ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠠᠷᠢᠶ᠎ᠠ ᠪᠥᠬᠦᠶ ᠡᠮ ᠡᠮᠨᠡᠯᠭᠡ ᠬᠤᠳᠠᠯᠳᠤᠨ ᠠᠪᠬᠤ ᠲᠥᠪ ᠤᠨ ᠥᠷᠢᠰᠦᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠬᠢᠷᠢ ᠬᠡᠮ ᠢ ᠳᠠᠬᠢᠨ ᠬᠢᠨᠠᠬᠤ ᠪᠠ ᠨᠢᠭᠤᠷᠲᠠᠨ ᠰᠢᠯᠭᠠᠬᠤ ᠵᠡᠷᠭᠡ ᠬᠤᠯᠪᠣᠭᠳᠠᠯ ᠪᠥᠬᠦᠶ ᠶᠠᠪᠤᠳᠠᠯ ᠤᠨ ᠵᠠᠷᠯᠠᠯ
ᠨᠡᠶᠢᠲᠡᠯᠡᠭᠰᠡᠨ ᠴᠠᠭ᠄
2025/5/23
ᠡᠯ᠎ᠡ ᠰᠢᠯᠭᠠᠭᠤᠯᠤᠭᠴᠢᠳ ᠲᠤ ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠠᠷᠢᠶ᠎ᠠ ᠡᠮ ᠡᠮᠨᠡᠯᠭᠡ ᠬᠤᠳᠠᠯᠳᠤᠨ ᠠᠪᠬᠤ ᠲᠥᠪ ᠤᠨ ᠥᠷᠢᠰᠦᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠢᠭᠡᠨᠲᠡ ᠨᠡᠶᠢᠲᠡᠯᠡᠪᠡ ᠂ ᠰᠢᠯᠭᠠᠭᠤᠯᠤᠭᠴᠢ ᠨᠡᠷ᠎ᠡ ᠮᠡᠳᠡᠭᠦᠯᠬᠦ ᠰᠦᠯᠵᠢᠶᠡᠨ ᠥᠷᠲᠡᠭᠡ ︵ www.nmrcks.net ︶ ᠳᠤ ᠥᠪᠡᠰᠦᠪᠡᠨ ᠨᠡᠪᠲᠡᠷᠡᠵᠦ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠭᠠᠷᠠᠢ ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠤᠨ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠵᠠᠷᠯᠠᠯ ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠂ ᠡᠳᠦᠭᠡ ᠪᠢᠷ ᠤᠨ ᠰᠢᠯᠭᠠᠯᠲᠠ ᠶᠢᠨ ᠬᠠᠮᠤᠭ ᠤᠨ ᠳᠣᠤᠷ᠎ᠠ ᠬᠢᠷᠢ ᠲᠡᠩᠴᠡᠬᠦ ᠬᠤᠪᠢ ᠶᠢᠨ ᠱᠤᠭᠤᠮ ᠂ ᠬᠢᠷᠢ ᠬᠡᠮ ᠢ ᠳᠠᠬᠢᠨ ᠬᠢᠨᠠᠬᠤ ᠪᠠ ᠨᠢᠭᠤᠷᠲᠠᠨ ᠰᠢᠯᠭᠠᠬᠤ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠪᠠ ᠃  ᠨᠢᠭᠡ ᠂ ᠪᠢᠷ ᠤᠨ ᠰᠢᠯᠭᠠᠯᠲᠠ ᠶᠢᠨ ᠬᠠᠮᠤᠭ ᠤᠨ ᠳᠣᠣᠷ᠎ᠠ ᠬᠢᠷᠢ ᠲᠡᠩᠴᠡᠬᠦ ᠬᠤᠪᠢ ᠶᠢᠨ ᠱᠤᠭᠤᠮ  ᠲᠤᠰ ᠤᠳᠠᠭᠠᠨ ᠤ ᠪᠢᠷ ᠤᠨ ᠰᠢᠯᠭᠠᠯᠲᠠ ᠶᠢᠨ ᠬᠠᠮᠤᠭ ᠤᠨ ᠳᠣᠣᠷ᠎ᠠ ᠬᠢᠷᠢ ᠲᠡᠩᠴᠡᠬᠦ ᠬᠤᠪᠢ ᠶᠢᠨ ᠱᠤᠭᠤᠮ 60 ᠬᠤᠪᠢ ᠃  ᠬᠤᠶᠠᠷ ᠂ ᠬᠢᠷᠢ ᠬᠡᠮ ᠤᠨ ᠳᠠᠬᠢᠨ ᠬᠢᠨᠠᠯᠲᠠ  ︵ᠨᠢᠭᠡ︶ ᠬᠦᠷᠢᠶ᠎ᠡ ᠬᠡᠪᠴᠢᠶ᠎ᠡ  ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠠᠮᠤᠭ ᠤᠨ ᠳᠣᠤᠷ᠎ᠠ ᠬᠢᠷᠢ ᠲᠡᠩᠴᠡᠬᠦ ᠬᠤᠪᠢ ᠶᠢᠨ ᠱᠤᠭᠤᠮ ᠳᠤ ᠬᠦᠷᠦᠭᠰᠡᠨ ᠰᠢᠯᠭᠠᠭᠤᠯᠤᠭᠴᠢ ᠶᠢ ᠠᠵᠢᠯ ᠤᠨ ᠪᠠᠶᠢᠷᠢ ᠨᠢᠭᠡᠪᠦᠷᠢ ᠶᠢᠨ ᠨᠡᠷ᠎ᠡ ᠮᠡᠳᠡᠭᠦᠯᠦᠭᠰᠡᠨ ᠰᠢᠯᠭᠠᠯᠲᠠ ᠶᠢᠨ ᠬᠢᠷᠢ ᠪᠦᠲᠦᠮᠵᠢ ᠶᠢ ᠳᠡᠭᠡᠷ᠎ᠡ ᠳᠤᠷᠠᠳᠤᠭᠰᠠᠨ ᠳᠠᠷᠠᠭᠠᠯᠠᠯ ᠪᠠ ᠲᠣᠰ ᠠᠵᠢᠯ ᠤᠨ ᠪᠠᠶᠢᠷᠢ ᠶᠢᠨ ᠪᠣᠳᠠᠲᠠᠶ ᠬᠠᠷᠢᠴᠠᠯ ᠢᠶᠠᠷ ᠰᠣᠩᠭᠤᠬᠤ ᠲᠥᠯᠥᠪᠯᠡᠭᠡ ᠶᠢᠨ ᠲᠤᠭ᠎ᠠ ᠶᠢ 3᠄ 1 ᠶᠢᠨ ᠬᠠᠷᠢᠴᠠᠯ ᠢᠶᠠᠷ ᠬᠢᠷᠢ ᠲᠡᠩᠴᠡᠭᠰᠡᠳ ᠢ ᠲᠣᠭᠲᠠᠭᠠᠨ᠎ᠠ ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠵᠡᠷᠭᠡᠴᠡᠭᠦᠯᠦᠨ ᠵᠢᠭᠰᠠᠭᠠᠬᠤ ᠪᠥᠭᠡᠳ 3᠄ 1 ᠬᠠᠷᠢᠴᠠᠯ ᠠᠴᠠ ᠬᠡᠲᠦᠷᠡᠭᠰᠡᠨ ᠪᠠᠶᠢᠪᠠᠯ ᠂ ᠬᠠᠮᠲᠤ ᠳᠤ ᠨᠢ ᠬᠢᠷᠢ ᠬᠡᠮ ᠤᠨ ᠳᠠᠬᠢᠨ ᠬᠢᠨᠠᠯᠲᠠ ᠶᠢᠨ ᠬᠡᠪᠴᠢᠶᠡᠨ ᠳᠤ ᠣᠷᠤᠭᠤᠯᠤᠨ᠎ᠠ ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠠᠮᠤᠭ ᠤᠨ ᠳᠣᠤᠷ᠎ᠠ ᠬᠢᠷᠢ ᠲᠡᠩᠴᠡᠬᠦ ᠬᠤᠪᠢ ᠶᠢᠨ ᠱᠤᠭᠤᠮ ᠳᠤ ᠬᠦᠷᠦᠭᠰᠡᠨ ᠬᠥᠮᠦᠨ ᠤ ᠲᠤᠭ᠎ᠠ 3᠄ 1 ᠳᠤ ᠬᠥᠷᠬᠦ ᠥᠬᠡᠶ ᠪᠠᠶᠢᠪᠠᠯ ᠂ ᠪᠣᠳᠠᠲᠠᠶ ᠬᠥᠮᠦᠨ ᠤ ᠲᠤᠭ᠎ᠠ ᠪᠠᠷ ᠬᠢᠷᠢ ᠬᠡᠮ ᠤᠨ ᠳᠠᠬᠢᠨ ᠬᠢᠨᠠᠯᠲᠠ ᠶᠢᠨ ᠬᠡᠪᠴᠢᠶ᠎ᠡ ᠶᠢ ᠲᠣᠭᠲᠠᠭᠠᠨ᠎ᠠ ᠃ ᠬᠢᠷᠢ ᠭᠡᠮ ᠤᠨ ᠳᠠᠬᠢᠨ ᠬᠢᠨᠠᠯᠲᠠ ᠵᠢᠴᠢ ᠨᠦᠬᠦᠪᠦᠷᠢᠯᠡᠭᠰᠡᠨ ᠤ ᠳᠠᠷᠠᠭ᠎ᠠ 3᠄ 1 ᠳᠤ ᠬᠦᠷᠦᠭᠰᠡᠨ ᠦᠭᠡᠢ ᠪᠣᠯ ᠂ ᠪᠣᠳᠠᠲᠠᠢ ᠬᠥᠮᠥᠨ ᠤ ᠲᠤᠭ᠎ᠠ ᠪᠠᠷ ᠨᠢᠭᠤᠷᠳᠠᠨ ᠰᠢᠯᠭᠠᠯᠲᠠ ᠶᠢᠨ ᠬᠡᠪᠴᠢᠶᠡᠨ ᠳᠤ ᠣᠷᠣᠬᠤ ᠬᠥᠮᠥᠰ ᠢ ᠲᠣᠭᠲᠠᠭᠠᠨ᠎ᠠ ᠃  ︵ᠬᠤᠶᠠᠷ︶ ᠴᠠᠭ  2025 ᠣᠨ ᠤ 5 ᠳ᠋ᠤᠭᠠᠷ ᠰᠠᠷ᠎ᠠ ᠶᠢᠨ 28 ᠤ ᠡᠳᠦᠷ ︵ᠭᠠᠷᠠᠭ ᠤᠨ ᠭᠤᠷᠪᠠᠨ︶ ᠤᠨ ᠦᠳᠡ ᠶᠢᠨ ᠡᠮᠦᠨ᠎ᠡ 9᠄ 00 - 11᠄ 00 ᠴᠠᠭ ᠲᠤ ᠃  ︵ᠭᠤᠷᠪᠠ︶ ᠭᠠᠵᠠᠷ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ 609 ᠲᠠᠰᠤᠭ ︵ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷᠲᠤ 6 ᠳ᠋ᠤᠭᠠᠷ ᠠᠰᠠᠷ︶ ᠃  ︵ᠲᠦᠷᠪᠡ︶ ᠠᠪᠴᠤ ᠶᠠᠪᠤᠬᠤ ᠴᠢᠬᠤᠯᠠᠲᠠᠢ ᠮᠠᠲ᠋ᠧᠷᠢᠶᠠᠯ  1. ︽ ᠨᠡᠷ᠎ᠡ ᠮᠡᠳᠡᠭᠦᠯᠦᠭᠰᠡᠨ ᠬᠦᠰᠦᠨᠦᠭᠲᠦ ︾ ᠶᠢᠨ ᠤᠭ ᠮᠠᠲ᠋ᠧᠷᠢᠶᠠᠯ ︔  2. ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ︔  3. ᠰᠤᠷᠤᠯᠭ᠎ᠠ ᠶᠢᠨ ᠨᠠᠮᠲᠠᠷ ᠪᠠ ᠡᠷᠳᠡᠮ ᠤᠨ ᠴᠣᠯᠠ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠬᠠᠭᠤᠯᠪᠤᠷᠢ ᠂ ᠰᠤᠷᠭᠠᠨ ᠬᠥᠮᠥᠵᠢᠯ ᠤᠨ ᠶᠠᠮᠤᠨ ᠤ ︽ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠭᠤᠯᠤᠯᠲᠠ ᠶᠢᠨ ᠬᠦᠰᠦᠨᠦᠭᠲᠦ︾ ᠪᠤᠶᠤ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠭᠡ ᠶᠢᠨ ᠮᠡᠳᠡᠭᠦᠯᠦᠯᠲᠡ︾ ︵ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ http://www.chsi.com.cn ᠠᠴᠠ ᠪᠠᠭᠤᠯᠭᠠᠵᠤ ᠳᠠᠷᠤᠮᠠᠯᠯᠠᠭᠠᠷᠠᠢ ︶ ︔  4. ︽ᠠᠯᠪᠠᠲᠠᠨ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾ ︵︽ᠠᠯᠪᠠᠲᠠᠨ ᠳᠤ ᠣᠷᠣᠯᠴᠠᠭᠰᠠᠳ ᠢ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠬᠦᠰᠦᠨᠦᠭᠲᠦ︾ ︶ ᠪᠤᠶᠤ ︽ᠢᠯᠡ ᠪᠠᠷ ᠠᠵᠢᠯᠲᠠᠨ ᠡᠯᠰᠡᠬᠦ ᠳᠠᠩᠰᠠᠯᠠᠭᠤᠯᠤᠯᠲᠠ ᠶᠢᠨ ᠬᠦᠰᠦᠨᠦᠭᠲᠦ︾ ᠵᠡᠷᠭᠡ ᠠᠯᠪᠠᠲᠠᠨ ︵ᠠᠯᠪᠠᠲᠠᠨ ᠳᠤ ᠣᠷᠣᠯᠴᠠᠭᠰᠠᠳ︶ ᠤ ᠡᠩᠨᠡᠭᠡ ᠪᠤᠶᠤ ᠠᠵᠢᠯ ᠦᠢᠯᠡᠰ ᠤᠨ ᠨᠢᠭᠡᠴᠢ ᠳᠤ ᠣᠷᠣᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠤᠨ ᠬᠠᠭᠤᠯᠪᠤᠷᠢ ᠂ ︽ᠠᠯᠪᠠᠲᠠᠨ ᠤ ᠪᠦᠷᠢᠳᠬᠡᠯ ᠤᠨ ᠬᠦᠰᠦᠨᠦᠭᠲᠦ︾ ︵︽ᠠᠯᠪᠠᠲᠠᠨ ᠤ ᠬᠠᠤᠯᠢ ᠪᠠᠷ ᠬᠠᠮᠢᠶᠠᠷᠬᠤ ᠪᠠᠶᠢᠭᠤᠯᠭ᠎ᠠ ︵ᠨᠢᠭᠡᠴᠢ ︶ ᠶᠢᠨ ᠠᠵᠢᠯᠲᠠᠨ ᠤ ᠪᠦᠷᠢᠳᠬᠡᠯ ᠤᠨ ᠬᠦᠰᠦᠨᠦᠭᠲᠦ︾ ᠪᠠᠷ ᠯᠠᠪᠯᠠᠯᠲᠠ ᠪᠣᠯᠭᠠᠭᠰᠠᠨ ᠬᠠᠭᠤᠯᠪᠤᠷᠢ ︶ ᠶᠢᠨ ᠬᠠᠭᠤᠯᠪᠤᠷᠢ ︔  5. ᠠᠵᠢᠯᠯᠠᠵᠤ ᠪᠠᠶᠢᠭ᠎ᠠ ᠪᠠᠶᠢᠭᠤᠯᠭ᠎ᠠ ᠪᠠᠶᠢᠭᠤᠯᠤᠮᠵᠢ ᠶᠢᠨ ᠤᠷᠤᠨ ᠲᠤᠭᠠᠨ ᠤ ᠬᠠᠮᠢᠶᠠᠷᠤᠯᠲᠠ ᠶᠢᠨ ᠲᠡᠷᠢᠭᠦᠨ ᠬᠠᠭᠤᠳᠠᠰᠤ ᠪᠠ ᠬᠤᠪᠢ ᠬᠦᠮᠦᠨ ᠤ ᠨᠢᠭᠤᠷ ᠤᠨ ᠬᠠᠭᠤᠯᠪᠤᠷᠢ ︔  6. ᠥᠩᠭᠡᠷᠡᠭᠰᠡᠨ ᠤ ᠲᠤᠰᠢᠶᠠᠯ ᠤᠨ ᠬᠤᠪᠢᠷᠠᠯᠲᠠ ᠪᠠ ᠰᠢᠯᠵᠢᠯᠲᠡ ᠶᠢᠨ ᠬᠢᠨᠠᠨ ᠵᠥᠪᠰᠢᠶᠡᠷᠡᠬᠦ ᠬᠦᠰᠦᠨᠦᠭᠲᠦ ᠪᠤᠶᠤ ᠪᠢᠴᠢᠭ ᠮᠠᠲ᠋ᠧᠷᠢᠶᠠᠯ ᠤᠨ ᠬᠠᠭᠤᠯᠪᠤᠷᠢ ︔  ᠳᠡᠭᠡᠷᠡᠬᠢ 4 - 6 ᠵᠦᠢᠯ ᠤᠨ ᠮᠠᠲ᠋ᠧᠷᠢᠶᠠᠯ ᠤᠨ ᠬᠠᠭᠤᠯᠪᠤᠷᠢ ᠶᠢ ᠬᠠᠭᠤᠳᠠᠰᠤ ᠪᠦᠷᠢ ᠳᠤ ᠡᠷᠬᠡᠪᠰᠢ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢᠨ ᠪᠠᠶᠢᠭ᠎ᠠ ᠨᠢᠭᠡᠴᠢ ᠶᠢᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠲᠠᠮᠠᠭ᠎ᠠ ᠳᠠᠷᠤᠭᠤᠯᠵᠤ ᠂ ︽ᠲᠤᠰ ᠬᠠᠭᠤᠯᠪᠤᠷᠢ ᠨᠢ ᠤᠭ ᠮᠠᠲ᠋ᠧᠷᠢᠶᠠᠯ ᠲᠠᠢ ᠨᠢᠭᠡᠳᠦᠯᠲᠡᠢ ︾ ᠭᠡᠵᠦ ᠲᠤᠳᠤᠷᠬᠠᠶᠢᠯᠠᠬᠤ ᠬᠡᠷᠡᠭᠲᠡᠢ ᠃ ᠨᠢᠭᠤᠷ ᠤᠨ ᠲᠤᠭ᠎ᠠ ᠨᠡᠯᠢᠶᠡᠳ ᠠᠷᠪᠢᠨ ᠨᠢ ᠲᠡᠷᠢᠭᠦᠨ ᠨᠢᠭᠤᠷ ᠤᠨ ᠵᠠᠩᠭᠢᠯᠠᠭ᠎ᠠ ᠶᠢᠨ ᠨᠢᠭᠤᠷ ᠲᠤ ᠲᠤᠳᠤᠷᠬᠠᠶᠢᠯᠠᠵᠤ ᠲᠠᠮᠠᠭ᠎ᠠ ᠳᠠᠷᠤᠭᠤᠯᠬᠤ ᠶᠢᠨ ᠬᠠᠮᠲᠤ ᠠᠭᠤᠯᠵᠠᠷ ᠤᠨ ᠲᠠᠮᠠᠭ᠎ᠠ ᠳᠠᠷᠤᠭᠤᠯᠵᠤ ᠪᠣᠯᠤᠨ᠎ᠠ ᠃  7. ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ ᠲᠢᠲᠢᠮ ᠦᠭᠡᠢ ᠥᠩᠭᠡᠲᠦ ᠰᠡᠭᠦᠳᠡᠷ ︵3 ᠬᠠᠭᠤᠳᠠᠰᠤ ︶  8. ︽ ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭᠲᠦ︾ ᠳᠠᠬᠢ ᠠᠵᠢᠯᠯᠠᠭᠰᠠᠨ ᠥᠩᠭᠡᠷᠡᠯᠲᠡ ᠪᠠ ᠠᠵᠢᠯ ᠤᠨ ᠠᠮᠵᠢᠯᠲᠠ ᠪᠦᠲᠦᠮᠵᠢ ᠶᠢ ᠭᠡᠷᠡᠴᠢᠯᠡᠵᠦ ᠳᠡᠶᠢᠯᠬᠦ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ︵ᠬᠠᠮᠢᠶ᠎ᠠ ᠪᠦᠬᠦᠢ ᠠᠵᠢᠯ ᠤᠨ ᠥᠩᠭᠡᠷᠡᠯᠲᠡ ᠶᠢ ᠱᠠᠭᠠᠷᠳᠠᠭᠰᠠᠨ ᠪᠠᠶᠢᠪᠠᠯ ᠡᠷᠬᠡᠪᠰᠢ ᠠᠵᠢᠯᠯᠠᠭᠰᠠᠨ ᠥᠩᠭᠡᠷᠡᠯᠲᠡ ᠶᠢᠨ ᠭᠡᠷᠡᠴᠢ ᠪᠠᠨ ᠬᠠᠩᠭᠠᠨ᠎ᠠ ᠂ ᠠᠵᠢᠯᠯᠠᠭᠰᠠᠨ ᠥᠩᠭᠡᠷᠡᠯᠲᠡ ᠶᠢᠨ ᠢᠶᠠᠨ ᠡᠬᠢᠯᠡᠭᠰᠡᠨ ᠬᠤᠭᠤᠴᠠᠭ᠎ᠠ ᠂ ᠭᠡᠷᠡᠴᠢᠯᠡᠭᠴᠢ ᠶᠢᠨ ᠡᠭᠦᠷᠭᠡ ᠲᠤᠰᠢᠶᠠᠯ ᠂ ᠭᠡᠷᠡᠴᠢᠯᠡᠭᠴᠢ ᠶᠢᠨ ᠣᠪᠣᠭ ᠨᠡᠷ᠎ᠡ ᠵᠢᠴᠢ ᠤᠲᠠᠰᠤ ᠂ ᠪᠠᠶᠢᠭᠤᠯᠭ᠎ᠠ ᠨᠢᠭᠡᠴᠢ ᠶᠢᠨ ᠲᠠᠮᠠᠭ᠎ᠠ ᠶᠢ ᠳᠠᠷᠤᠭᠤᠯᠬᠤ ᠬᠡᠷᠡᠭᠲᠡᠢ ︶ ︔  9. ᠲᠣᠰ ᠬᠥᠮᠦᠨ ᠤ ᠭᠠᠷ ᠤᠨ ᠥᠰᠥᠭ ᠵᠢᠷᠤᠭᠰᠠᠨ ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ ︵ᠳᠠᠭᠠᠯᠳᠤᠭᠤᠯᠤᠯ︶ ︔  10. ᠨᠡᠷ᠎ᠡ ᠮᠡᠳᠡᠭᠦᠯᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠲᠠᠢ ᠬᠤᠯᠪᠣᠭᠳᠠᠬᠤ ᠪᠤᠰᠤᠳ ᠭᠡᠷᠡᠴᠢ ᠮᠠᠲ᠋ᠧᠷᠢᠶᠠᠯ ᠤᠳ ︵ᠰᠢᠯᠭᠠᠭᠤᠯᠤᠭᠴᠢ ᠥᠪᠡᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠭᠡᠷᠡᠴᠢᠯᠡᠬᠦ ᠮᠠᠲ᠋ᠧᠷᠢᠶᠠᠯ ᠃ ︶  ︵ᠲᠠᠪᠤ︶ ᠠᠩᠬᠠᠷᠬᠤ ᠵᠦᠢᠯ  1.ᠳᠠᠬᠢᠨ ᠬᠢᠨᠠᠯᠲᠠ ᠳᠤ ᠰᠢᠯᠭᠠᠯᠲᠠ ᠳᠤ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠨᠢ ᠦᠨᠡᠨ ᠪᠣᠳᠠᠲᠠᠶ ᠣᠨᠣᠪᠴᠢᠲᠠᠶ ᠪᠠᠶᠢᠬᠤ ᠡᠰᠡᠬᠦ ᠂ ᠨᠡᠷ᠎ᠡ ᠮᠡᠳᠡᠭᠦᠯᠦᠭᠰᠡᠨ ᠠᠵᠢᠯ ᠤᠨ ᠪᠠᠶᠢᠷᠢ ᠶᠢᠨ ᠵᠣᠬᠢᠴᠠᠩᠭᠤᠶ ᠬᠢᠷᠢ ᠬᠡᠮ ᠤᠨ ᠨᠥᠬᠦᠴᠡᠯ ᠳᠤ ᠨᠡᠶᠢᠴᠡᠬᠦ ᠡᠰᠡᠬᠦ ᠂ ᠨᠡᠷ᠎ᠡ ᠮᠡᠳᠡᠭᠦᠯᠦᠭᠰᠡᠨ ᠠᠵᠢᠯ ᠤᠨ ᠪᠠᠶᠢᠷᠢ ᠶᠢᠨ ᠵᠣᠬᠢᠴᠠᠩᠭᠤᠢ ᠬᠢᠷᠢ ᠬᠡᠮ ᠨᠥᠬᠦᠴᠡᠯ ᠳᠤ ᠨᠡᠶᠢᠴᠡᠬᠦ ᠡᠰᠡᠬᠦ ᠶᠢ ᠭᠤᠣᠯᠳᠠᠭᠤᠯᠤᠨ ᠬᠢᠨᠠᠨ᠎ᠠ ᠂ ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠨ ᠮᠡᠳᠡᠭᠦᠯᠦᠭᠰᠡᠨ ᠦᠭᠡᠶ ᠵᠢᠴᠢ ᠴᠢᠬᠤᠯᠠ ᠮᠡᠳᠡᠭᠡ ᠵᠠᠩᠭᠢ ᠪᠠᠨ ᠨᠢᠭᠤᠨ ᠳᠠᠯᠳᠠᠯᠠᠬᠤ ᠪᠤᠶᠤ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭᠠᠭᠰᠠᠨ ᠪᠠᠶᠢᠪᠠᠯ ᠨᠢᠭᠤᠷᠳᠠᠨ ᠰᠢᠯᠭᠠᠯᠲᠠ ᠶᠢᠨ ᠬᠢᠷᠢ ᠭᠡᠮ ᠢ ᠬᠦᠴᠦᠨ ᠦᠭᠡᠶ ᠪᠣᠯᠭᠠᠨ᠎ᠠ ᠃  2. ᠰᠢᠯᠭᠠᠭᠤᠯᠤᠭᠴᠢ ᠮᠠᠲ᠋ᠧᠷᠢᠶᠠᠯ ᠢᠶᠠᠨ ᠤᠷᠢᠳᠴᠢᠯᠠᠨ ᠪᠡᠯᠡᠳᠬᠡᠬᠦ ᠶᠢᠨ ᠬᠠᠮᠲᠤ ᠮᠠᠲ᠋ᠧᠷᠢᠶᠠᠯ ᠢᠶᠠᠨ ᠳᠡᠭᠡᠷ᠎ᠡ ᠳᠤᠷᠠᠳᠤᠭᠰᠠᠨ ᠳᠠᠷᠠᠭᠠᠯᠠᠯ ᠢᠶᠠᠷ ᠡᠮᠬᠢᠯᠡᠬᠦ ᠬᠡᠷᠡᠭᠲᠡᠢ ᠃ ᠬᠡᠷᠪᠡ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠬᠤ ᠳᠤ ᠮᠠᠲ᠋ᠧᠷᠢᠶᠠᠯ ᠨᠢ ᠪᠦᠷᠢᠨ ᠪᠤᠰᠤ ᠠᠴᠠ ᠪᠣᠯᠵᠣ ᠬᠢᠨᠠᠨ ᠬᠠᠷᠭᠤᠭᠤᠯᠬᠤ ᠳᠤ ᠪᠠᠲᠤᠯᠠᠭᠳᠠᠭᠰᠠᠨ ᠥᠬᠡᠶ ᠪᠠᠶᠢᠪᠠᠯ ᠂ ᠬᠠᠷᠢᠭᠤᠴᠠᠯᠭ᠎ᠠ ᠶᠢ ᠰᠢᠯᠭᠠᠭᠤᠯᠤᠭᠴᠢ ᠡᠭᠦᠷᠭᠡᠯᠡᠨ᠎ᠡ ᠃ ᠮᠠᠲ᠋ᠧᠷᠢᠶᠠᠯ ᠪᠡᠯᠡᠳᠬᠡᠬᠦ ᠬᠠᠮᠢᠶ᠎ᠠ ᠪᠥᠬᠦᠶ ᠤᠴᠢᠷ ᠶᠠᠪᠤᠳᠠᠯ ᠢ ᠤᠲᠠᠰᠤ ᠪᠠᠷ ᠤᠷᠢᠳᠴᠢᠯᠠᠨ  ᠠᠰᠠᠭᠤᠨ ᠯᠠᠪᠯᠠᠵᠤ ᠪᠣᠯᠤᠨ᠎ᠠ ᠃  3. ᠬᠢᠷᠢ ᠬᠡᠮ ᠤᠨ ᠳᠠᠬᠢᠨ ᠬᠢᠨᠠᠯᠲᠠ ᠶᠢᠨ ᠬᠤᠭᠤᠴᠠᠭᠠᠨ ᠳᠤ ᠂ ᠰᠢᠯᠭᠠᠭᠤᠯᠤᠭᠴᠢ ᠡᠷᠬᠡᠪᠰᠢ ᠴᠢᠮᠡᠭᠡ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠪᠠᠨ ᠪᠠᠲᠤᠯᠠᠬᠤ ᠬᠡᠷᠡᠭᠲᠡᠶ ᠃ ᠰᠢᠯᠭᠠᠭᠤᠯᠤᠭᠴᠢ ᠶᠢᠨ ᠬᠤᠪᠢ ᠬᠥᠮᠦᠨ ᠤ ᠰᠢᠯᠲᠠᠭᠠᠨ ᠠᠴᠠ ᠪᠣᠯᠵᠣ ᠬᠠᠷᠢᠯᠴᠠᠵᠤ ᠳᠡᠶᠢᠯᠦᠭᠰᠡᠨ ᠥᠬᠡᠶ ᠪᠤᠶᠤ ᠲᠣᠭᠲᠠᠭᠰᠠᠨ ᠴᠠᠭ ᠲᠤ ᠬᠢᠷᠢ ᠬᠡᠮ ᠤᠨ ᠳᠠᠬᠢᠨ ᠬᠢᠨᠠᠯᠲᠠ ᠶᠢᠨ ᠮᠠᠲ᠋ᠧᠷᠢᠶᠠᠯ ᠢᠶᠠᠨ ᠲᠤᠰᠢᠶᠠᠭᠰᠠᠨ ᠥᠬᠡᠶ ᠪᠠᠶᠢᠪᠠᠯ ᠂ ᠥᠪᠡᠷᠲᠡᠭᠡᠨ ᠬᠠᠶᠠᠭᠰᠠᠨ ᠢᠶᠠᠷ ᠦᠵᠡᠵᠦ ᠨᠢᠭᠤᠷᠲᠠᠨ ᠰᠢᠯᠭᠠᠯᠲᠠ ᠶᠢᠨ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ ᠃  4. ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠥᠬᠡᠶ ᠂ ᠲᠣᠭᠲᠠᠭᠰᠠᠨ ᠴᠠᠭ ᠲᠤ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠭᠰᠠᠨ ᠥᠬᠡᠶ ᠰᠢᠯᠭᠠᠭᠤᠯᠤᠭᠴᠢ ᠶᠢᠨ ᠨᠢᠭᠤᠷᠲᠠᠨ ᠰᠢᠯᠭᠠᠯᠲᠠ ᠶᠢᠨ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠶᠢᠨ ᠬᠠᠮᠲᠤ ᠲᠣᠰ ᠠᠵᠢᠯ ᠤᠨ ᠪᠠᠶᠢᠷᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠠᠴᠠ ᠳᠣᠤᠷ᠎ᠠ ᠳᠠᠷᠠᠭᠠᠯᠠᠯ ᠢᠶᠠᠷ ᠳᠠᠷᠠᠭᠠᠯᠠᠨ ᠨᠥᠬᠦᠪᠥᠷᠢᠯᠡᠨ᠎ᠡ ᠃ ᠳᠠᠷᠠᠭᠠᠯᠠᠨ ᠨᠥᠬᠦᠪᠥᠷᠢᠯᠡᠬᠦ ᠳᠤ ᠤᠲᠠᠰᠤᠳᠠᠬᠤ ᠬᠡᠯᠪᠡᠷᠢ ᠪᠠᠷ ᠮᠡᠳᠡᠭᠳᠡᠵᠦ ᠂ ᠰᠢᠯᠭᠠᠭᠤᠯᠤᠭᠴᠢ ᠴᠢᠮᠡᠭᠡ ᠨᠡᠪᠲᠡᠷᠡᠯᠭᠡ ᠶᠢᠨ ᠢᠶᠠᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠢ ᠂ ᠬᠡᠷᠪᠡ ᠤᠲᠠᠰᠤ ᠰᠠᠭᠠᠳ ᠲᠠᠢ ᠠᠴᠠ ᠪᠣᠯᠵᠣ ᠳᠠᠷᠠᠭᠠᠯᠠᠨ ᠨᠥᠬᠦᠪᠥᠷᠢᠯᠡᠬᠦ ᠲᠣᠬᠢᠶᠠᠯ ᠢ ᠠᠯᠳᠠᠭᠰᠠᠨ ᠪᠠᠶᠢᠪᠠᠯ ᠂ ᠰᠢᠯᠭᠠᠭᠤᠯᠤᠭᠴᠢ ᠰᠠᠶᠢᠨ ᠳᠤᠷ᠎ᠠ ᠠᠴᠠ ᠪᠠᠨ ᠬᠠᠶᠠᠭᠰᠠᠨ ᠢᠶᠠᠷ ᠦᠵᠡᠨ᠎ᠡ ᠃  5. ᠬᠢᠷᠢ ᠬᠡᠮ ᠤᠨ ᠳᠠᠬᠢᠨ ᠬᠢᠨᠠᠯᠲᠠ ᠳᠤ ᠬᠢᠷᠢ ᠲᠡᠩᠴᠡᠭᠰᠡᠨ ᠰᠢᠯᠭᠠᠭᠤᠯᠤᠭᠴᠢᠳ ᠢ ᠠᠵᠢᠯᠲᠠᠳ ᠲᠤᠬᠠᠶ ᠶᠢᠨ ᠲᠠᠯᠠᠪᠤᠷ ᠲᠤ ︽ᠨᠢᠭᠤᠷᠲᠠᠨ ᠰᠢᠯᠭᠠᠯᠲᠠ ᠶᠢᠨ ᠮᠡᠳᠡᠭᠳᠡᠯ ᠤᠨ ᠪᠢᠴᠢᠭ︾ ᠣᠯᠭᠤᠵᠤ ᠂ ᠰᠢᠯᠭᠠᠭᠤᠯᠤᠭᠴᠢ ᠶᠢᠨ ᠨᠢᠭᠤᠷᠲᠠᠨ ᠰᠢᠯᠭᠠᠯᠲᠠ ᠳᠤ ᠣᠷᠣᠯᠴᠠᠬᠤ ᠭᠡᠷᠡᠴᠢ ᠪᠠᠷᠢᠮᠲᠠ ᠪᠣᠯᠭᠠᠨ᠎ᠠ ᠃  ᠭᠤᠷᠪᠠ ᠂ ᠨᠢᠭᠤᠷᠳᠠᠨ ᠰᠢᠯᠭᠠᠯᠲᠠ  ︵ᠨᠢᠭᠡ︶ ᠴᠠᠭ ᠵᠢᠴᠢ ᠭᠠᠵᠠᠷ  ᠨᠢᠭᠤᠷᠲᠠᠨ ᠰᠢᠯᠭᠠᠯᠲᠠ ᠶᠢᠨ ᠭᠠᠵᠠᠷ ᠢ ᠬᠥᠬᠡᠬᠤᠲᠠ ᠳᠤ ᠳᠣᠬᠢᠷᠠᠭᠤᠯᠵᠤ ᠂ ᠪᠣᠳᠠᠲᠠᠶ ᠴᠠᠭ ᠵᠢᠴᠢ ᠭᠠᠵᠠᠷ ᠢ ᠬᠢᠷᠢ ᠬᠡᠮ ᠤᠨ ᠳᠠᠬᠢᠨ ᠬᠢᠨᠠᠯᠲᠠ ᠶᠢᠨ ᠳᠠᠷᠠᠭ᠎ᠠ ᠠᠰᠲᠠᠭᠠᠨ ᠮᠡᠳᠡᠭᠳᠡᠨ᠎ᠡ ᠂ ᠰᠢᠯᠭᠠᠭᠤᠯᠤᠭᠴᠢ ᠡᠷᠬᠡᠪᠰᠢ ︽ᠨᠢᠭᠤᠷᠲᠠᠨ ᠰᠢᠯᠭᠠᠯᠲᠠ ᠶᠢᠨ ᠮᠡᠳᠡᠭᠳᠡᠯ ᠤᠨ ᠪᠢᠴᠢᠭ︾ ᠤᠨ ᠱᠠᠭᠠᠷᠳᠠᠯᠭ᠎ᠠ ᠶᠣᠰᠣᠭᠠᠷ ᠂ ᠮᠠᠲ᠋ᠧᠷᠢᠶᠠᠯ ᠢᠶᠠᠨ ᠠᠪᠤᠭᠠᠳ ᠴᠠᠭ ᠲᠤᠬᠠᠶ ᠳᠤ ᠨᠢ ᠣᠷᠣᠯᠴᠠᠬᠤ ᠬᠡᠷᠡᠭᠲᠡᠢ ᠂ ᠲᠣᠭᠲᠠᠭᠰᠠᠨ ᠴᠠᠭ ᠲᠤ ᠪᠠᠨ ᠨᠢᠭᠤᠷᠲᠠᠨ ᠰᠢᠯᠭᠠᠯᠲᠠ ᠳᠤ ᠣᠷᠣᠯᠴᠠᠵᠤ ᠳᠡᠶᠢᠯᠦᠭᠰᠡᠨ ᠥᠬᠡᠶ ᠪᠣᠯ ᠥᠪᠡᠷᠲᠡᠭᠡᠨ ᠬᠠᠶᠠᠭᠰᠠᠨ ᠢᠶᠠᠷ ᠦᠵᠡᠨ᠎ᠡ ᠃  ︵ᠬᠤᠶᠠᠷ︶ ᠨᠢᠭᠤᠷᠳᠠᠨ ᠰᠢᠯᠭᠠᠯᠲᠠ ᠶᠢᠨ ᠬᠡᠯᠪᠡᠷᠢ  1. ᠨᠢᠭᠤᠷᠳᠠᠨ ᠰᠢᠯᠭᠠᠯᠲᠠ ᠳᠤ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠠᠷᠢᠭᠤᠯᠬᠤ ᠬᠡᠷᠡᠭᠲᠡᠢ ᠂ ᠨᠢᠭᠤᠷᠲᠠᠨ ᠰᠢᠯᠭᠠᠯᠲᠠ ᠶᠢᠨ ᠪᠦᠷᠢᠨ ᠬᠤᠪᠢ 100 ᠬᠤᠪᠢ ᠪᠣᠯᠣᠨ᠎ᠠ ᠃  2. ᠨᠢᠭᠤᠷᠲᠠᠨ ᠰᠢᠯᠭᠠᠯᠲᠠ ᠶᠢ ᠪᠦᠲᠦᠴᠡᠴᠢᠯᠡᠭᠰᠡᠨ ᠬᠡᠯᠪᠡᠷᠢ ᠪᠠᠷ ᠶᠠᠪᠤᠭᠳᠠᠭᠤᠯᠤᠨ᠎ᠠ ᠃ ᠨᠢᠭᠤᠷᠲᠠᠨ ᠰᠢᠯᠭᠠᠯᠲᠠ ᠳᠤ ᠨᠢᠭᠤᠷᠳᠠᠨ ᠰᠢᠯᠭᠠᠭᠤᠯᠤᠭᠴᠢᠳ ᠤᠨ ᠤᠯᠤᠰ ᠲᠥᠷᠥ ᠶᠢᠨ ᠬᠡᠪ ᠴᠢᠨᠠᠷ ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠂ ᠶᠡᠷᠦᠩᠬᠡᠶᠢᠯᠡᠭᠰᠡᠨ ᠵᠠᠳᠠᠯᠤᠯᠲᠠ ᠂ ᠦᠭᠡ ᠬᠡᠯᠡᠨ ᠤ ᠢᠯᠡᠳᠬᠡᠯ ᠪᠠ ᠠᠵᠢᠯ ᠤᠨ ᠪᠠᠶᠢᠷᠢ ᠶᠢᠨ ᠵᠣᠬᠢᠴᠠᠯᠳᠤᠯ ᠤᠨ ᠬᠡᠮᠵᠢᠶ᠎ᠡ ᠶᠢ ᠭᠤᠤᠯᠳᠠᠯᠭ᠎ᠠ ᠲᠠᠢ ᠰᠢᠯᠭᠠᠨ ᠪᠠᠶᠢᠴᠠᠭᠠᠨ᠎ᠠ ᠃  ᠳᠥᠷᠪᠡ ᠂ ᠠᠰᠠᠭᠤᠨ ᠯᠠᠪᠯᠠᠬᠤ ᠪᠠ ᠬᠢᠨᠠᠯᠲᠠ ᠲᠠᠯᠪᠢᠬᠤ ᠤᠲᠠᠰᠤ  ︵ᠨᠢᠭᠡ︶ ᠠᠰᠠᠭᠤᠨ ᠯᠠᠪᠯᠠᠬᠤ ᠤᠲᠠᠰᠤ᠄ 4930561  6606283  ︵ᠬᠤᠶᠠᠷ︶ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 6606227  ᠳᠠᠭᠠᠯᠳᠤᠭᠤᠯᠤᠯ᠄ ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ            2025 ᠣᠨ ᠤ 5 ᠳ᠋ᠤᠭᠠᠷ ᠰᠠᠷ᠎ᠠ ᠶᠢᠨ 23 ᠤ ᠡᠳᠦᠷ ᠳᠠᠭᠠᠯᠳᠤᠭᠤᠯᠤᠯ᠄    ᠳᠠᠭᠠᠯᠳᠤᠭᠤᠯᠤᠯ᠄ ᠰᠢᠯᠭᠠᠭᠤᠯᠤᠭᠴᠢ ᠶᠢᠨ ᠦᠨᠡᠨᠴᠢ ᠢᠲᠡᠭᠡᠮᠵᠢ ᠶᠢᠨ ᠠᠮᠠᠯᠠᠯᠲᠠ ᠶᠢᠨ ᠪᠢᠴᠢᠭ.doc

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号