ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠨᠠᠶᠢᠷᠠᠭᠴᠢ ᠶᠢᠨ ︽ᠦᠨᠡᠮᠯᠡᠯ ᠡᠯᠭᠦᠭᠰᠡᠨ︾ ᠵᠡᠷᠭᠡ ᠪᠠᠶᠢᠳᠠᠯ ᠳᠤ ᠬᠠᠷᠭᠤᠭᠤᠯᠤᠨ ᠪᠠᠶᠢᠴᠠᠭᠠᠬᠤ ᠠᠵᠢᠯ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠵᠠᠷᠯᠠᠯ
ᠨᠡᠶᠢᠲᠡᠯᠡᠭᠰᠡᠨ ᠴᠠᠭ᠄
2025/5/30
ᠡᠯ᠎ᠡ ᠬᠠᠮᠢᠶ᠎ᠠ ᠪᠥᠬᠦᠶ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠂ ᠬᠠᠮᠢᠶ᠎ᠠ ᠪᠥᠬᠦᠶ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠢᠴᠢ ᠡᠮ ᠨᠠᠶᠢᠷᠠᠭᠴᠢ ᠳᠤ᠄  ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠵᠢᠴᠢ ᠥᠷᠭᠡᠨ ᠣᠯᠠᠨ ᠳᠠᠩᠰᠠᠯᠠᠭᠤᠯᠤᠭᠰᠠᠨ ᠡᠮ ᠨᠠᠶᠢᠷᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠂ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠵᠠᠷᠯᠢᠭ 3 ᠳ᠋ᠤᠭᠠᠷ ᠲᠣᠭᠠᠲᠤ ᠂ ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠳᠤ ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠨᠠᠭᠠᠳᠤ ᠵᠠᠬ᠎ᠠ ᠳᠤ ᠪᠠᠨ ᠠᠵᠢᠯ ᠡᠷᠭᠢᠯᠡᠬᠦ ᠡᠮ ᠨᠠᠶᠢᠷᠠᠭᠴᠢ ᠶᠢᠨ ᠬᠢᠷᠢ ᠬᠡᠮ ᠤᠨ ᠦᠨᠡᠮᠯᠡᠯ ᠪᠤᠶᠤ ᠡᠮ ᠤᠨ ᠤᠬᠠᠭᠠᠨ ᠂ ᠡᠮᠴᠢᠯᠡᠭᠡᠨ ᠤ ᠡᠮ ᠤᠨ ᠤᠬᠠᠭᠠᠨ ᠂ ᠬᠢᠲᠠᠳ ᠡᠮ ᠤᠨ ᠤᠬᠠᠭᠠᠨ ᠤ ᠲᠤᠰᠬᠠᠶ ᠮᠡᠷᠭᠡᠵᠢᠯ ᠤᠨ ᠬᠢᠷᠢ ᠬᠡᠮ ᠤᠨ ᠦᠨᠡᠮᠯᠡᠯ ᠲᠠᠢ 1 ᠡᠮ ᠨᠠᠶᠢᠷᠠᠭᠴᠢ ᠶᠢ ᠲᠣᠬᠢᠷᠠᠭᠤᠯᠤᠭᠰᠠᠨ ᠪᠥᠭᠡᠳ ᠳᠠᠩᠰᠠᠯᠠᠭᠤᠯᠤᠭᠰᠠᠨ ᠭᠠᠵᠠᠷ ᠨᠢ ᠲᠣᠰ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠪᠠᠶᠢᠬᠤ ᠬᠡᠷᠡᠭᠲᠡᠢ ᠃ ᠡᠮ ᠨᠠᠶᠢᠷᠠᠭᠴᠢ ᠡᠷᠬᠡᠪᠰᠢ 1 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠬᠤ ᠮᠥᠷᠲᠡᠭᠡᠨ ᠭᠡᠷ᠎ᠡ ᠶᠢᠨ ᠬᠤᠭᠤᠴᠠᠭᠠᠨ ᠳᠤ ᠂ ᠳᠠᠭᠠᠳᠬᠠᠯ ᠳᠤ ᠣᠷᠣᠯᠴᠠᠭᠰᠠᠳ ᠲᠤ ᠦᠷᠭᠦᠯᠵᠢᠯᠡᠨ ᠡᠮ ᠤᠨ ᠤᠬᠠᠭᠠᠨ ᠤ ᠲᠣᠭᠲᠠᠭᠤᠨ ᠦᠢᠯᠡᠴᠢᠯᠡᠭᠡ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠃ ᠳᠡᠯᠭᠡᠭᠦᠷ ᠲᠤ ᠰᠠᠭᠤᠭ᠎ᠠ ᠡᠮ ᠨᠠᠶᠢᠷᠠᠭᠴᠢ ᠠᠵᠢᠯ ᠤᠨ ᠪᠠᠶᠢᠷᠢ ᠳᠤ ᠪᠠᠨ ᠪᠠᠶᠢᠵᠤ ᠂ ᠨᠡᠷ᠎ᠡ ᠵᠡᠭᠦᠵᠦ ᠲᠤᠰᠢᠶᠠᠯ ᠬᠠᠪᠰᠤᠷᠭᠠᠵᠤ ᠪᠣᠯᠬᠤ ᠥᠬᠡᠶ ᠂ ᠡᠵᠡᠩᠨᠡᠯᠲᠡ ᠶᠢᠨ ᠬᠤᠭᠤᠴᠠᠭᠠᠨ ᠳᠤ ᠡᠷᠬᠡᠪᠰᠢ ᠡᠮ ᠨᠠᠶᠢᠷᠠᠭᠴᠢ ᠡᠮ ᠤᠨ ᠤᠬᠠᠭᠠᠨ ᠤ ᠦᠢᠯᠡᠴᠢᠯᠡᠭᠡ ᠬᠠᠩᠭᠠᠵᠤ ᠂ ᠳᠠᠭᠠᠳᠬᠠᠯ ᠳᠤ ᠣᠷᠣᠯᠴᠠᠭᠰᠠᠳ ᠤᠨ ᠡᠮ ᠤᠨ ᠬᠡᠷᠡᠭᠯᠡᠯᠲᠡ ᠶᠢᠨ ᠬᠢᠨ ᠠᠮᠤᠷ ᠲᠦᠪᠰᠢᠨ ᠂ ᠵᠦᠶ ᠵᠣᠬᠢᠰᠲᠠᠶ ᠂ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠶ ᠃  ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠪᠥᠬᠦ ᠣᠷᠣᠨ ᠤ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ 1 ᠳ᠋ᠦ᠋ᠭᠡᠷ ᠰᠠᠷ᠎ᠠ ᠠᠴᠠ ᠨᠠᠭᠠᠰᠢᠬᠢ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠭᠰᠠᠨ ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠵᠤ ᠵᠠᠳᠠᠯᠤᠯᠲᠠ ᠬᠢᠵᠦ ᠂ ᠠᠳᠠᠯᠢ ᠨᠢᠭᠡᠨ ᠡᠮ ᠨᠠᠶᠢᠷᠠᠭᠴᠢ ᠣᠯᠠᠨ ᠡᠮ ᠤᠨ ᠳᠡᠯᠭᠡᠭᠦᠷ ᠲᠤ ᠳᠠᠩᠰᠠᠯᠠᠭᠤᠯᠤᠭᠰᠠᠨ ᠂ ᠡᠮ ᠨᠠᠶᠢᠷᠠᠭᠴᠢ ᠡᠭᠦᠨ ᠤ ᠬᠠᠮᠲᠤ ᠡᠮᠴᠢᠯᠡᠭᠡᠨ ᠤ ᠪᠠᠶᠢᠭᠤᠯᠤᠮᠵᠢ ᠪᠠ ᠡᠮ ᠤᠨ ᠳᠡᠯᠭᠡᠭᠦᠷ ᠲᠤ ᠳᠠᠩᠰᠠᠯᠠᠭᠤᠯᠤᠭᠰᠠᠨ ᠂ ᠠᠳᠠᠯᠢ ᠨᠢᠭᠡᠨ ᠡᠮ ᠨᠠᠶᠢᠷᠠᠭᠴᠢ ᠨᠢᠭᠡ ᠡᠳᠦᠷ ᠤᠨ ᠳᠣᠲᠣᠷ᠎ᠠ ᠣᠯᠠᠨ ᠡᠮ ᠤᠨ ᠳᠡᠯᠭᠡᠭᠦᠷ ᠤᠨ ᠦᠨᠡᠮᠯᠡᠯ ᠡᠯᠭᠦᠨ ᠬᠢᠨᠠᠯᠲᠠ ᠬᠢᠬᠦ ᠵᠡᠷᠭᠡ ᠪᠠᠶᠢᠳᠠᠯ ᠣᠷᠣᠰᠢᠵᠤ ᠪᠠᠶᠢᠬᠤ ᠶᠢ ᠢᠯᠡᠷᠡᠭᠦᠯᠪᠡ ᠂ ᠡᠨᠡ ᠨᠢ ᠡᠮ ᠨᠠᠶᠢᠷᠠᠭᠴᠢ ᠶᠢᠨ ᠮᠡᠳᠡᠭᠡ ᠵᠠᠩᠭᠢ ᠬᠠᠭᠤᠷᠮᠠᠭᠯᠠᠭᠳᠠᠭᠰᠠᠨ ᠪᠤᠶᠤ ᠡᠮ ᠨᠠᠶᠢᠷᠠᠭᠴᠢ ᠶᠢᠨ ︽ᠦᠨᠡᠮᠯᠡᠯ ᠡᠯᠭᠦᠬᠦ︾ ᠲᠣᠭᠲᠠᠭᠠᠯ ᠠᠴᠠ ᠵᠥᠷᠢᠴᠡᠭᠰᠡᠨ ᠲᠦᠭᠰᠢᠭᠦᠷᠢ ᠣᠷᠣᠰᠢᠵᠤ ᠂ ᠠᠷᠠᠳ ᠣᠯᠠᠨ ᠤ ᠡᠮ ᠤᠨ ᠬᠡᠷᠡᠭᠯᠡᠯᠲᠡ ᠶᠢᠨ ᠠᠮᠤᠷ ᠲᠦᠪᠰᠢᠨ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠦᠷᠳᠡᠭᠦᠯᠦᠭᠰᠡᠨ ᠮᠥᠷᠲᠡᠭᠡᠨ ᠪᠠᠰᠠ ᠵᠢᠩᠬᠢᠨᠢ ᠳᠠᠩᠰᠠᠯᠠᠭᠤᠯᠤᠭᠰᠠᠨ ᠡᠮ ᠨᠠᠶᠢᠷᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠪᠣᠯᠣᠨ᠎ᠠ ᠂ ᠡᠭᠦᠨ ᠳᠤ ᠭᠤᠤᠯᠳᠠᠭᠤ ᠳᠣᠤᠷᠠᠬᠢ ᠭᠤᠷᠪᠠᠨ ᠵᠦᠢᠯ ᠤᠨ ᠪᠠᠶᠢᠳᠠᠯ ᠪᠠᠶᠢᠨ᠎ᠠ᠄  ᠨᠢᠭᠡ ᠂ ᠠᠳᠠᠯᠢ ᠨᠢᠭᠡᠨ ᠡᠮ ᠨᠠᠶᠢᠷᠠᠭᠴᠢ ᠣᠯᠠᠨ ᠡᠮ ᠤᠨ ᠳᠡᠯᠭᠡᠭᠦᠷ ᠲᠤ ᠳᠠᠩᠰᠠᠯᠠᠭᠤᠯᠤᠭᠰᠠᠨ ᠪᠠᠶᠢᠳᠠᠯ  ᠪᠥᠬᠦ ᠣᠷᠣᠨ ᠤ 3669 ᠡᠮ ᠤᠨ ᠳᠡᠯᠭᠡᠭᠦᠷ ᠲᠤ ᠡᠮ ᠨᠠᠶᠢᠷᠠᠭᠴᠢ ᠣᠯᠠᠨ ᠴᠡᠭ ᠲᠤ ᠳᠠᠩᠰᠠᠯᠠᠭᠤᠯᠤᠭᠰᠠᠨ ᠪᠠᠶᠢᠳᠠᠯ ᠣᠷᠣᠰᠢᠵᠤ ᠪᠠᠶᠢᠪᠠ ᠂ ᠲᠤᠭ᠎ᠠ ᠬᠡᠮᠵᠢᠶ᠎ᠡ ᠪᠠᠷ ᠨᠡᠯᠢᠶᠡᠳ ᠣᠯᠠᠨ ᠠᠶᠢᠮᠠᠭ ᠬᠤᠲᠠ ᠳᠤ ᠲᠦᠩᠯᠢᠶᠣᠤ ᠶᠢᠨ 987 ᠡᠷᠦᠬᠡ ᠂ ᠬᠢᠩᠭᠠᠨ ᠠᠶᠢᠮᠠᠭ ᠤᠨ 598 ᠡᠷᠦᠬᠡ ᠂ ᠬᠥᠯᠥᠨ ᠪᠤᠶᠢᠷ ᠬᠤᠲᠠ ᠶᠢᠨ 479 ᠡᠷᠦᠬᠡ ᠂ ᠬᠥᠬᠡᠬᠤᠲᠠ ᠶᠢᠨ 434 ᠡᠷᠦᠬᠡ ᠂ ᠪᠤᠭᠤᠲᠤ ᠬᠤᠲᠠ ᠶᠢᠨ 425 ᠡᠷᠦᠬᠡ ᠪᠣᠶ︔ ᠣᠯᠠᠨ ᠴᠡᠭ ᠲᠤ ᠳᠠᠩᠰᠠᠯᠠᠭᠤᠯᠤᠭᠰᠠᠨ ᠲᠤᠭ᠎ᠠ ᠬᠡᠮᠵᠢᠶ᠎ᠡ ᠪᠠᠷ ᠨᠡᠯᠢᠶᠡᠳ ᠣᠯᠠᠨ ᠡᠮ ᠤᠨ ᠳᠡᠯᠭᠡᠭᠦᠷ ᠨᠢ ᠲᠦᠩᠯᠢᠶᠣᠤ ᠶᠢᠨ ᠽᠧ ᠴᠢᠶᠠᠩ ᠡᠮ ᠤᠨ ᠲᠣᠮᠣ ᠳᠡᠯᠭᠡᠭᠦᠷ ᠤᠨ ᠬᠡᠯᠬᠢᠶᠡᠵᠢᠭᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 204 ᠡᠷᠦᠬᠡ ᠂ ᠲᠦᠩᠯᠢᠶᠣᠤ ᠶᠢᠨ ᠯᠢ ᠴᠢᠶᠦ᠋ᠨ ᠡᠮ ᠤᠨ ᠲᠣᠮᠣ ᠳᠡᠯᠭᠡᠭᠦᠷ ᠤᠨ ᠬᠡᠯᠬᠢᠶᠡᠵᠢᠭᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 204 ᠡᠷᠦᠬᠡ ᠂ ᠥᠪᠥᠷ ᠮᠣᠩᠭᠤᠯ ᠤᠨ ᠷᠧᠨ ᠾᠧ ᠲᠠᠩ ᠡᠮ ᠡᠮᠨᠡᠯᠭᠡ ᠶᠢᠨ ᠬᠡᠯᠬᠢᠶᠡᠵᠢᠭᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 194 ᠡᠷᠦᠬᠡ ᠂ ᠬᠢᠩᠭᠠᠨ ᠠᠶᠢᠮᠠᠭ ᠤᠨ ᠷᠧᠨ ᠺᠠᠩ ᠡᠮ ᠡᠮᠨᠡᠯᠭᠡ ᠶᠢᠨ ᠬᠡᠯᠬᠢᠶᠡᠵᠢᠭᠰᠡᠨ ᠬᠢᠵᠠᠭᠠᠷᠲᠤ ᠺᠣᠮᠫᠠᠨᠢ ᠶᠢᠨ 150 ᠡᠷᠦᠬᠡ ᠂ ᠤᠯᠤᠰ ᠤᠨ ᠡᠮ ᠤᠨ ᠬᠤᠪᠢ ᠡᠵᠡᠮᠳᠡᠭᠰᠡᠨ ᠭᠦᠸᠧ ᠳ᠋ᠠ ᠡᠮ ᠤᠨ ᠳᠡᠯᠭᠡᠭᠦᠷ ᠤᠨ 97 ᠡᠷᠦᠬᠡ ᠂ ᠬᠥᠯᠥᠨ ᠪᠤᠶᠢᠷ ᠬᠤᠲᠠ ᠶᠢᠨ ᠶᠦᠩ ᠴᠦᠨ ᠡᠮ ᠡᠮᠨᠡᠯᠭᠡ ᠶᠢᠨ ᠬᠡᠯᠬᠢᠶᠡᠵᠢᠭᠰᠡᠨ ᠬᠢᠵᠠᠭᠠᠷᠲᠤ ᠺᠣᠮᠫᠠᠨᠢ ᠶᠢᠨ 80 ᠡᠷᠦᠬᠡ ᠪᠣᠶ︔ ᠬᠤᠪᠢ ᠬᠥᠮᠦᠨ ᠤ ᠣᠯᠠᠨ ᠭᠠᠵᠠᠷ ᠲᠤ ᠳᠠᠩᠰᠠᠯᠠᠭᠤᠯᠤᠭᠰᠠᠨ ᠲᠤᠭ᠎ᠠ ᠬᠡᠮᠵᠢᠶ᠎ᠡ ᠪᠠᠷ ᠨᠡᠯᠢᠶᠡᠳ ᠣᠯᠠᠨ ᠪᠠᠶᠢᠭ᠎ᠠ ᠨᠢ ᠴᠢ * ᠶᠠᠨ ᠬᠢᠩᠭᠠᠨ ᠠᠶᠢᠮᠠᠭ ᠤᠨ ᠷᠧᠨ ᠺᠠᠩ ᠡᠮ ᠡᠮᠨᠡᠯᠭᠡ ᠶᠢᠨ ᠡᠵᠡᠩᠨᠡᠯᠲᠡ ᠶᠢᠨ ᠬᠢᠵᠠᠭᠠᠷᠲᠤ ᠺᠣᠮᠫᠠᠨᠢ ᠵᠡᠷᠭᠡ 75 ᠪᠠᠶᠢᠭᠤᠯᠤᠮᠵᠢ ᠳᠤ ᠠᠵᠢᠯ ᠡᠷᠭᠢᠯᠡᠵᠦ ᠂ ᠭᠧ * ᠴᠢᠨ ᠬᠢᠩᠭᠠᠨ ᠠᠶᠢᠮᠠᠭ ᠤᠨ ᠰᠢᠨ ᠽᠧ ᠡᠮ ᠤᠨ ᠲᠣᠮᠣ ᠳᠡᠯᠭᠡᠭᠦᠷ ᠤᠨ ᠬᠡᠯᠬᠢᠶᠡᠵᠢᠭᠰᠡᠨ ᠬᠢᠵᠠᠭᠠᠷᠲᠤ ᠺᠣᠮᠫᠠᠨᠢ ᠵᠡᠷᠭᠡ 47 ᠪᠠᠶᠢᠭᠤᠯᠤᠮᠵᠢ ᠳᠤ ᠠᠵᠢᠯ ᠡᠷᠬᠢᠯᠡᠵᠦ ᠂ ᠫᠠᠩ* ᠪᠤᠭᠤᠲᠤ ᠬᠤᠲᠠ ᠶᠢᠨ  ᠲᠠᠢ ᠵᠢᠢ ᠡᠮ ᠤᠨ ᠳᠡᠯᠭᠡᠭᠦᠷ ᠤᠨ ᠬᠡᠯᠬᠢᠶᠡᠵᠢᠭᠰᠡᠨ ᠬᠢᠵᠠᠭᠠᠷᠲᠤ ᠺᠣᠮᠫᠠᠨᠢ ᠵᠡᠷᠭᠡ 47 ᠪᠠᠶᠢᠭᠤᠯᠤᠮᠵᠢ ᠳᠤ ᠠᠵᠢᠯ ᠡᠷᠬᠢᠯᠡᠵᠦ ᠪᠠᠶᠢᠪᠠ ᠃  ᠬᠤᠶᠠᠷ ᠂ ᠡᠮ ᠨᠠᠶᠢᠷᠠᠭᠴᠢ ᠡᠮ ᠤᠨ ᠳᠡᠯᠭᠡᠭᠦᠷ ᠪᠠ ᠡᠮᠴᠢᠯᠡᠭᠡᠨ ᠤ ᠪᠠᠶᠢᠭᠤᠯᠤᠮᠵᠢ ᠳᠤ ᠵᠡᠷᠭᠡ ᠪᠠᠷ ᠳᠠᠩᠰᠠᠯᠠᠭᠤᠯᠤᠨ ᠠᠵᠢᠯ ᠡᠷᠬᠢᠯᠡᠭᠰᠡᠨ ᠪᠠᠶᠢᠳᠠᠯ  ᠪᠥᠬᠦ ᠣᠷᠣᠨ ᠤ 1597 ᠡᠮ ᠤᠨ ᠳᠡᠯᠭᠡᠭᠦᠷ ᠲᠤ ᠡᠮ ᠤᠨ ᠳᠡᠯᠭᠡᠭᠦᠷ ᠪᠠ ᠡᠮ ᠨᠠᠶᠢᠷᠠᠭᠴᠢ ᠵᠡᠷᠭᠡ ᠪᠠᠷ ᠡᠮᠴᠢᠯᠡᠭᠡᠨ ᠤ ᠪᠠᠶᠢᠭᠤᠯᠤᠮᠵᠢ ᠳᠤ ᠳᠠᠩᠰᠠᠯᠠᠭᠤᠯᠤᠨ ᠠᠵᠢᠯ ᠡᠷᠭᠢᠯᠡᠭᠰᠡᠨ ᠪᠠᠶᠢᠳᠠᠯ ᠣᠷᠣᠰᠢᠵᠤ ᠂ ᠪᠠᠶᠢᠳᠠᠯ ᠨᠡᠯᠢᠶᠡᠳ ᠲᠣᠪᠤᠶᠢᠮ᠎ᠠ ᠪᠠᠶᠢᠭ᠎ᠠ ᠨᠢ ᠵᠠᠩ * ᠶᠢᠩ ᠲᠣᠰ ᠲᠣᠰ ᠲᠦᠩᠯᠢᠶᠣᠤ ᠶᠢᠨ ᠽᠧ ᠴᠢᠶᠠᠩ ᠡᠮ ᠤᠨ ᠲᠣᠮᠣ ᠳᠡᠯᠭᠡᠭᠦᠷ ᠤᠨ ᠬᠡᠯᠬᠢᠶᠡᠵᠢᠭᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 25 ᠡᠮ ᠤᠨ ᠳᠡᠯᠭᠡᠭᠦᠷ ᠪᠣᠯᠣᠨ ᠲᠦᠩᠯᠢᠶᠣᠤ ᠬᠤᠲᠠ ᠶᠢᠨ ᠼᠢ ᠮᠢᠩ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠡᠮᠴᠢᠯᠡᠭᠡᠨ ᠤ ᠭᠠᠵᠠᠷ ᠲᠤ ᠳᠠᠩᠰᠠᠯᠠᠭᠤᠯᠤᠨ ᠠᠵᠢᠯ ᠡᠷᠭᠢᠯᠡᠪᠡ︔ ᠰᠦᠨ * ᠵᠥᠩ ᠲᠣᠰ ᠲᠣᠰ ᠰᠢᠯᠢ ᠶᠢᠨ ᠭᠤᠤᠯ ᠠᠶᠢᠮᠠᠭ ᠤᠨ ᠹᠦ᠋ ᠷᠦᠢ ᠡᠮ ᠤᠨ ᠲᠣᠮᠣ ᠳᠡᠯᠭᠡᠭᠦᠷ ᠤᠨ ᠬᠡᠯᠬᠢᠶᠡᠵᠢᠭᠰᠡᠨ ᠬᠢᠵᠠᠭᠠᠷᠲᠤ ᠺᠣᠮᠫᠠᠨᠢ ᠵᠡᠷᠭᠡ 12 ᠡᠮ ᠤᠨ ᠳᠡᠯᠭᠡᠭᠦᠷ ᠪᠠ ᠲᠠᠶᠢᠹᠤᠰᠧ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠂ ᠲᠠᠶᠢᠹᠤᠰᠧ ᠬᠤᠰᠢᠭᠤᠨ ᠤ ᠵᠥᠩ ᠾᠧ ᠡᠷᠡᠭᠦᠯ ᠬᠠᠮᠠᠭᠠᠯᠠᠯ ᠤᠨ ᠬᠤᠷᠢᠶ᠎ᠠ ᠳᠤ ᠵᠡᠷᠭᠡ ᠪᠠᠷ ᠳᠠᠩᠰᠠᠯᠠᠭᠤᠯᠤᠨ ᠠᠵᠢᠯ ᠡᠷᠭᠢᠯᠡᠪᠡ︔ ᠸᠧᠢ * ᠴᠠᠩ ᠲᠣᠰ ᠲᠣᠰ ᠤᠯᠠᠭᠠᠨᠬᠠᠳᠠ ᠶᠢᠨ ᠶᠢᠩ  ᠲᠠᠢ ᠡᠮ ᠤᠨ ᠲᠣᠮᠣ ᠳᠡᠯᠭᠡᠭᠦᠷ ᠤᠨ ᠬᠡᠯᠬᠢᠶᠡᠵᠢᠭᠰᠡᠨ ᠬᠢᠵᠠᠭᠠᠷᠲᠤ ᠺᠣᠮᠫᠠᠨᠢ ᠵᠡᠷᠭᠡ 8 ᠡᠮ ᠤᠨ ᠳᠡᠯᠭᠡᠭᠦᠷ ᠪᠠ ᠤᠯᠠᠭᠠᠨᠬᠠᠳᠠ ᠶᠢᠨ ᠬᠤᠩ ᠱᠠᠨ ᠹᠦ᠋ ᠯᠦᠩ ᠬᠤᠶᠠᠳᠤᠭᠠᠷ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠂ ᠬᠤᠩᠱᠠᠨ ᠲᠣᠭᠤᠷᠢᠭ ᠤᠨ ᠡᠦ ᠯᠢ ᠡᠮᠴᠢᠯᠡᠭᠡᠨ ᠤ ᠭᠠᠵᠠᠷ ᠲᠤ ᠵᠡᠷᠭᠡ ᠪᠠᠷ ᠳᠠᠩᠰᠠᠯᠠᠭᠤᠯᠤᠭᠰᠠᠨ ᠪᠠᠶᠢᠪᠠ ᠃  ᠭᠤᠷᠪᠠ ᠂ ᠨᠢᠭᠡ ᠡᠳᠦᠷ ᠲᠤ ᠠᠳᠠᠯᠢ ᠪᠤᠰᠤ ᠡᠮ ᠤᠨ ᠳᠡᠯᠭᠡᠭᠦᠷ ᠤᠨ ᠬᠢᠨᠠᠯᠲᠠ ᠬᠢᠭᠰᠡᠨ ᠪᠠᠶᠢᠳᠠᠯ  ︽ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠨᠠᠶᠢᠷᠠᠭᠴᠢ ᠶᠢᠨ ︿ ᠦᠨᠡᠮᠯᠡᠯ ᠡᠯᠭᠦᠬᠦ ﹀ ᠵᠡᠷᠭᠡ ᠪᠠᠶᠢᠳᠠᠯ ᠳᠤ ᠬᠠᠷᠭᠤᠭᠤᠯᠤᠨ ᠪᠠᠶᠢᠴᠠᠭᠠᠯᠲᠠ ᠬᠢᠬᠦ ᠲᠤᠬᠠᠶ ᠵᠠᠷᠯᠠᠯ ︾ ᠲᠠᠢ ᠤᠶᠠᠯᠳᠤᠭᠤᠯᠤᠨ ᠂ ᠮᠠᠨ ᠤ ᠣᠷᠣᠨ ᠤ 2025 ᠣᠨ ᠤ 1 ᠳ᠋ᠦ᠋ᠭᠡᠷ ᠰᠠᠷ᠎ᠠ ᠠᠴᠠ ᠨᠠᠭᠠᠰᠢᠬᠢ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠭᠰᠠᠨ ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠵᠤ ᠵᠠᠳᠠᠯᠤᠯᠲᠠ ᠬᠢᠵᠦ ᠂ ᠨᠢᠭᠡ ᠡᠳᠦᠷ ᠲᠤ ᠨᠢᠭᠡ ᠡᠮ ᠨᠠᠶᠢᠷᠠᠭᠴᠢ ᠠᠳᠠᠯᠢ ᠪᠤᠰᠤ ᠡᠮ ᠤᠨ ᠳᠡᠯᠭᠡᠭᠦᠷ ᠲᠤ ᠬᠢᠨᠠᠯᠲᠠ ᠬᠢᠭᠰᠡᠨ ᠪᠠᠶᠢᠳᠠᠯ ᠣᠷᠤᠰᠢᠵᠤ ᠪᠠᠶᠢᠬᠤ ᠶᠢ ᠢᠯᠡᠷᠡᠭᠦᠯᠵᠦ ᠂ ᠨᠡᠶᠢᠲᠡ 3161 ᠡᠮ ᠤᠨ ᠳᠡᠯᠭᠡᠭᠦᠷ ᠤᠨ 1111 ᠡᠮ ᠨᠠᠶᠢᠷᠠᠭᠴᠢ ᠲᠠᠢ ᠬᠤᠯᠪᠣᠭᠳᠠᠪᠠ ᠂ ᠣᠷᠣᠰᠢᠵᠤ ᠪᠠᠶᠢᠭ᠎ᠠ ᠠᠰᠠᠭᠤᠳᠠᠯ ᠨᠡᠯᠢᠶᠡᠳ ᠲᠣᠪᠤᠶᠢᠮ᠎ᠠ ᠪᠠᠶᠢᠭ᠎ᠠ ᠨᠢ ᠬᠠᠨ * ᠶᠧ ᠂ 2025 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠲᠦᠩᠯᠢᠶᠣᠤ ᠶᠢᠨ ᠽᠧ ᠴᠢᠶᠠᠩ ᠡᠮ ᠤᠨ ᠲᠣᠮᠣ ᠳᠡᠯᠭᠡᠭᠦᠷ ᠤᠨ ᠬᠡᠯᠬᠢᠶᠡᠵᠢᠭᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 62 ᠳᠡᠯᠭᠡᠭᠦᠷ ᠤᠨ ᠳ᠋ᠦᠩᠨᠡᠨ ᠪᠣᠳᠤᠯᠲᠠ ᠶᠢᠨ ᠮᠡᠳᠡᠭᠡ ᠵᠠᠩᠭᠢ ᠳᠤ ᠲᠣᠰ ᠡᠮ ᠨᠠᠶᠢᠷᠠᠭᠴᠢ ᠶᠢᠨ ᠨᠡᠷ᠎ᠡ ᠢᠯᠡᠷᠡᠪᠡ︔ ᠽᠸᠦ * ᠂ 2025 ᠣᠨ ᠤ 1 ᠳ᠋ᠦ᠋ᠭᠡᠷ ᠰᠠᠷ᠎ᠠ ᠶᠢᠨ 24 ᠤ ᠡᠳᠦᠷ ᠥᠪᠥᠷ ᠮᠣᠩᠭᠤᠯ ᠤᠨ ᠴᠠᠩ ᠯᠦᠩ ᠡᠮ ᠤᠨ ᠲᠣᠮᠣ ᠳᠡᠯᠭᠡᠭᠦᠷ ᠤᠨ ᠡᠮ ᠡᠮᠨᠡᠯᠭᠡ ᠶᠢᠨ ᠬᠡᠯᠬᠢᠶᠡᠵᠢᠭᠰᠡᠨ ᠬᠢᠵᠠᠭᠠᠷᠲᠤ ᠺᠣᠮᠫᠠᠨᠢ ︵ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ︶ ᠶᠢᠨ 44 ᠳᠡᠯᠭᠡᠭᠦᠷ ᠤᠨ ᠳ᠋ᠦᠩᠨᠡᠨ ᠪᠣᠳᠤᠯᠲᠠ ᠶᠢᠨ ᠮᠡᠳᠡᠭᠡ ᠵᠠᠩᠭᠢ ᠳᠤ ᠲᠣᠰ ᠡᠮ ᠨᠠᠶᠢᠷᠠᠭᠴᠢ ᠶᠢᠨ ᠨᠡᠷ᠎ᠡ ᠢᠯᠡᠷᠡᠪᠡ ︔ ᠴᠧᠩ * ᠂ 2025 ᠣᠨ ᠤ 5 ᠳ᠋ᠤᠭᠠᠷ ᠰᠠᠷ᠎ᠠ ᠶᠢᠨ 16 ᠤ ᠡᠳᠦᠷ ᠪᠤᠭᠤᠲᠤ ᠬᠤᠲᠠ ᠶᠢᠨ ᠷᠧᠨ ᠾᠧ ᠲᠠᠩ ᠡᠮ ᠡᠮᠨᠡᠯᠭᠡ ᠶᠢᠨ ᠬᠡᠯᠬᠢᠶᠡᠵᠢᠭᠰᠡᠨ ᠬᠢᠵᠠᠭᠠᠷᠲᠤ ᠺᠣᠮᠫᠠᠨᠢ ᠶᠢᠨ 41 ᠳᠡᠯᠭᠡᠭᠦᠷ ᠤᠨ ᠳ᠋ᠦᠩᠨᠡᠨ ᠪᠣᠳᠤᠯᠲᠠ ᠶᠢᠨ ᠮᠡᠳᠡᠭᠡ ᠵᠠᠩᠭᠢ ᠳᠤ ᠲᠣᠰ ᠡᠮ ᠨᠠᠶᠢᠷᠠᠭᠴᠢ ᠶᠢᠨ ᠨᠡᠷ᠎ᠡ ᠢᠯᠡᠷᠡᠪᠡ ︔ ᠨᠢᠦ * ᠭᠤᠸᠠᠩ ᠂ 2025 ᠣᠨ ᠤ 5 ᠳ᠋ᠤᠭᠠᠷ ᠰᠠᠷ᠎ᠠ ᠶᠢᠨ 28 ᠤ ᠡᠳᠦᠷ ᠲᠦᠩᠯᠢᠶᠣᠤ ᠶᠢᠨ ᠽᠧ ᠴᠢᠶᠠᠩ ᠡᠮ ᠤᠨ ᠲᠣᠮᠣ ᠳᠡᠯᠭᠡᠭᠦᠷ ᠤᠨ ᠬᠡᠯᠬᠢᠶᠡᠵᠢᠭᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠬᠤᠲᠠ ᠬᠤᠲᠠ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠂ ᠲᠦᠴᠢᠦᠸᠠᠨ ᠰᠢᠶᠠᠨ ᠤ 20 ᠳᠡᠯᠭᠡᠭᠦᠷ ᠤᠨ ᠳ᠋ᠦᠩᠨᠡᠨ ᠪᠣᠳᠤᠯᠲᠠ ᠶᠢᠨ ᠮᠡᠳᠡᠭᠡ ᠵᠠᠩᠭᠢ ᠳᠤ ᠲᠣᠰ ᠡᠮ ᠨᠠᠶᠢᠷᠠᠭᠴᠢ ᠶᠢᠨ ᠨᠡᠷ᠎ᠡ ᠢᠯᠡᠷᠡᠪᠡ︔ ᠰ᠊ ** ᠸᠠ ᠂ 2025 ᠣᠨ ᠤ 5 ᠳ᠋ᠤᠭᠠᠷ ᠰᠠᠷ᠎ᠠ ᠶᠢᠨ 7 ᠤ ᠡᠳᠦᠷ ᠲᠦᠩᠯᠢᠶᠣᠤ ᠶᠢᠨ ᠯᠢ ᠴᠢᠶᠦ᠋ᠨ ᠡᠮ ᠤᠨ ᠲᠣᠮᠣ ᠳᠡᠯᠭᠡᠭᠦᠷ ᠤᠨ ᠬᠡᠯᠬᠢᠶᠡᠵᠢᠭᠰᠡᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ 20 ᠳᠡᠯᠭᠡᠭᠦᠷ ᠤᠨ ᠳ᠋ᠦᠩᠨᠡᠨ ᠪᠣᠳᠤᠯᠲᠠ ᠶᠢᠨ ᠮᠡᠳᠡᠭᠡ ᠵᠠᠩᠭᠢ ᠳᠤ ᠲᠣᠰ ᠡᠮ ᠨᠠᠶᠢᠷᠠᠭᠴᠢ ᠶᠢᠨ ᠨᠡᠷ᠎ᠡ ᠢᠯᠡᠷᠡᠪᠡ ᠃  ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠪᠠᠶᠢᠴᠠᠭᠠᠵᠤ ᠂ ᠳᠠᠭᠠᠳᠬᠠᠯ ᠳᠤ ᠣᠷᠣᠯᠴᠠᠭᠰᠠᠳ ᠤᠨ ᠡᠮ ᠤᠨ ᠬᠡᠷᠡᠭᠯᠡᠯᠲᠡ ᠶᠢᠨ ᠠᠮᠤᠷ ᠲᠦᠪᠰᠢᠨ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠲᠤᠯᠠᠵᠤ ᠂ ᠳᠠᠩᠰᠠᠯᠠᠭᠤᠯᠤᠭᠰᠠᠨ ᠡᠮ ᠨᠠᠶᠢᠷᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ ᠂ ᠬᠠᠮᠢᠶ᠎ᠠ ᠪᠦᠬᠦᠢ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠢᠴᠢ ᠡᠮ ᠨᠠᠶᠢᠷᠠᠭᠴᠢ ᠂ ᠬᠠᠮᠢᠶ᠎ᠠ ᠪᠦᠬᠦᠢ ᠭᠠᠵᠠᠷ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠴᠠᠭ ᠲᠤᠬᠠᠶ ᠳᠤ ᠨᠢ ᠬᠠᠮᠵᠢᠯᠴᠠᠨ ᠳᠣᠤᠷᠠᠬᠢ ᠠᠵᠢᠯ ᠤᠳ ᠢ ᠥᠷᠨᠢᠭᠦᠯᠬᠦ ᠬᠡᠷᠡᠭᠲᠡᠶ ᠃  1. ᠬᠠᠮᠢᠶ᠎ᠠ ᠪᠥᠬᠦᠶ ᠡᠮ ᠨᠠᠶᠢᠷᠠᠭᠴᠢ ᠳᠠᠷᠤᠶ ᠲᠦᠷᠭᠡᠨ ᠥᠪᠡᠷ ᠤᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ ᠂ ᠬᠡᠷᠪᠡ ᠪᠠᠶᠢᠳᠠᠯ ᠢ ᠮᠡᠳᠡᠬᠦ ᠥᠬᠡᠶ ᠪᠠᠶᠢᠳᠠᠯ ᠳᠣᠤᠷ᠎ᠠ ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠭᠤᠷᠮᠠᠭ ᠮᠡᠳᠡᠭᠡ ᠵᠠᠩᠭᠢ ᠪᠤᠶᠤ ︽ᠦᠨᠡᠮᠯᠡᠯ ᠡᠯᠭᠦᠬᠦ︾ ᠳᠤ ᠬᠦᠷᠪᠡᠯ ᠂ ᠬᠠᠮᠢᠶ᠎ᠠ ᠪᠥᠬᠦᠶ ᠮᠠᠲ᠋ᠧᠷᠢᠶᠠᠯ ᠢ ᠴᠠᠭ ᠲᠤᠬᠠᠶ ᠳᠤ ᠨᠢ ᠴᠤᠭᠯᠠᠭᠤᠯᠵᠤ ᠂ ᠲᠤᠬᠠᠶ ᠶᠢᠨ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠪᠠᠶᠢᠳᠠᠯ ᠢᠶᠠᠨ ᠲᠣᠳᠣᠷᠬᠠᠶᠢᠯᠠᠬᠤ ᠬᠡᠷᠡᠭᠲᠡᠶ ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ ᠡᠷᠬᠢᠯᠡᠭᠰᠡᠨ ᠠᠵᠢᠯ ᠤᠨ ᠶᠣᠰᠣ ᠮᠣᠷᠠᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠂ ᠬᠠᠤᠯᠢ ᠶᠣᠰᠣᠭᠠᠷ ᠠᠵᠢᠯ ᠡᠷᠬᠢᠯᠡᠨ ᠂ ᠨᠡᠷ᠎ᠡ ᠬᠦᠨᠳᠦ ᠶᠢ ᠨᠠᠨᠳᠢᠩᠨᠠᠵᠤ ᠂ ︽ᠦᠨᠡᠮᠯᠡᠯ ᠡᠯᠭᠦᠬᠦ ︾ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ ᠃  2. ᠬᠠᠮᠢᠶ᠎ᠠ ᠪᠥᠬᠦᠶ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠲᠣᠰ ᠨᠢᠭᠡᠴᠢ ᠶᠢᠨ ᠢᠶᠠᠨ ᠡᠮ ᠨᠠᠶᠢᠷᠠᠭᠴᠢ ᠶᠢᠨ ᠲᠣᠬᠢᠷᠠᠭᠤᠯᠤᠯᠲᠠ ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠬᠤ ᠬᠡᠷᠡᠭᠲᠡᠶ ᠃ ᠣᠷᠣᠰᠢᠵᠤ ᠪᠠᠶᠢᠭ᠎ᠠ ᠠᠰᠠᠭᠤᠳᠠᠯ ᠳᠤ ᠦᠨᠡᠨ ᠬᠦ ᠶᠠᠪᠤᠭᠳᠠᠭᠤᠰᠢᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠪᠠ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠵᠤ ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠳᠤ ᠡᠮ ᠨᠠᠶᠢᠷᠠᠭᠴᠢ ᠶᠢᠨ ᠮᠡᠳᠡᠭᠡ ᠵᠠᠩᠭᠢ ᠶᠢ ᠬᠥᠳᠡᠯᠦᠩᠭᠦᠶ ᠬᠠᠮᠠᠭᠠᠯᠠᠯᠲᠠ ᠶᠢ ᠴᠢᠩᠭᠠᠳᠬᠠᠵᠤ ᠂ ᠡᠮ ᠨᠠᠶᠢᠷᠠᠭᠴᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠵᠢᠷᠤᠮᠵᠢᠭᠤᠯᠤᠨ ᠂ ᠠᠰᠠᠭᠤᠳᠠᠯ ᠢ ᠴᠠᠭ ᠲᠤᠬᠠᠶ ᠳᠤ ᠨᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠃  3. ᠬᠠᠮᠢᠶ᠎ᠠ ᠪᠥᠬᠦᠶ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠬᠦ ᠣᠷᠣᠨ ᠤ ᠳᠣᠲᠣᠷ᠎ᠠ ᠣᠷᠤᠰᠢᠵᠤ ᠮᠡᠳᠡᠬᠦ ᠡᠮ ᠨᠠᠶᠢᠷᠠᠭᠴᠢ ᠬᠤᠳᠠᠯ ᠬᠠᠭᠤᠷᠮᠠᠭ ᠪᠤᠶᠤ ︽ᠦᠨᠡᠮᠯᠡᠯ ᠡᠯᠭᠦᠬᠦ︾ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠬᠢᠨᠠᠮᠠᠭᠠᠶ ᠬᠢᠨᠠᠨ ᠪᠠᠶᠢᠴᠠᠭᠠᠯᠲᠠ ᠬᠢᠬᠦ ᠬᠡᠷᠡᠭᠲᠡᠶ ᠃ ᠬᠠᠷᠭᠤᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ ᠬᠡᠷᠡᠭᠲᠡᠶ ᠃ ᠡᠮ ᠨᠠᠶᠢᠷᠠᠭᠴᠢ ᠬᠤᠳᠠᠯ ᠬᠠᠭᠤᠷᠮᠠᠭ ᠪᠤᠶᠤ ︽ᠦᠨᠡᠮᠯᠡᠯ ᠡᠯᠭᠦᠬᠦ︾ ᠪᠤᠶᠤ ᠲᠣᠭᠲᠠᠭᠠᠯ ᠶᠣᠰᠣᠭᠠᠷ ᠡᠮ ᠤᠨ ᠤᠬᠠᠭᠠᠨ ᠤ ᠦᠢᠯᠡᠴᠢᠯᠡᠭᠡ ᠬᠠᠩᠭᠠᠭᠰᠠᠨ ᠦᠭᠡᠢ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠪᠠᠶᠢᠴᠠᠭᠠᠨ ᠳᠣᠲᠣᠯᠠᠵᠤ ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠣᠯᠵᠣᠨ ᠶᠠᠷᠢᠯᠴᠠᠬᠤ ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠢ ᠲᠦᠷ ᠵᠣᠭᠰᠣᠭᠠᠬᠤ ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠬᠡᠯᠡᠯᠴᠡᠭᠡᠷ ᠢ ᠬᠦᠴᠦᠨ ᠦᠭᠡᠢ ᠪᠣᠯᠭᠠᠬᠤ ᠵᠡᠷᠭᠡ ᠶᠢ ᠰᠢᠢᠳᠪᠦᠷᠢᠯᠡᠨ᠎ᠡ︔ ᠡᠮ ᠤᠨ ᠵᠦᠢᠯ ᠤᠨ ᠡᠵᠡᠩᠨᠡᠯᠲᠡ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ ᠳᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ︔ ᠬᠠᠤᠯᠢ ᠠᠴᠠ ᠵᠥᠷᠢᠴᠡᠭᠰᠡᠨ ᠶᠠᠯ᠎ᠠ ᠬᠢᠬᠦ ᠳᠤ ᠬᠤᠯᠪᠣᠭᠳᠠᠭᠰᠠᠨ ᠪᠠᠶᠢᠪᠠᠯ ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号