭ ᠂ ᠨᠤᠭᠤᠷᠠᠯ ᠳᠤ ᠤᠴᠠᠷᠠᠬᠤ ᠲᠤᠳᠤᠮ ᠢᠶᠠᠨ ᠵᠣᠷᠢᠭᠯᠠᠬᠤ ᠪᠠᠨ ᠪᠠᠷᠢᠮᠲᠠᠯᠠᠪᠠᠯ ᠰᠠᠶ᠋ᠢ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ ᠴᠢᠳᠠᠨ᠎ᠠ ᠃  ᠡᠨᠡ ᠨᠢ ᠮᠥᠨ ᠴᠦ ᠳᠤᠮᠳᠠᠳᠤ ᠤᠯᠤᠰ ᠤᠨ ᠶᠠᠪᠤᠵᠤ ᠥᠩᠭᠡᠷᠡᠭᠰᠡᠨ ᠵᠠᠮ ᠪᠣᠯᠣᠨ᠎ᠠ ᠃  ᠪᠠᠰᠠ ᠨᠢᠭᠡ ᠬᠠᠷᠢᠭᠤᠯᠲᠠ ᠨᠢ ᠭᠡᠪᠡᠯ ᠂ ᠴᠢᠳᠠᠪᠤᠷᠢᠲᠠᠨ ᠤ ᠲᠤᠯᠭᠠᠭᠤᠷᠢᠯᠠᠯ ᠪᠣᠯᠣᠨ᠎ᠠ ᠃  ᠯᠦᠸᠧᠶᠠᠩ ᠤᠨ ᠬᠤᠯᠬᠤᠪᠴᠢ ᠶᠢᠨ ᠦᠢᠯᠡᠳᠪᠦᠷᠢ ᠶᠢᠨ ᠬᠠᠷᠢᠭᠤᠴᠠᠯᠭᠠᠲᠠᠨ ᠬᠠᠷᠢᠭᠤ ᠮᠡᠳᠡᠭᠦᠯᠬᠦ ᠳᠤ ᠪᠠᠨ ᠂ ᠲᠤᠬᠠᠢ ᠶᠢᠨ ᠭᠠᠵᠠᠷ ᠤᠨ ︽ᠨᠢᠭᠡ ᠦᠢᠯᠡᠳᠪᠦᠷᠢ ᠨᠢᠭᠡ ᠭᠠᠵᠠᠷ ᠨᠢᠭᠡ ᠰᠤᠷᠭᠠᠭᠤᠯᠢ ᠨᠢᠭᠡ ᠬᠦᠷᠢᠶᠡᠯᠡᠩ︾ ᠤᠨ ᠬᠡᠪ ᠵᠠᠭᠪᠤᠷ  ᠨᠢ ᠬᠤᠯᠬᠤᠪᠴᠢ ᠶᠢᠨ ᠠᠵᠢᠯ ᠲᠥᠷᠥᠯ ᠤᠨ ᠬᠥᠭᠵᠢᠯᠲᠡ ᠶᠢ ᠬᠦᠴᠦᠲᠡᠢ ᠠᠬᠢᠭᠤᠯᠤᠭᠰᠠᠨ ᠪᠠᠶᠢᠨ᠎ᠠ ᠭᠡᠵᠡᠢ ᠂ ᠶᠡᠷᠦᠩᠬᠡᠢ ᠱᠦᠵᠢ ᠡᠭᠦᠨ ᠤ ᠲᠤᠬᠠᠢ᠄ ︽ᠠᠳᠡ ᠬᠤᠯᠬᠤᠪᠴᠢ ᠶᠢᠨ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠬᠢ ᠠᠮᠢ ᠠᠬᠤᠢ ᠰᠠᠶᠢᠨ ᠪᠠᠶᠢᠳᠠᠭ ᠨᠢ ᠳᠠᠷᠤᠢ ᠦᠢᠯᠡᠳᠪᠦᠷᠢᠯᠡᠯ ᠵᠢᠭᠠᠯᠲᠠ ᠰᠤᠷᠭᠠᠯᠲᠠ ᠰᠤᠳᠤᠯᠤᠯ ᠢ ᠨᠢᠭᠡ ᠴᠣᠭᠴᠠᠵᠢᠭᠤᠯᠤᠭᠰᠠᠨ ᠳᠤ ᠪᠠᠶᠢᠨ᠎ᠠ ︾ ᠭᠡᠵᠦ ᠨᠤᠲᠠᠯᠠᠪᠠ ᠃  ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠦᠰᠢᠭ ᠲᠤᠯᠭᠠᠭᠤᠷᠢ ᠮᠥᠨ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ ᠲᠣᠭᠲᠠᠭᠠᠯ ︾ ᠳᠤ ︽ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ ︾ ᠭᠡᠵᠦ ᠳᠤᠷᠠᠳᠪᠠ ᠃ ᠰᠠᠭᠠᠳ ᠲᠣᠳᠬᠠᠷ ᠢ ᠤᠯᠠᠮ ᠨᠢᠭᠡ ᠠᠯᠬᠤᠮ ᠡᠪᠳᠡᠵᠦ ᠂ ᠬᠠᠮᠵᠢᠯᠴᠠᠨ ᠬᠤᠪᠢᠰᠬᠠᠬᠤ ᠶᠢ ᠠᠬᠢᠭᠤᠯᠵᠤ ᠂ ᠡᠯ᠎ᠡ ᠭᠠᠵᠠᠷ ᠤᠨ ᠬᠢᠨ ᠬᠦᠷ ᠬᠥᠭᠵᠢᠶᠡᠨ ᠲᠠᠢ ᠠᠬᠢᠭᠤᠯᠵᠤ ᠪᠣᠢ ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号