ᠰᠢ ᠶᠢᠨ ᠫᠢᠩ ᠵᠠᠬᠢᠳᠠᠯ ᠢᠯᠡᠭᠡᠵᠦ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠶᠢᠰᠦᠳᠦᠭᠡᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠰᠠᠨ ᠳᠤ ᠪᠠᠶᠠᠷ ᠬᠦᠷᠭᠡᠵᠦ ᠴᠢᠬᠤᠯᠠᠴᠢᠯᠠᠭᠰᠠᠨ ᠨᠢ  ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠢ ᠥᠨᠳᠥᠷ ᠮᠠᠨᠳᠤᠭᠤᠯᠵᠤ ᠨᠠᠮ ᠢᠶᠠᠨ  ᠲᠠᠭᠠᠨ ᠤᠷᠤᠭᠰᠢᠯᠠᠵᠤ  ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠶᠢ ᠬᠥᠮᠥᠵᠢᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/5/28
    ᠪᠥᠬᠦ ᠤᠯᠤᠰ ᠤᠨ ᠪᠢᠴᠢᠬᠠᠨ ᠨᠠᠶᠢᠵᠠ ᠨᠠᠷ ᠲᠤ ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠤᠨ ᠮᠡᠨᠳᠦ ᠬᠦᠷᠭᠡᠪᠡ    ᠼᠠᠢ ᠴᠢ ᠡᠬᠢᠯᠡᠯᠲᠡ ᠶᠢᠨ ᠬᠤᠷᠠᠯ ᠳᠤ ᠣᠷᠣᠯᠴᠠᠪᠠ  ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 27 ᠤ ᠴᠠᠬᠢᠯᠭᠠᠨ ᠮᠡᠳᠡᠭᠡ  ︽6 · 1︾ ᠤ ᠳᠡᠯᠡᠬᠡᠢ ᠶᠢᠨ ᠬᠡᠦᠬᠡᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠂ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠶᠢᠰᠦᠳᠦᠭᠡᠷ ᠤᠳᠠᠭ᠎ᠠ ᠶᠢᠨ ᠪᠥᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 27 ᠤ ᠦᠳᠡ ᠶᠢᠨ ᠡᠮᠦᠨ᠎ᠡ ᠪᠡᠭᠡᠵᠢᠩ ᠳᠤ ᠡᠬᠢᠯᠡᠪᠡ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ ᠂ ᠥᠷᠭᠡᠨ ᠣᠯᠠᠨ ᠪᠠᠭᠠᠴᠤᠳ ᠤᠨ ᠬᠤᠰᠢᠭᠴᠢ ᠠᠩᠭᠢ ᠶᠢᠨ ᠭᠡᠰᠢᠭᠦᠨ ᠂ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠂ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠪᠥᠬᠦ ᠤᠯᠤᠰ ᠤᠨ ᠪᠢᠴᠢᠬᠠᠨ ᠨᠠᠶᠢᠵᠠ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ ᠃  ᠰᠢ ᠶᠢᠨ ᠫᠢᠩ ᠪᠠᠶᠠᠷ ᠤᠨ ᠵᠠᠬᠢᠳᠠᠯ ᠳᠠᠭᠠᠨ ᠂ ᠪᠠᠭᠠᠴᠤᠳ ᠬᠡᠦᠬᠡᠳ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠢᠷᠡᠭᠡᠳᠦᠢ ᠶᠢᠨ ᠪᠡᠯᠡᠳᠬᠡᠯ ᠬᠦᠴᠦᠨ ᠮᠥᠨ ᠂ ᠪᠠᠭᠠᠴᠤᠳ ᠤᠨ ᠬᠤᠰᠢᠭᠤᠴᠢ ᠠᠩᠭᠢ ᠪᠣᠯ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠲᠣᠮᠣ ᠰᠤᠷᠭᠠᠭᠤᠯᠢ ᠮᠥᠨ ᠃ ᠰᠢᠨ᠎ᠡ ᠠᠶᠠᠨ ᠳᠤ ᠂ ᠪᠠᠭᠠᠴᠤᠳ ᠤᠨ ᠬᠤᠰᠢᠭᠤᠴᠢ ᠠᠩᠭᠢ ᠶᠢᠨ ᠬᠢᠨ ᠪᠠᠭᠠᠴᠤᠳ ᠤᠨ ᠬᠤᠰᠢᠭᠤᠴᠢ ᠠᠩᠭᠢ ᠶᠢᠨ ᠲᠤᠭ ᠢ ᠥᠨᠳᠥᠷ ᠮᠠᠨᠳᠤᠭᠤᠯᠵᠤ ᠨᠠᠮ ᠢᠶᠠᠨ ᠲᠠᠭᠠᠨ ᠤᠷᠤᠭᠰᠢᠯᠠᠵᠤ ᠂ ᠡᠪ ᠬᠠᠮᠲᠤ ᠶᠣᠰᠣᠨ ᠤ ᠵᠠᠯᠭᠠᠮᠵᠢᠯᠠᠭᠴᠢ ᠶᠢ ᠬᠥᠮᠥᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠶᠢ ᠬᠥᠮᠥᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠢ ᠬᠥᠮᠥᠵᠢᠭᠦᠯᠦᠨ ᠬᠥᠲᠥᠯᠥᠨ ᠳᠠᠭᠠᠭᠤᠯᠵᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠂ ᠰᠢᠷᠭᠠᠭᠤ ᠬᠠᠲᠠᠭᠤᠵᠢᠯᠲᠠᠢ ᠰᠤᠷᠤᠯᠴᠠᠬᠤ ᠂ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠤᠯᠬᠤ ᠬᠡᠷᠡᠭᠲᠡᠢ ᠃ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠦᠭᠦ ᠡᠪᠯᠡᠯ ᠢᠶᠠᠷ ᠢᠶᠠᠨ ᠪᠠᠭᠠᠴᠤᠳ ᠤᠨ ᠬᠤᠰᠢᠭᠤᠴᠢ ᠠᠩᠭᠢ ᠶᠢ ᠳᠠᠶᠢᠴᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠪᠠᠭᠠᠴᠤᠳ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠪᠠ ᠨᠥᠬᠦᠴᠡᠯ ᠢ ᠪᠦᠷᠢᠯᠳᠦᠭᠦᠯᠵᠦ ᠂ ᠪᠠᠭᠠᠴᠤᠳ ᠤᠨ ᠬᠤᠰᠢᠭᠤᠴᠢ ᠠᠩᠭᠢ ᠶᠢᠨ ᠦᠢᠯᠡᠰ ᠤᠨ ᠲᠠᠰᠤᠷᠠᠯᠲᠠ ᠦᠭᠡᠢ ᠰᠢᠨ᠎ᠡ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠡᠭᠢᠯᠡᠯᠲᠡ ᠶᠢᠨ ᠬᠤᠷᠠᠯ ᠳᠤ ᠣᠷᠣᠯᠴᠠᠪᠠ ᠃  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠲᠠᠢ ᠹᠧᠩ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠨᠠᠮ ᠤᠨ ᠲᠥᠪ ᠬᠤᠷᠢᠶ᠎ᠠ ᠶᠢ ᠲᠥᠯᠥᠭᠡᠯᠡᠨ ᠦᠭᠡ ᠬᠡᠯᠡᠪᠡ ᠃ ᠲᠡᠷᠡ ᠂ ᠶᠡᠷᠦᠩᠬᠡᠢ ᠱᠦᠵᠢ ᠰᠢ ᠶᠢᠨ ᠫᠢᠩ ᠤᠨ ᠪᠠᠭᠠᠴᠤᠳ ᠬᠡᠦᠬᠡᠳ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠂ ᠪᠠᠭᠠᠴᠤᠳ ᠤᠨ ᠬᠤᠰᠢᠭᠤᠴᠢ ᠠᠩᠭᠢ ᠶᠢᠨ ᠪᠠᠶᠢᠭᠤᠯᠤᠯᠲᠠ ᠶᠢ ᠳᠠᠭᠠᠭᠤᠯᠬᠤ ᠶᠢ ᠪᠠᠷᠢᠮᠲᠠᠯᠠᠵᠤ ᠂ ᠬᠡᠦᠬᠡᠳ ᠤᠨ ᠥᠰᠦᠯᠲᠡ ᠪᠤᠶᠢᠵᠢᠯᠲᠠ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠬᠦ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠯ ᠢ ᠪᠠᠲᠤ ᠴᠡᠭᠡᠵᠢᠯᠡᠵᠦ ᠂ ᠬᠤᠪᠢᠰᠬᠠᠯᠲᠤ ᠤᠳᠤᠮᠰᠢᠯ ᠢ ᠵᠠᠯᠭᠠᠮᠵᠢᠯᠠᠨ ᠂ ᠳᠤᠮᠳᠠᠳᠤ ᠶᠢᠨ ᠰᠣᠶᠣᠯ ᠤᠨ ᠰᠤᠳᠠᠰᠤ ᠶᠢ ᠵᠠᠯᠭᠠᠮᠵᠢᠯᠠᠨ ᠂ ᠲᠡᠮᠡᠴᠡᠯ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠂ ᠲᠡᠰᠪᠦᠷᠢ ᠬᠠᠲᠠᠭᠤᠵᠢᠯᠲᠠᠢ ᠰᠤᠷᠤᠯᠴᠠᠬᠤ ᠂ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠤᠯᠬᠤ ᠪᠠᠷ ᠴᠢᠷᠮᠠᠶᠢᠵᠤ ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠴᠠᠭ ᠢᠮᠠᠭᠲᠠ ᠪᠡᠯᠡᠬᠡᠨ ᠪᠠᠶᠢᠬᠤ ᠶᠢ ᠥᠷᠭᠡᠨ ᠤᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠬᠦᠰᠡᠵᠦ ᠪᠠᠶᠢᠨ᠎ᠠ ᠭᠡᠵᠦ ᠢᠯᠡᠳᠬᠡᠪᠡ ᠃  ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠰᠢᠦᠸᠠᠶᠢᠺᠧᠯᠠᠶᠢᠲ · ᠵᠠᠺᠧᠯ ᠂ ᠲᠥᠷᠥ ᠶᠢᠨ ᠶᠠᠪᠤᠳᠠᠯ ᠤᠨ ᠭᠡᠰᠢᠭᠦᠨ ᠱᠧᠨ ᠢ ᠴᠢᠨ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠧᠨ ᠶᠤᠸᠠᠢ ᠶᠤᠸᠠᠢ ᠬᠤᠷᠠᠯ ᠳᠤ ᠣᠷᠣᠯᠴᠠᠪᠠ ᠃  ᠶᠡᠭᠡ ᠬᠤᠷᠠᠯ ᠤᠨ ᠡᠭᠢᠯᠡᠯᠲᠡ ᠶᠢᠨ ᠬᠤᠷᠠᠯ ᠳᠡᠭᠡᠷ᠎ᠡ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠠ ᠳ᠋ᠦᠩ ᠂ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠸᠠᠩ ᠵᠢᠶᠠ ᠢ ᠲᠣᠰ ᠲᠣᠰ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠂ ᠰᠤᠷᠭᠠᠨ ᠬᠥᠮᠦᠵᠢᠯ ᠤᠨ ᠶᠠᠮᠤᠨ ᠢ ᠲᠥᠯᠥᠭᠡᠯᠡᠨ ᠦᠭᠡ ᠬᠡᠯᠡᠪᠡ ᠃ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠲᠥᠯᠥᠭᠡᠯᠡᠭᠴᠢ ᠨᠠᠮ ᠤᠨ ᠦᠭᠡ ᠶᠢ ᠰᠣᠨᠣᠰᠬᠤ ᠂ ᠨᠠᠮ ᠢᠶᠠᠨ ᠳᠠᠭᠠᠵᠤ ᠤᠷᠤᠭᠰᠢᠯᠠᠬᠤ ᠂ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠳᠤᠮᠳᠠ ᠰᠤᠷᠤᠯᠴᠠᠨ ᠦᠢᠯᠡᠳᠦᠯᠭᠡᠵᠢᠭᠦᠯᠵᠦ ᠦᠰᠦᠨ ᠪᠣᠶᠢᠵᠢᠭᠰᠠᠨ ᠦᠯᠢᠭᠡᠷ ᠢᠶᠠᠨ ᠬᠠᠷᠢᠭᠤ ᠮᠡᠳᠡᠭᠦᠯᠪᠡ ᠃ ᠶᠡᠭᠡ ᠬᠤᠷᠠᠯ ᠠᠴᠠ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠮᠲᠤ ᠶᠢᠨ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ ᠪᠠᠭᠠᠴᠤᠳ ᠤᠨ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠭᠢᠯᠡᠭᠴᠢ ᠸᠠᠩ ᠢ ᠨᠠᠢᠮᠠᠳᠤᠭᠠᠷ ᠬᠤᠭᠤᠴᠠᠭᠠᠨ ᠤ ᠪᠦᠭᠦ ᠤᠯᠤᠰ ᠤᠨ ᠪᠠᠭᠠᠴᠤᠳ ᠤᠨ ᠠᠵᠢᠯ ᠤᠨ ᠵᠥᠪᠯᠡᠯ ᠢ ᠲᠥᠯᠥᠭᠡᠯᠡᠨ ᠠᠵᠢᠯ ᠤᠨ ᠢᠯᠡᠳᠬᠡᠯ ᠬᠢᠪᠡ ᠃  ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠤᠨ ᠬᠠᠷᠢᠭᠤᠴᠠᠯᠭᠠᠲᠠᠨ ᠂ ᠶᠢᠰᠦᠳᠦᠭᠡᠷ ᠤᠳᠠᠭ᠎ᠠ ᠶᠢᠨ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠲᠥᠯᠥᠭᠡᠯᠡᠭᠴᠢ ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠪᠰᠤᠷᠤᠨ ᠵᠢᠯᠣᠭᠤᠳᠤᠭᠴᠢ ᠂ ᠪᠦᠭᠦ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠰᠢᠯᠢᠳᠡᠭ ᠬᠠᠮᠲᠤ ᠶᠢᠨ ᠲᠥᠯᠥᠭᠡᠯᠡᠭᠴᠢ ᠂ ᠪᠡᠭᠡᠵᠢᠩ ᠬᠤᠳᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠤᠭᠴᠢ ᠶᠢᠨ ᠲᠥᠯᠥᠭᠡᠯᠡᠭᠴᠢ ᠵᠡᠷᠭᠡ 3000 ᠰᠢᠬᠠᠮ ᠬᠥᠮᠥᠨ ᠡᠭᠢᠯᠡᠯᠲᠡ ᠶᠢᠨ ᠬᠤᠷᠠᠯ ᠳᠤ ᠣᠷᠣᠯᠴᠠᠵᠠᠢ ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号