ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 22 ᠤᠨ ᠴᠠᠭᠢᠯᠭᠠᠨ ᠮᠡᠳᠡᠭᠡ 5 ᠰᠠᠷ᠎ᠠ ᠶᠢᠨ 22 ᠤᠨ | ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠵᠤᠭ᠎ᠠ ᠪᠠᠷ ᠹᠷᠠᠨᠼᠢ ᠶᠢᠨ ᠶᠡᠷᠦᠩᠬᠡᠶᠢᠯᠡᠭᠴᠢ | ᠮᠠᠶᠢᠺᠷᠤᠨ ᠲᠠᠢ ᠤᠲᠠᠰᠤ ᠪᠠᠷ ᠶᠠᠷᠢᠯᠴᠠᠪᠠ ᠃ | ᠰᠢ ᠶᠢᠨ ᠫᠢᠩ ᠂ ᠨᠢᠳᠤᠨᠤᠨ ᠤ 5 ᠰᠠᠷ᠎ᠠ ᠳᠤ ᠪᠢ ᠹᠷᠠᠨᠼᠢ ᠳᠤ ᠠᠶᠢᠯᠴᠢᠯᠠᠵᠤ ᠂ ᠬᠤᠶᠠᠷ ᠲᠠᠯ᠎ᠠ ᠪᠠᠷ ᠢᠶᠠᠨ ᠪᠡᠶ᠎ᠡ ᠪᠠᠨ | ᠳᠠᠭᠠᠭᠠᠵᠤ ᠡᠵᠡᠨ ᠮᠡᠳᠡᠬᠦ ᠂ ᠬᠠᠷᠢᠯᠴᠠᠨ ᠣᠶᠢᠯᠠᠭᠠᠯᠴᠠᠬᠤ ᠂ ᠥᠨᠳᠥᠷ ᠲᠤ ᠵᠣᠭᠰᠣᠨ ᠠᠯᠤᠰ ᠢ ᠪᠠᠷᠠᠯᠠᠬᠤ ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠳᠤᠮᠳᠠᠳᠤ ᠹᠷᠠᠨᠼᠢ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠬᠤ ᠵᠣᠷᠢᠭ | ᠰᠠᠨᠠᠭ᠎ᠠ ᠶᠢ ᠪᠠᠳᠠᠷᠠᠭᠤᠯᠬᠤ ᠶᠢ ᠰᠠᠨᠠᠯ ᠨᠢᠭᠡᠲᠡᠢ ᠵᠥᠪᠰᠢᠶᠡᠷᠡᠭᠰᠡᠨ ᠪᠥᠭᠡᠳ ᠲᠡᠭᠦᠨ ᠳᠤ ᠰᠢᠨ᠎ᠡ ᠴᠠᠭ ᠦᠶ᠎ᠡ ᠶᠢᠨ | ᠠᠭᠤᠯᠤᠭᠳᠠᠬᠤᠨ ᠣᠯᠭᠤᠪᠠ ᠃ ᠲᠡᠭᠦᠨ ᠠᠴᠠ ᠰᠡᠭᠦᠯᠡᠷ ᠂ ᠳᠤᠮᠳᠠᠳᠤ ᠹᠷᠠᠨᠼᠢ ᠶᠢᠨ ᠬᠠᠮᠲᠤᠷᠠᠯᠴᠠᠭ᠎ᠠ ᠪᠠᠰᠠ ᠮᠠᠰᠢ ᠤᠯᠠᠨ | ᠰᠢᠨ᠎ᠡ ᠠᠬᠢᠴᠠ ᠲᠠᠢ ᠪᠣᠯᠪᠠ ᠃ | ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠤᠶ᠎ᠠ ᠃ ᠠᠵᠠ ᠲᠣᠭᠢᠶᠠᠯ ᠢ ᠠᠮᠵᠢᠵᠤ ᠂ ᠪᠡᠯᠡ ᠣᠷᠣᠭᠤᠯᠤᠯᠲᠠ ᠂ ᠰᠠᠨᠰᠠᠷ ᠤᠨ ᠠᠶᠠᠯᠠᠯ | ᠠᠭᠠᠷ ᠤᠨ ᠠᠶᠠᠯᠠᠯ ᠂ ᠴᠥᠮ᠎ᠡ ᠶᠢᠨ ᠡᠨᠧᠷᠭᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ | ᠲᠣᠭᠠᠴᠢᠯᠠᠯᠳᠠ ᠂ ᠪᠣᠬᠢᠷᠳᠤᠯ ᠦᠭᠡᠢ ᠂ ᠠᠮᠢᠳᠤ ᠪᠣᠳᠠᠰ ᠤᠨ ᠡᠮ ᠡᠮᠨᠡᠯᠭᠡ ᠂ ᠪᠤᠭᠤᠷᠤᠯᠴᠤᠳ ᠤᠨ ᠠᠵᠤ ᠠᠬᠤᠢ ᠵᠡᠷᠭᠡ | ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠶ᠎ᠡ ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ | ᠨᠡᠮᠡᠭᠳᠡᠭᠦᠯᠵᠦ ᠂ ᠠᠷᠠᠳ ᠲᠦᠮᠡᠨ ᠤ ᠨᠥᠬᠦᠷᠯᠡᠯ ᠢ ᠠᠬᠢᠭᠤᠯᠤᠶ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠡᠨᠡ ᠵᠢᠯ ᠪᠣᠯ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ ᠪᠠ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠤᠢ ᠪᠣᠯᠣᠨ᠎ᠠ ᠃ ᠳᠤᠮᠳᠠᠳᠤ ᠹᠷᠠᠨᠼᠢ ᠪᠣᠯ | ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ | ᠡᠷᠭᠢᠯᠡᠭᠦ ᠤᠯᠤᠰ ᠪᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠲᠣᠮᠣ ᠤᠯᠤᠰ ᠮᠥᠨ ᠂ ᠳᠠᠶᠢᠨ ᠤ ᠳᠠᠷᠠᠭᠠᠬᠢ ᠤᠯᠠᠨ | ᠤᠯᠤᠰ ᠤᠨ ᠡᠮᠬᠢ ᠳᠢᠭᠯᠢᠮ ᠤᠨ ᠡᠭᠦᠰᠬᠡᠨ ᠪᠠᠶᠢᠭᠤᠯᠤᠭᠴᠢ ᠂ ᠪᠦᠲᠦᠭᠡᠨ ᠪᠠᠶᠢᠭᠤᠯᠤᠭᠴᠢ ᠮᠥᠨ ᠂ ᠪᠦᠯᠬᠦᠮᠳᠡᠯ | ᠬᠠᠮᠲᠤᠷᠠᠯᠴᠠᠭ᠎ᠠ ᠪᠠᠨ ᠴᠢᠩᠭᠠᠳᠬᠠᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ | ᠰᠠᠭᠤᠷᠢ ᠶᠢ ᠬᠠᠮᠲᠤ ᠪᠠᠷ ᠬᠠᠮᠠᠭᠠᠯᠠᠵᠤ ᠂ ᠤᠯᠠᠨ ᠤᠯᠤᠰ ᠤᠨ ᠠᠷᠠᠯᠵᠢᠶᠠᠨ ᠤ ᠳᠦᠷᠢᠮ ᠪᠠ ᠳᠡᠯᠡᠬᠡᠢ ᠶᠢᠨ ᠠᠵᠤ ᠠᠬᠤᠢ ᠶᠢᠨ | ᠡᠮᠬᠢ ᠵᠢᠷᠤᠮ ᠢ ᠬᠠᠮᠠᠭᠠᠯᠠᠵᠤ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ ᠬᠡᠷᠡᠭᠲᠡᠢ ᠃ ᠳᠡᠯᠡᠬᠡᠢ ᠶᠢᠨ | ᠪᠠᠶᠢᠳᠠᠯ ᠬᠡᠳᠦᠢ ᠪᠤᠳᠤᠯᠢᠶᠠᠨᠲᠠᠢ ᠪᠤᠯᠬᠤ ᠳᠤᠳᠤᠮ ᠂ ᠳᠤᠮᠳᠠᠳᠤ ᠹᠷᠠᠨᠼᠢ ᠲᠡᠳᠦᠢ ᠵᠥᠪ ᠪᠠᠶᠢᠯᠳᠤᠬᠤ ᠪᠣᠳᠣᠯᠭ᠎ᠠ ᠶᠢᠨ | ᠰᠣᠩᠭᠤᠯᠲᠠ ᠬᠢᠵᠦ ᠂ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠬᠤ ᠨᠠᠶᠢᠳᠠᠪᠤᠷᠢᠲᠠᠢ ᠬᠦᠴᠦᠨ ᠂ ᠪᠦᠭᠦ | ᠪᠥᠮᠪᠥᠷᠴᠡᠭ ᠤᠨ ᠨᠡᠮᠡᠭᠳᠡᠯ ᠢ ᠠᠬᠢᠭᠤᠯᠬᠤ ᠨᠡᠭᠡᠭᠡᠯᠲᠡᠲᠤ ᠬᠦᠴᠦᠨ ᠂ ᠤᠯᠠᠨ ᠲᠠᠯᠠᠲᠤ ᠬᠠᠮᠲᠤᠷᠠᠯᠴᠠᠭ᠎ᠠ ᠶᠢ ᠬᠥᠲᠥᠯᠥᠨ | ᠳᠠᠭᠠᠭᠤᠯᠬᠤ ᠳᠠᠪᠰᠢᠩᠭᠤᠢ ᠬᠦᠴᠦᠨ ᠪᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃ | ᠰᠢ ᠶᠢᠨ ᠫᠢᠩ ᠂ ᠳᠤᠮᠳᠠᠳᠤ ᠤᠯᠤᠰ ᠢᠮᠠᠭᠲᠠ ᠡᠸᠦ᠋ᠷᠦᠫᠡ ᠲᠢᠪ ᠢ ᠤᠯᠠᠨ ᠲᠤᠶᠢᠯᠲᠤ ᠳᠡᠯᠡᠬᠡᠢ ᠶᠢᠨ ᠲᠤᠰᠠᠭᠠᠷ ᠨᠢᠭᠡ | ᠲᠤᠶᠢᠯ ᠢᠶᠠᠷ ᠦᠵᠡᠵᠦ ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ | ᠪᠡᠶ᠎ᠡ ᠪᠠᠨ ᠳᠠᠭᠠᠭᠠᠬᠤ ᠪᠠᠨ ᠴᠢᠩᠭᠠᠳᠬᠠᠬᠤ ᠶᠢ ᠲᠡᠮᠵᠢᠵᠦ ᠂ ᠤᠯᠠᠠ ᠤᠯᠤᠰ ᠤᠨ ᠬᠡᠷᠡᠭ ᠶᠠᠪᠤᠳᠠᠯ ᠳᠤ ᠨᠡᠩ ᠴᠢᠬᠤᠯᠠ | ᠦᠢᠯᠡᠳᠦᠯ ᠦᠵᠡᠭᠦᠯᠵᠦ ᠂ ᠳᠤᠷᠠᠲᠠᠶ᠎ᠠ ᠡᠸᠦ᠋ᠷᠦᠫᠡ ᠲᠢᠪ ᠤᠨ ᠬᠢᠨ ᠲᠠᠢ ᠭᠠᠷ ᠬᠤᠯᠪᠣᠯᠴᠠᠨ ᠪᠦᠭᠦ ᠪᠥᠮᠪᠥᠷᠴᠡᠭ ᠤᠨ | ᠴᠢᠨᠠᠷᠲᠠᠢ ᠥᠷᠢᠰᠦᠯᠳᠦᠭᠡᠨ ᠢ ᠠᠷᠭᠠᠴᠠᠭᠠᠵᠤ ᠂ ᠬᠤᠶᠠᠷ ᠲᠠᠯ᠎ᠠ ᠳᠤ ᠪᠤᠶᠠᠨ ᠦᠢᠯᠡᠳᠬᠦ ᠪᠠᠷ ᠪᠠᠷᠠᠬᠤ ᠦᠭᠡᠢ ᠪᠠᠰᠠ ᠳᠡᠯᠡᠬᠡᠢ | ᠳ᠋ᠠᠬᠢᠨ ᠳᠤ ᠠᠰᠢᠭᠲᠠᠢ ᠦᠷ᠎ᠡ ᠪᠦᠲᠦᠭᠡᠯ ᠢ ᠨᠡᠩ ᠤᠯᠠᠠ ᠣᠯᠬᠤ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ ᠃ | ᠮᠠᠶᠢᠺᠷᠤᠨ ᠂ ᠹᠷᠠᠨᠼᠢ ᠳᠤᠮᠳᠠᠳᠤ ᠂ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠲᠤᠶᠢᠯ ᠤᠨ ᠴᠢᠬᠤᠯᠠ ᠪᠠᠶᠢᠵᠤ ᠂ | ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠂ ᠹᠷᠠᠨᠼᠢ ᠶᠢᠨ ᠬᠢᠨ | ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠢᠭᠡ ᠯᠡ ᠳᠤᠮᠳᠠᠳᠤ ᠤᠯᠤᠰ | ᠪᠠᠶᠢᠬᠤ ᠵᠠᠷᠴᠢᠮ ᠢ ᠡᠷᠡᠰ ᠪᠠᠷᠢᠮᠲᠠᠯᠠᠬᠤ ᠵᠣᠭᠰᠣᠯᠲᠠ ᠳᠤ ᠶᠠᠮᠠᠷ ᠴᠤ ᠬᠤᠪᠢᠷᠠᠯᠲᠠ ᠭᠠᠷᠬᠤ ᠦᠭᠡᠢ ᠶᠤᠮ ᠃ ᠳᠤᠷᠠᠲᠠᠶ᠎ᠠ | ᠳᠤᠮᠳᠠᠳᠤ ᠤᠯᠤᠰ ᠯᠤᠭ᠎ᠠ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠵᠢᠴᠢ ᠡᠯ᠎ᠡ ᠬᠦᠷᠢᠶᠡᠨ ᠤ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠰᠠᠶᠢᠨ ᠰᠠᠶᠢᠬᠠᠨ | ᠬᠥᠭᠵᠢᠯᠲᠡ ᠶᠢᠨ ᠬᠠᠨᠳᠤᠰᠢ ᠶᠢ ᠪᠠᠲᠤᠯᠠᠵᠤ ᠂ ᠹᠷᠠᠨᠼᠢ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ | ᠪᠤᠯᠬᠤ ᠶᠢ ᠠᠬᠢᠭᠤᠯᠤᠨ᠎ᠠ ᠃ ᠲᠦᠷᠭᠡᠨ ᠬᠤᠪᠢᠷᠠᠵᠤ ᠪᠠᠶᠢᠭ᠎ᠠ ᠳᠡᠯᠡᠬᠡᠢ ᠶᠢᠨ ᠪᠠᠶᠢᠳᠠᠯ ᠤᠨ ᠡᠮᠦᠨ᠎ᠡ ᠂ ᠹᠷᠠᠨᠼᠢ ᠶᠢᠨ ᠬᠢᠨ | ᠳᠤᠷᠠᠲᠠᠶ᠎ᠠ ᠳᠤᠮᠳᠠᠳᠤ ᠶᠢᠨ ᠬᠢᠨ ᠲᠠᠢ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠣᠯᠣᠯᠴᠠᠭ᠎ᠠ ᠵᠣᠬᠢᠴᠠᠭᠤᠯᠭ᠎ᠠ ᠪᠠᠨ | ᠴᠢᠩᠭᠠᠳᠬᠠᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ | ᠬᠡᠷᠡᠭ ᠡᠷᠭᠢᠯᠡᠭᠦ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠵᠦ ᠂ ᠬᠠᠯᠠᠮᠰᠢᠯ ᠠᠰᠠᠭᠤᠳᠠᠯ ᠤᠨ ᠳᠡᠰ ᠳᠡᠪᠰᠢᠨ ᠥᠷᠭᠡᠵᠢᠬᠦ ᠶᠢ | ᠰᠡᠷᠭᠡᠶᠢᠯᠡᠵᠦ ᠂ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠃ | ᠡᠸᠦ᠋ᠷᠦᠫᠡ ᠳᠤᠮᠳᠠᠳᠤ ᠤᠯᠠᠮ ᠨᠢᠭᠡ ᠠᠯᠬᠤᠮ ᠣᠯᠣᠯᠴᠠᠭ᠎ᠠ ᠶᠠᠷᠢᠯᠴᠠᠭ᠎ᠠ ᠪᠠᠨ ᠨᠢᠭᠲᠠᠷᠠᠭᠤᠯᠵᠤ ᠂ ᠬᠠᠮᠲᠤ ᠶᠢᠨ ᠠᠰᠢᠭ | ᠲᠤᠰᠠ ᠪᠠᠨ ᠬᠠᠮᠠᠭᠠᠯᠠᠪᠠᠯ ᠵᠣᠬᠢᠨ᠎ᠠ ᠭᠡᠵᠦ ᠢᠯᠡᠳᠬᠡᠪᠡ ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠂ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠂ | ᠢᠷᠠᠨ ᠤ ᠴᠥᠮ᠎ᠡ ᠶᠢᠨ ᠠᠰᠠᠭᠤᠳᠠᠯ ᠵᠡᠷᠭᠡ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ | |