ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠬᠢᠨᠠᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/5/28
  ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ ᠂ ᠬᠤᠷᠢᠳᠤᠭᠠᠷ ᠬᠤᠭᠤᠴᠠᠭᠠᠨ ᠤ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠣᠶᠢᠷ᠎ᠠ ᠶᠢᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠷᠣᠵᠤ ᠰᠠᠭᠤᠵᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠥᠷᠨᠢᠭᠦᠯᠦᠨ᠎ᠡ ᠃ 5 ᠰᠠᠷ᠎ᠠ ᠶᠢᠨ 28 ᠤ ᠡᠳᠦᠷ ᠂ ᠬᠢᠨᠠᠨ ᠪᠠᠶᠢᠴᠠᠭᠠᠬᠤ ᠪᠠᠷ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠵᠤ ᠂ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠣᠣ ᠽᠧᠩ ᠺᠧ ᠂ ᠳᠤᠭᠤᠶᠢᠯᠠᠩ ᠤᠨ ᠳᠡᠳ᠋ ᠳᠠᠷᠤᠭ᠎ᠠ ᠵᠠᠢ ᠴᠢᠩ ᠲᠣᠰ ᠲᠣᠰ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠶᠠᠷᠢᠶ᠎ᠠ ᠲᠠᠯᠪᠢᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠣᠷᠣᠵᠤ ᠰᠠᠭᠤᠬᠤ ᠳᠠᠶᠢᠴᠢᠯᠠᠯᠲᠠ ᠬᠢᠪᠡ ᠃
中央第二生态环境保护督察组 督察内蒙古自治区动员会在呼和浩特召开.jpg
  5 ᠰᠠᠷ᠎ᠠ ᠶᠢᠨ 28 ᠤ ᠡᠳᠦᠷ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠬᠢᠨᠠᠨ ᠪᠠᠶᠢᠴᠠᠭᠠᠬᠤ ᠳᠠᠶᠢᠴᠢᠯᠠᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ ᠃   ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ  ᠶᠣᠣ ᠽᠧᠩ ᠺᠧ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ︽ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢᠨ ᠴᠢᠬᠤᠯᠠ ᠠᠭᠤᠯᠭ᠎ᠠ ᠪᠤᠯᠭᠠᠵᠤ ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠡᠦᠬᠡᠲᠦ ᠴᠢᠨᠠᠷᠲᠠᠢ ᠂ ᠡᠷᠭᠢᠯᠲᠡ ᠶᠢᠨ ᠴᠢᠨᠠᠷᠲᠠᠢ ᠂ ᠪᠦᠭᠦ ᠲᠠᠯ᠎ᠠ ᠶᠢᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠪᠠ ᠃ 2024 ᠣᠨ ᠤ 7 ᠰᠠᠷ᠎ᠠ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠡᠭᠡᠵᠢᠩ ᠳᠤ ᠬᠤᠷᠠᠯᠳᠤᠪᠠ ᠂ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠢ ᠳᠠᠶᠢᠴᠢᠯᠠᠯᠲᠠ ᠂ ᠶᠡᠷᠦᠩᠬᠡᠢ ᠪᠠᠶᠢᠷᠢᠯᠠᠭᠤᠯᠤᠯᠲᠠ ᠮᠥᠨ ᠃ ᠪᠦᠭᠦᠳᠡ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠨ ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠠᠷᠪᠢᠯᠠᠨ ᠭᠠᠮᠨᠠᠵᠤ ᠡᠷᠴᠢᠮᠵᠢᠭᠦᠯᠦᠨ ᠬᠡᠷᠡᠭᠯᠡᠬᠦ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠶᠢ ᠠᠬᠢᠭᠤᠯᠬᠤ ᠬᠡᠷᠡᠭᠲᠡᠢ︾ ᠭᠡᠵᠦ ᠳᠤᠷᠠᠳᠤᠭᠰᠠᠨ ᠪᠥᠭᠡᠳ ᠲᠤᠰᠬᠠᠢ ᠪᠦᠯᠦᠭ ᠢᠶᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠠ ᠪᠠᠶᠢᠯᠳᠤᠬᠤ ᠪᠣᠳᠣᠯᠭ᠎ᠠ ᠶᠢᠨ ᠤᠬᠠᠭᠠᠯᠠᠯ ᠲᠥᠯᠥᠪᠯᠡᠭᠡ ᠶᠢ ᠭᠦᠢᠴᠡᠳ ᠢᠯᠡᠷᠡᠭᠦᠯᠵᠦ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ ᠭᠠᠷᠭᠠᠪᠠ ᠃  ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠲᠠᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠪᠠᠶᠢᠵᠤ ᠂ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠳᠤ ᠬᠤᠯᠪᠣᠭᠳᠠᠨ᠎ᠠ ᠃ ᠶᠡᠷᠦᠩᠬᠡᠢ ᠱᠦᠵᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠤᠷᠢᠳ ᠬᠤᠵᠢᠳ ᠾᠧᠨᠠᠨ ᠂ ᠱᠠᠨᠳᠦ᠋ᠩ ᠂ ᠭᠠᠨᠰᠤ ᠳᠤ 3 ᠤᠳᠠᠭ᠎ᠠ ᠲᠤᠰᠬᠠᠢ ᠰᠡᠳᠦᠪᠲᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ ᠂ ᠰᠠᠪᠠ ᠭᠠᠵᠠᠷ ᠲᠤ ᠪᠠᠶᠢᠭ᠎ᠠ ᠮᠤᠵᠢ ᠣᠷᠣᠨ ᠳᠤ ᠤᠯᠠᠨ ᠤᠳᠠᠭ᠎ᠠ ᠬᠦᠷᠴᠦ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠵᠤ ᠂ ᠬᠠᠳᠤᠨ ᠭᠤᠣᠯ ᠤᠨ ᠰᠠᠪᠠ ᠭᠠᠵᠠᠷ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠲᠣᠳᠣᠷᠬᠠᠢ ᠱᠠᠭᠠᠷᠳᠠᠯᠭ᠎ᠠ ᠳᠤᠷᠠᠳᠪᠠ ᠃ ᠣᠨᠴᠠᠭᠠᠶᠢᠯᠠᠨ 2024 ᠣᠨ ᠤ 9 ᠰᠠᠷ᠎ᠠ ᠶᠢᠨ 12 ᠤᠨ ᠡᠳᠦᠷ ᠂ ᠶᠡᠷᠦᠩᠬᠡᠢ ᠱᠦᠵᠢ ᠰᠢ ᠶᠢᠨ ᠫᠢᠩ ᠭᠠᠨᠰᠤ ᠶᠢᠨ ᠯᠠᠨᠵᠧᠦ ᠳᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠪᠦᠭᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠂ ᠬᠠᠮᠠᠭᠠᠯᠠᠬᠤ ᠨᠢ ᠵᠠᠩᠭᠢᠯᠠᠭ᠎ᠠ ᠂ ᠵᠠᠰᠠᠬᠤ ᠨᠢ ᠴᠢᠬᠤᠯᠠ ᠭᠡᠬᠦ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠠᠳᠬᠤᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ ᠂ ᠤᠰᠤᠨ ᠤ ᠬᠡᠮᠵᠢᠶ᠎ᠡ ᠪᠠᠷ ᠪᠣᠳᠠᠲᠠᠢ ᠠᠵᠢᠯᠯᠠᠬᠤ ᠂ ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ ᠂ ᠨᠢᠭᠡᠳᠦᠯᠲᠡᠢ ᠲᠥᠯᠥᠪᠵᠢᠭᠦᠯᠦᠨ ᠠᠷᠭ᠎ᠠ ᠰᠦᠪᠡᠭᠴᠢᠯᠡᠬᠦ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠵᠤ ᠂ ᠪᠦᠭᠦ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠳᠡᠭᠲᠡᠷ ᠲᠤ ᠭᠠᠷᠬᠤ ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠲᠠᠢ ᠪᠤᠯᠬᠤ ᠂ ᠠᠷᠠᠳ ᠣᠯᠠᠨ ᠤ ᠠᠮᠢᠳᠤᠷᠠᠯ ᠰᠢᠨ᠎ᠡ ᠰᠠᠶᠢᠵᠢᠷᠠᠯᠲᠠ ᠲᠠᠢ ᠪᠤᠯᠬᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠶ ᠪᠤᠯᠭᠠᠬᠤ ᠬᠡᠷᠡᠭᠲᠡᠢ ᠃  ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠲᠥᠯᠥᠪᠵᠢᠭᠦᠯᠵᠦ ᠂ ᠪᠡᠶ᠎ᠡ ᠪᠠᠷ ᠢᠶᠠᠨ ᠪᠠᠶᠢᠷᠢᠯᠠᠭᠤᠯᠵᠤ ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠪᠠᠶᠢᠭᠤᠯᠤᠯ ᠤᠨ ᠰᠢᠨ᠎ᠡ ᠶᠢ ᠡᠭᠦᠳᠬᠦ ᠪᠠ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠨᠡᠨᠬᠦ ᠲᠤᠰᠠᠲᠠᠢ ᠪᠣᠳᠠᠲᠠᠢ ᠠᠷᠭ᠎ᠠ ᠪᠠ ᠳᠦᠷᠢᠮ ᠤᠨ ᠪᠠᠲᠤᠯᠠᠭ᠎ᠠ ᠮᠥᠨ ᠃ ᠶᠡᠷᠦᠩᠬᠡᠢ ᠱᠦᠵᠢ ᠰᠢ ᠶᠢᠨ ᠫᠢᠩ ᠬᠢᠨᠠᠨ ᠪᠠᠶᠢᠴᠠᠭᠠᠬᠤ ᠵᠠᠩᠭᠢᠯᠠᠭ᠎ᠠ ᠶᠢᠨ ᠭᠤᠭᠴᠤᠭ᠎ᠠ ᠪᠦᠷᠢ ᠂ ᠵᠠᠩᠭᠢᠯᠠᠭ᠎ᠠ ᠶᠢᠨ ᠴᠠᠭ ᠮᠥᠴᠡ ᠪᠦᠷᠢ ᠳᠤ ᠂ ᠵᠠᠯᠠᠭᠤᠷ ᠢ ᠡᠵᠡᠮᠳᠡᠨ ᠴᠢᠭᠯᠡᠯ ᠢ ᠲᠣᠭᠲᠠᠭᠠᠵᠤ ᠂ ᠳᠠᠭᠠᠭᠤᠯᠤᠨ ᠤᠷᠤᠭᠰᠢᠯᠠᠵᠤ ᠂ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ ᠂ ᠬᠢᠨᠠᠨ ᠪᠠᠶᠢᠴᠠᠭᠠᠬᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ ᠃ 2025 ᠣᠨ ᠤ 3 ᠰᠠᠷ᠎ᠠ ᠳᠤ ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯ ᠤᠨ ᠳᠦᠷᠢᠮ︾ ᠢ ᠬᠢᠨᠠᠨ ᠵᠥᠪᠯᠡᠵᠦ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ ᠂ ᠬᠢᠨᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠤᠯᠤᠰ ᠲᠥᠷᠦ ᠶᠢᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ ᠂ ᠬᠠᠷᠢᠭᠤᠴᠠᠯᠭ᠎ᠠ ᠶᠢᠨ ᠳᠦᠷᠢᠮ ᠡᠨᠡ ᠬᠦ ︽ᠵᠠᠩᠭᠢᠯᠠᠭ᠎ᠠ︾ ᠶᠢ ᠪᠠᠲᠤ ᠡᠵᠡᠮᠳᠡᠵᠦ ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠪᠠᠷᠢᠮᠲᠠᠯᠠᠵᠤ ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ ᠂ ᠦᠷᠭᠦᠯᠵᠢᠯᠡᠨ ᠠᠰᠠᠭᠤᠳᠠᠯ ᠢ ᠢᠯᠡᠷᠡᠭᠦᠯᠵᠦ ᠂ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ ᠂ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ ᠶᠡᠷᠦᠩᠬᠡᠢ ᠰᠠᠶᠢᠳ ᠯᠢ ᠴᠢᠶᠠᠩ ᠂ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠴᠤ ᠬᠢᠨᠠᠨ ᠪᠠᠶᠢᠴᠠᠭᠠᠬᠤ ᠠᠵᠢᠯ ᠳᠤ ᠣᠯᠠᠨ ᠤᠳᠠᠭ᠎ᠠ ᠲᠣᠳᠣᠷᠬᠠᠢ ᠱᠠᠭᠠᠷᠳᠠᠯᠭ᠎ᠠ ᠳᠤᠷᠠᠳᠪᠠ ᠃ ᠤᠯᠤᠰ ᠲᠥᠷᠥ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠦᠭᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠂ ᠰᠠᠪᠠ ᠭᠠᠵᠠᠷ ᠤᠨ ᠬᠢᠨᠠᠨ ᠪᠠᠶᠢᠴᠠᠭᠠᠯᠲᠠ ᠪᠣᠯᠣᠨ ᠮᠤᠵᠢ ᠶᠢᠨ ᠬᠡᠪᠴᠢᠶᠡᠨ ᠤ ᠬᠢᠨᠠᠨ ᠪᠠᠶᠢᠴᠠᠭᠠᠯᠲᠠ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ  ᠪᠠᠨ ᠬᠤᠪᠢᠷᠠᠭᠤᠯᠬᠤ ᠶᠢ ᠠᠬᠢᠭᠤᠯᠵᠤ ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠰᠠᠶᠢᠵᠢᠷᠠᠬᠤ ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠶᠣᠣ ᠽᠧᠩ ᠺᠧ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠬᠦ ᠳᠤ ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠠᠨ ᠪᠤᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠪᠠᠷᠢᠮᠲᠠᠯᠠᠵᠤ ᠂ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠬᠠᠤᠯᠢ ᠶᠣᠰᠣᠭᠠᠷ ᠠᠵᠢᠯᠯᠠᠬᠤ ᠶᠢ ᠪᠠᠷᠢᠮᠲᠠᠯᠠᠵᠤ ᠂ ᠠᠵᠤ ᠠᠬᠤᠢ ᠶᠢᠨ ᠬᠥᠭᠵᠢᠯᠲᠡ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠃ ᠬᠢᠨᠠᠨ ᠪᠠᠶᠢᠴᠠᠭᠠᠬᠤ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢ ᠵᠣᠯᠭᠠᠭᠤᠯᠬᠤ ᠂ ᠣᠷᠣᠨ ᠪᠦᠰᠡ ᠶᠢ ᠵᠣᠬᠢᠴᠠᠭᠤᠯᠬᠤ ᠂ ᠲᠣᠭᠲᠠᠴᠠ ᠶᠢᠨ ᠪᠠᠶᠢᠭᠤᠯᠤᠯᠲᠠ ᠵᠡᠷᠭᠡ ᠰᠠᠪᠠ ᠭᠠᠵᠠᠷ ᠤᠨ ᠴᠢᠨᠠᠷᠲᠠᠢ ᠂ ᠪᠦᠬᠦᠯᠢ ᠴᠣᠭᠴᠠᠲᠤ ᠴᠢᠨᠠᠷᠲᠠᠢ ᠂ ᠨᠡᠶᠢᠲᠡᠯᠢᠭ ᠴᠢᠨᠠᠷᠲᠠᠢ ᠠᠰᠠᠭᠤᠳᠠᠯ ᠢ ᠠᠩᠬᠠᠷᠬᠤ ᠪᠠᠷ ᠪᠠᠷᠠᠬᠤ ᠦᠭᠡᠢ ᠪᠠᠰᠠ ᠡᠯ᠎ᠡ ᠮᠤᠵᠢ ︵ ᠣᠷᠣᠨ ︶ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠂ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠂ ᠠᠮᠢ ᠠᠬᠤᠢ ᠶᠢᠨ ᠠᠮᠤᠷ ᠲᠦᠪᠰᠢᠨ ᠤ ᠪᠠᠶᠢᠷᠢ ᠲᠣᠭᠲᠠᠭᠠᠯᠲᠠ ᠲᠠᠢ ᠤᠶᠠᠯᠳᠤᠭᠤᠯᠬᠤ ᠶᠢ ᠴᠢᠬᠤᠯᠠᠴᠢᠯᠠᠵᠤ ᠂ ᠡᠯ᠎ᠡ ᠮᠤᠵᠢ ︵ ᠣᠷᠣᠨ ︶ ᠶᠢᠨ ᠲᠣᠪᠣᠶᠢᠮ᠎ᠠ ᠠᠰᠠᠭᠤᠳᠠᠯ ᠢ ᠣᠨᠣᠪᠴᠢᠲᠠᠢ ᠡᠷᠢᠬᠦ ᠬᠡᠷᠡᠭᠲᠡᠢ ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠬᠠᠲᠤᠨ ᠭᠤᠣᠯ ᠢ ᠬᠠᠮᠠᠭᠠᠯᠠᠬᠤ ᠬᠠᠤᠯᠢ ᠵᠡᠷᠭᠡ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ︔ ︽ᠤᠰᠤ ᠪᠠᠷ ᠳᠥᠷᠪᠡ ᠶᠢ ᠲᠣᠭᠲᠠᠭᠠᠬᠤ︾ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠂ ᠣᠨᠴᠠᠭᠠᠶᠢᠯᠠᠨ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠤᠯᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠪᠠᠶᠢᠳᠠᠯ ᠤᠨ ᠲᠠᠯ᠎ᠠ ᠪᠠᠷ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠠᠬᠢᠭᠤᠯᠵᠤ ᠂ ︽ᠬᠤᠶᠠᠷ ᠥᠨᠳᠥᠷ ᠨᠢᠭᠡ ᠳᠣᠣᠷ᠎ᠠ︾ ᠲᠦᠷᠦᠯ ᠵᠦᠢᠯ ᠢ ᠰᠣᠬᠤᠷ ᠪᠠᠯᠠᠢ ᠡᠬᠢᠯᠡᠭᠦᠯᠬᠦ ᠶᠢ ᠡᠷᠡᠰ ᠬᠤᠷᠢᠭᠯᠠᠭᠰᠠᠨ ᠪᠠᠶᠢᠳᠠᠯ︔ ᠠᠭᠤᠯᠠ ᠤᠰᠤ ᠤᠢ ᠮᠣᠳᠣ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠵᠤ ᠂ ᠬᠠᠤᠯᠢ ᠲᠣᠭᠲᠠᠭᠠᠯ ᠠᠴᠠ ᠵᠥᠷᠢᠴᠡᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠵᠡᠯᠡᠭᠰᠡᠨ ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠢᠪᠲᠤᠯᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠂ ᠭᠤᠣᠯ ᠤᠨ ᠬᠡᠪᠡᠯᠢ ᠶᠢ ᠡᠵᠡᠯᠡᠭᠰᠡᠨ ᠂ ᠠᠮᠢ ᠠᠬᠤᠢ ᠶᠢ ᠡᠪᠳᠡᠭᠰᠡᠨ ᠂ ᠬᠡᠭᠡᠷ᠎ᠡ ᠶᠢᠨ ᠠᠮᠢᠳᠠᠨ ᠢ ᠬᠠᠮᠠᠭᠠᠯᠠᠭᠰᠠᠨ ᠪᠠᠶᠢᠳᠠᠯ︔ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠬᠢᠴᠠ ᠶᠢᠨ ᠪᠠᠶᠢᠳᠠᠯ︔ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠭᠰᠠᠨ ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠯᠠᠩᠭᠤᠶ᠎ᠠ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠵᠦ ᠲᠣᠬᠢᠷᠠᠭᠤᠯᠤᠭᠰᠠᠨ ᠪᠠᠶᠢᠳᠠᠯ︔ ᠬᠦᠨᠳᠦ ᠲᠡᠮᠦᠷᠯᠢᠭ ᠤᠨ ᠪᠣᠬᠢᠷᠳᠤᠯ ᠢ ᠵᠠᠰᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠬᠤᠯᠪᠣᠭᠳᠠᠭᠰᠠᠨ ᠪᠠᠶᠢᠳᠠᠯ︔ ᠬᠢᠨᠠᠨ ᠪᠠᠶᠢᠴᠠᠭᠠᠬᠤ ᠪᠠ ᠠᠮᠢ ᠠᠬᠤᠢ ᠣᠷᠴᠢᠨ ᠲᠣᠭᠤᠷᠢᠨ ᠤ ᠰᠡᠷᠡᠮᠵᠢᠯᠡᠭᠦᠯᠦᠯ ᠤᠨ ᠹᠢᠯᠢᠮ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔ ᠠᠷᠠᠳ ᠤᠯᠠᠨ ᠤ ᠲᠤᠰᠬᠠᠯ ᠲᠣᠪᠣᠶᠢᠮ᠎ᠠ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ ᠭᠡᠵᠦ ᠴᠢᠬᠤᠯᠠᠴᠢᠯᠠᠪᠠ ᠃  ᠰᠦᠨ ᠱᠤᠤ ᠴᠧᠩ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠣᠳᠠᠲᠠᠢ ᠦᠢᠯᠡᠳᠦᠯᠭᠡ ᠮᠥᠨ ᠂ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠬᠢᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ ᠭᠡᠵᠦ ᠢᠯᠡᠳᠬᠡᠪᠡ ᠃ ᠰᠦᠨ ᠱᠤᠤ ᠴᠧᠩ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ ᠂ ︽ᠲᠦᠷᠪᠡᠨ       ᠢᠲᠡᠭᠡᠯ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ ᠂ ᠬᠢᠨᠠᠨ ᠪᠠᠶᠢᠴᠠᠭᠠᠬᠤ ᠳᠤ ᠬᠠᠮᠵᠢᠯᠴᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠃ ᠬᠢᠨᠠᠨ ᠪᠠᠶᠢᠴᠠᠭᠠᠬᠤ ᠪᠠᠷ ᠣᠷᠣᠵᠤ ᠰᠠᠭᠤᠬᠤ ᠠᠵᠢᠯ ᠤᠨ ᠲᠣᠬᠢᠷᠠᠭᠤᠯᠤᠯᠲᠠ ᠶᠣᠰᠣᠭᠠᠷ ᠂ ᠪᠠᠶᠢᠳᠠᠯ ᠢᠶᠠᠨ ᠲᠠᠨᠢᠯᠴᠠᠭᠤᠯᠬᠤ ᠂ ᠮᠠᠲ᠋ᠧᠷᠢᠶᠠᠯ ᠬᠠᠩᠭᠠᠬᠤ ᠂ ᠲᠤᠰᠬᠠᠢ ᠶᠠᠷᠢᠯᠴᠠᠬᠤ ᠂ ᠰᠤᠷᠪᠤᠯᠵᠢᠯᠠᠨ ᠠᠰᠠᠭᠤᠨ ᠯᠠᠪᠯᠠᠬᠤ ᠂ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠬᠤ ᠂ ᠮᠡᠳᠡᠭᠡ ᠵᠠᠩᠭᠢ ᠶᠢ ᠢᠯᠡ ᠪᠤᠯᠭᠠᠬᠤ ᠂ ᠵᠣᠬᠢᠴᠠᠭᠤᠯᠤᠨ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠡᠷᠡᠰ ᠰᠠᠶᠢᠲᠤᠷ ᠬᠢᠵᠦ ᠂ ᠬᠢᠨᠠᠨ ᠪᠠᠶᠢᠴᠠᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ ᠃ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠤᠯᠭᠠᠵᠤ ᠂ ᠭᠤᠣᠯᠳᠠᠯᠭ᠎ᠠ ᠶᠢ ᠴᠢᠩᠭ᠎ᠠ ᠠᠩᠬᠠᠷᠴᠤ ᠂ ᠦᠨᠡᠨ ᠬᠦ ᠠᠳᠬᠤᠨ ᠪᠣᠳᠠᠲᠠᠢ ᠰᠠᠶᠢᠵᠢᠷᠠᠭᠤᠯᠵᠤ ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ ᠂ ᠰᠢᠨᠵᠢᠯᠡᠬᠦ ᠤᠬᠠᠭᠠᠨᠴᠢ ᠪᠠᠷ ᠠᠬᠢᠭᠤᠯᠵᠤ ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠂ ᠳᠦᠷᠢᠮ ᠲᠣᠭᠲᠠᠭᠠᠯ ᠲᠣᠭᠲᠠᠭᠠᠵᠤ ᠂ ᠡᠯ᠎ᠡ ᠵᠦᠢᠯ ᠤᠨ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠲᠦᠷᠭᠡᠨ ᠠᠬᠢᠭᠤᠯᠬᠤ ᠬᠡᠷᠡᠭᠲᠡᠢ ᠃ ᠲᠣᠰ ᠤᠳᠠᠭ᠎ᠠ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠠᠷ ᠠᠵᠠ ᠲᠣᠭᠢᠶᠠᠯ ᠪᠤᠯᠭᠠᠵᠤ ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃  ᠬᠤᠷᠠᠯ ᠳᠡᠭᠡᠷ᠎ᠡ ᠂ ᠵᠠᠢ ᠴᠢᠩ ᠬᠢᠨᠠᠨ ᠪᠠᠶᠢᠴᠠᠭᠠᠬᠤ ᠳᠤ ᠬᠠᠮᠵᠢᠯᠴᠠᠬᠤ ᠂ ᠬᠢᠨᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠂ ᠮᠡᠳᠡᠭᠡ ᠵᠠᠩᠭᠢ ᠶᠢ ᠢᠯᠡ ᠪᠤᠯᠭᠠᠬᠤ ᠂ ᠣᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠵᠡᠷᠭᠡ ᠠᠵᠢᠯ ᠳᠤ ᠱᠠᠭᠠᠷᠳᠠᠯᠭ᠎ᠠ ᠳᠤᠷᠠᠳᠤᠭᠰᠠᠨ ᠪᠥᠭᠡᠳ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠭᠦ ᠪᠦᠷᠢᠯᠳᠦᠭᠦᠨ ᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠂ ᠬᠢᠨᠠᠨ ᠪᠠᠶᠢᠴᠠᠭᠠᠭᠳᠠᠬᠤ ᠣᠷᠣᠨ ᠨᠤᠲᠤᠭ ᠪᠣᠯᠣᠨ ᠨᠡᠶᠢᠭᠡᠮ ᠤᠨ ᠬᠢᠨᠠᠯᠲᠠ ᠶᠢ ᠬᠦᠯᠢᠶᠡᠬᠦ ᠲᠤᠬᠠᠢ ᠣᠪᠣᠷ ᠢᠶᠠᠨ ᠢᠯᠡᠳᠬᠡᠪᠡ ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠭᠦ ᠪᠦᠷᠢᠯᠳᠦᠭᠦᠨ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠬᠥᠮᠥᠰ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ ᠃ ᠡᠯ᠎ᠡ ᠠᠶᠢᠮᠠᠭ ᠬᠤᠳᠠ ᠶᠢᠨ ᠨᠠᠮ ᠵᠠᠰᠠᠭ ᠤᠨ ᠤᠳᠤᠷᠢᠳᠬᠤ ᠨᠥᠬᠦᠳ ᠸᠢᠳᠢᠤ᠋ ᠬᠤᠷᠠᠯ ᠢᠶᠠᠷ ᠳᠠᠮᠵᠢᠨ ᠬᠤᠷᠠᠯ ᠳᠤ ᠰᠤᠯᠠ ᠣᠷᠣᠯᠴᠠᠵᠠᠢ ᠃  ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠬᠢᠨᠠᠨ ᠪᠠᠶᠢᠴᠠᠭᠠᠬᠤ ᠪᠠᠷ ᠣᠷᠣᠵᠤ ᠰᠠᠭᠤᠬᠤ ᠴᠠᠭ ᠨᠢ 1 ᠰᠠᠷ᠎ᠠ ᠪᠣᠯᠣᠨ᠎ᠠ ᠃ ᠣᠷᠣᠵᠤ ᠰᠠᠭᠤᠬᠤ ᠬᠤᠭᠤᠴᠠᠭᠠᠨ ᠳᠤ ︵2025 ᠣᠨ ᠤ 5 ᠰᠠᠷ᠎ᠠ ᠶᠢᠨ 28 - 6 ᠰᠠᠷ᠎ᠠ ᠶᠢᠨ 28 ᠤ ᠡᠳᠦᠷ︶ ᠲᠤᠰᠬᠠᠢ ᠲᠣᠬᠢᠷᠠᠭᠤᠯᠤᠭᠰᠠᠨ ᠵᠢᠵᠢᠭᠦᠷᠯᠡᠬᠦ ᠤᠲᠠᠰᠤ᠄ 0471 - 4819165 ᠂ ᠲᠤᠰᠬᠠᠢ ᠰᠢᠤᠳᠠᠨ ᠤ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠭᠡᠬᠤᠲᠠ ᠶᠢᠨ A980 ᠨᠣᠮᠧᠷᠲᠤ ᠰᠢᠤᠳᠠᠨ ᠤ ᠬᠠᠶᠢᠷᠴᠠᠭ ᠃ ᠬᠢᠨᠠᠨ ᠪᠠᠶᠢᠴᠠᠭᠠᠬᠤ ᠳᠤᠭᠤᠶᠢᠯᠠᠩ ᠤᠨ ᠢᠯᠡᠴᠢᠯᠡᠨ ᠮᠡᠳᠡᠭᠦᠯᠬᠦ ᠤᠲᠠᠰᠤ ᠶᠢ ᠭᠥᠯᠢᠶᠡᠨ ᠠᠪᠬᠤ ᠴᠠᠭ ᠨᠢ ᠡᠳᠦᠷ ᠪᠦᠷᠢ ᠶᠢᠨ 8᠄ 00 - 20᠄ 00 ᠪᠣᠯᠣᠨ᠎ᠠ ᠃ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠪᠠ ᠬᠢᠨᠠᠨ ᠪᠠᠶᠢᠴᠠᠭᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠭᠤᠣᠯᠳᠠᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠵᠠᠬᠢᠳᠠᠯ ᠪᠠ ᠵᠠᠬᠢᠳᠠᠯ ᠰᠤᠷᠪᠤᠯᠵᠢᠯᠠᠯ ᠢᠶᠠᠷ ᠲᠠᠮᠵᠢᠨ ᠲᠤᠰᠬᠠᠭᠰᠠᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠵᠦ ᠂ ᠪᠤᠰᠤᠳ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠬᠠᠷᠢᠶᠠᠯᠠᠭᠳᠠᠬᠤ ᠦᠭᠡᠢ ᠵᠠᠬᠢᠳᠠᠯ ᠰᠤᠷᠪᠤᠯᠵᠢᠯᠠᠯ ᠢᠶᠠᠷ ᠲᠡᠮᠵᠢᠨ ᠢᠯᠡᠴᠢᠯᠡᠨ ᠮᠡᠳᠡᠭᠦᠯᠦᠭᠰᠡᠨ ᠠᠰᠠᠭᠤᠳᠠᠯ ᠢ ᠲᠣᠭᠲᠠᠭᠠᠯ ᠶᠣᠰᠣᠭᠠᠷ ᠬᠢᠨᠠᠨ ᠪᠠᠶᠢᠴᠠᠭᠠᠭᠳᠠᠬᠤ ᠭᠠᠵᠠᠷ ᠣᠷᠣᠨ ᠳᠤ ᠲᠤᠰᠢᠶᠠᠨ ᠥᠭᠴᠦ ᠰᠢᠢᠳᠪᠦᠷᠢᠯᠡᠭᠦᠯᠦᠨ᠎ᠡ ᠃   
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号