ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ | ᠭᠠᠷᠠᠭ︾ ᠤᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ ᠂ 2025 ᠣᠨ ᠤ 5 | ᠳ᠋ᠤᠭᠠᠷ ᠰᠠᠷ᠎ᠠ ᠶᠢᠨ 27 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ ᠤᠨ ᠢᠦᠶ ᠴᠢᠤᠸᠠᠨ ᠲᠣᠭᠤᠷᠢᠭ ᠤᠨ | ᠾᠧᠩ ᠴᠠᠩ ᠨᠡᠶᠢᠭᠡᠮ ᠲᠣᠭᠤᠷᠢᠭ ᠲᠤ ᠬᠦᠷᠴᠦ ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ ᠪᠦᠯᠬᠦᠮᠳᠡᠨ | ᠲᠡᠮᠡᠴᠡᠵᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ ᠃ | | | | | | ᠣᠯᠠᠨ ᠡᠰᠢᠵᠢᠭᠦᠯᠦᠨ ᠤᠬᠠᠭᠤᠯᠵᠤ ᠂ ᠦᠵᠡᠯ ᠰᠠᠨᠠᠭᠠᠨ ᠤ ᠰᠠᠭᠤᠷᠢ ᠶᠢ ᠪᠠᠲᠤ ᠴᠣᠭᠴᠠᠯᠠᠪᠠ ᠃ ᠵᠢᠷᠤᠭ | ᠪᠢᠴᠢᠭ ᠢ ᠬᠤᠤᠰᠯᠠᠭᠤᠯᠤᠭᠰᠠᠨ ᠤᠬᠠᠭᠤᠯᠭ᠎ᠠ ᠶᠢᠨ ᠰᠠᠮᠪᠠᠷ᠎ᠠ ᠂ ᠠᠭᠤᠯᠭ᠎ᠠ ᠨᠢ ᠨᠠᠷᠢᠨ ᠪᠣᠳᠠᠲᠠᠶ ᠤᠬᠠᠭᠤᠯᠭ᠎ᠠ ᠶᠢᠨ | ᠮᠠᠲ᠋ᠧᠷᠢᠶᠠᠯ ᠂ ᠳᠥᠭᠦᠮ ᠣᠶᠢᠯᠠᠭᠠᠮᠵᠢᠲᠠᠶ ᠲᠤᠬᠠᠶ ᠶᠢᠨ ᠲᠠᠯᠠᠪᠤᠷ ᠤᠨ ᠲᠠᠶᠢᠯᠤᠮᠵᠢ ᠪᠠᠷ ᠳᠠᠮᠵᠢᠭᠤᠯᠤᠨ ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠦᠷᠢᠮ︾ ᠵᠢᠴᠢ | ᠵᠢᠷᠭᠤᠭᠠᠨ ᠠᠬᠢᠭᠤᠯᠬᠤ ᠲᠦᠷᠢᠮ ᠂ ᠢᠷᠭᠡᠨ ᠤ ᠬᠠᠤᠯᠢ ᠶᠢᠨ ᠪᠢᠴᠢᠭ ᠂ ᠨᠢᠭᠤᠴᠠ ᠶᠢ ᠬᠠᠮᠠᠭᠠᠯᠠᠬᠤ ᠬᠠᠤᠯᠢ ᠂ | ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠠᠷᠢᠭᠤᠨ ᠴᠢᠬᠡᠴᠢ ᠰᠣᠶᠣᠯ ᠤᠨ | ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠥᠷᠨᠢᠭᠦᠯᠪᠡ ᠃ | | | | | | ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠵᠦ ᠂ ᠡᠮᠴᠢᠯᠡᠭᠡᠨ ᠤ ᠳᠠᠭᠠᠳᠬᠠᠯ ᠤᠨ ᠬᠠᠮᠲᠤ ᠶᠢᠨ ᠲᠠᠨᠢᠯᠲᠠ ᠶᠢ | ᠨᠢᠭᠲᠠᠷᠠᠭᠤᠯᠪᠠ ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠡᠶᠢᠳᠡᠮ ᠠᠩᠬᠠᠷᠴᠤ ᠪᠠᠶᠢᠭ᠎ᠠ ᠡᠮ ᠤᠨ | ᠳᠡᠯᠭᠡᠭᠦᠷ ᠠᠴᠠ ᠡᠮ ᠬᠤᠳᠠᠯᠳᠤᠨ ᠠᠪᠬᠤ ᠳᠤ ᠪᠠᠨ ᠲᠠᠩᠰᠠ ᠲᠠᠶᠢᠯᠵᠤ ᠪᠣᠯᠬᠤ ᠡᠰᠡᠬᠦ ᠂ ᠡᠭᠦᠳᠡᠨ ᠡᠮᠨᠡᠯᠭᠡ ᠶᠢᠨ | ᠤᠳᠠᠭᠠᠨ ᠴᠢᠨᠠᠷᠲᠠᠶ ᠣᠨᠴᠠᠭᠠᠢ ᠡᠪᠡᠳᠴᠢᠨ ᠤ ᠬᠠᠷᠠᠭᠠᠯᠵᠠᠯ ᠂ ᠣᠨᠳᠣᠤ ᠭᠠᠵᠠᠷ ᠲᠤ ᠡᠮᠨᠡᠭᠦᠯᠬᠦ ᠶᠢ ᠬᠡᠷᠬᠢᠨ | ᠰᠢᠢᠳᠪᠦᠷᠢᠯᠡᠬᠦ ᠵᠡᠷᠭᠡ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠴᠡᠭ ᠤᠨ ᠠᠰᠠᠭᠤᠳᠠᠯ ᠳᠤ ᠴᠢᠭᠯᠡᠭᠦᠯᠦᠨ ᠂ | ᠬᠦᠯᠢᠴᠡᠩᠭᠦᠶ ᠪᠠᠷ ᠬᠠᠷᠢᠭᠤᠯᠲᠠ ᠥᠭᠴᠦ ᠂ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠠ ᠃ | ᠰᠡᠳᠭᠢᠯ ᠢ ᠳᠤᠯᠠᠭᠠᠴᠠᠭᠤᠯᠬᠤ ᠠᠯᠪᠠᠨ ᠵᠢᠷᠤᠮ ᠤᠨ ᠡᠮᠴᠢᠯᠡᠭᠡ ᠬᠢᠵᠦ ᠂ ᠡᠷᠡᠭᠦᠯ ᠮᠡᠨᠳᠦ ᠶᠢᠨ ᠬᠠᠯᠠᠮᠵᠢᠯᠠᠯ ᠢ | ᠳᠠᠮᠵᠢᠭᠤᠯᠪᠠ ᠃ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠡᠮᠴᠢ ᠶᠢᠨ ᠪᠦᠯᠬᠦᠮ ᠢ | ᠤᠷᠢᠵᠤ ᠲᠤᠬᠠᠶ ᠶᠢᠨ ᠲᠠᠯᠠᠪᠤᠷ ᠲᠤ ᠠᠯᠪᠠᠨ ᠵᠢᠷᠤᠮ ᠤᠨ ᠡᠮᠴᠢᠯᠡᠭᠡ ᠬᠢᠯᠭᠡᠵᠦ ᠂ ᠰᠠᠭᠤᠭᠠᠯᠢ ᠠᠷᠠᠳ ᠤᠨ ᠴᠢᠰᠤᠨ | ᠳᠠᠷᠤᠯᠲᠠ ᠥᠨᠳᠥᠷ ᠡᠪᠡᠳᠴᠢᠨ ᠴᠢᠰᠤᠨ ᠰᠢᠬᠢᠷ ᠡᠪᠡᠳᠴᠢᠨ ᠢ ᠨᠠᠷᠢᠨ ᠨᠢᠮᠪᠠᠶ ᠬᠡᠮᠵᠢᠨ ᠂ ᠰᠤᠳᠠᠯ ᠪᠠᠷᠢᠵᠤ | ᠣᠨᠤᠰᠢᠯᠠᠬᠤ ᠂ ᠡᠪᠡᠳᠴᠢᠨ ᠤ ᠲᠡᠦᠬᠡ ᠂ ᠠᠮᠢᠳᠤᠷᠠᠯ ᠤᠨ ᠳᠠᠳᠬᠠᠯ ᠪᠠ ᠪᠡᠶ᠎ᠡ ᠮᠠᠬᠠᠪᠣᠳ ᠤᠨ ᠪᠠᠶᠢᠳᠠᠯ ᠲᠠᠢ | ᠤᠶᠠᠯᠳᠤᠭᠤᠯᠤᠨ ᠂ ᠲᠤᠰᠬᠠᠶ ᠮᠡᠷᠭᠡᠵᠢᠯ ᠤᠨ ᠣᠨᠣᠰᠢᠯᠠᠯᠲᠠ ᠶᠢᠨ ᠰᠠᠨᠠᠯ ᠪᠠ ᠥᠪᠡᠷᠮᠢᠴᠡ ᠡᠷᠡᠭᠦᠯ ᠮᠡᠨᠳᠦ ᠶᠢᠨ | ᠵᠢᠯᠣᠭᠤᠳᠣᠯᠭ᠎ᠠ ᠬᠢᠯᠭᠡᠪᠡ ᠃ | | | | | | ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠡᠯᠪᠡᠭ ᠪᠠᠶᠠᠯᠢᠭ ᠂ ᠬᠠᠷᠢᠯᠴᠠᠨ ᠬᠥᠳᠡᠯᠦᠯᠴᠡᠵᠦ ᠂ | ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠳᠥᠯᠭᠢᠨ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ ᠂ ᠬᠠᠤᠯᠢ ᠪᠠᠷ ᠵᠠᠰᠠᠬᠤ | ᠦᠵᠡᠯᠲᠡ ᠪᠠᠨ ᠴᠢᠩᠭᠠᠳᠬᠠᠨ ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠬᠢᠭᠡᠳ ᠣᠯᠠᠨ ᠲᠦᠮᠡᠨ ᠤ | ᠬᠠᠷᠢᠴᠠᠭ᠎ᠠ ᠶᠢ ᠨᠢᠭᠲᠠᠷᠠᠭᠤᠯᠵᠤ ᠂ ᠡᠶ᠎ᠡ ᠵᠣᠬᠢᠴᠠᠯᠲᠤ ᠦᠵᠡᠰᠬᠦᠯᠡᠩᠲᠦ ᠰᠠᠶᠢᠬᠠᠨ ᠬᠡᠷ ᠣᠷᠣᠨ ᠢ ᠬᠠᠮᠲᠤ ᠪᠠᠷ | ᠪᠥᠲᠥᠭᠡᠨ ᠪᠠᠶᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ ᠃ | |