ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠴᠢᠶᠠᠩ | ︵ 2025 ᠣᠨ ᠤ 5 ᠳ᠋ᠤᠭᠠᠷ ᠰᠠᠷ᠎ᠠ ᠶᠢᠨ 27 ᠤ ᠡᠳᠦᠷ᠂ ᠺᠦᠸᠠᠯᠠ ᠯᠦᠮᠫᠦ᠋ᠷ ︶ | ᠬᠦᠨᠳᠦᠲᠦ ᠠᠨᠸᠠᠷ ᠶᠡᠷᠦᠩᠬᠡᠢ ᠰᠠᠶᠢᠳ᠂ | ᠡᠷᠬᠢᠮ ᠵᠣᠴᠢᠳ᠂ ᠠᠵᠤ ᠠᠬᠤᠶᠢᠯᠠᠯᠲᠠᠳ᠂ ᠠᠪᠠᠭ᠋ᠠᠢ ᠨᠠᠷ᠂ ᠠᠪᠤᠭᠠᠢ ᠨᠠᠷ ᠠ᠋ ᠄ | ᠲᠠ ᠪᠥᠬᠦᠨ ᠲᠠᠢ ᠺᠦᠸᠠᠯᠠ ᠯᠦᠮᠫᠦ᠋ᠷ ᠲᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ — | ᠳᠤᠮᠳᠠᠳᠤ ᠤᠯᠤᠰ — ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠭᠤᠷᠪᠠᠨ | ᠲᠠᠯ᠎ᠠ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠳᠤ ᠪᠠᠨ ᠮᠠᠰᠢ | ᠪᠠᠶᠠᠷᠲᠠᠢ ᠪᠠᠶᠢᠨ᠎ᠠ᠃ | ᠥᠨᠥᠳᠥᠷ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ — ᠳᠤᠮᠳᠠᠳᠤ ᠤᠯᠤᠰ — ᠲᠠᠯᠠᠢ ᠶᠢᠨ | ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠲᠦᠷᠦᠭᠦᠴᠦᠳ ᠤᠨ ᠬᠤᠷᠠᠯ ᠠᠮᠵᠢᠯᠲᠠ ᠲᠠᠢ | ᠬᠤᠷᠠᠯᠳᠤᠵᠤ᠂ ᠭᠤᠷᠪᠠᠨ ᠲᠠᠯ᠎ᠠ ᠶᠢᠨ ᠬᠠᠨᠢᠲᠠᠨ ᠤ ᠬᠠᠷᠢᠴᠠᠭ᠎ᠠ ᠶᠢ ᠴᠢᠩᠭᠠᠳᠬᠠᠬᠤ ᠶᠢ ᠵᠥᠪᠰᠢᠶᠡᠷᠡᠵᠦ᠂ ᠭᠤᠷᠪᠠᠨ | ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ ᠬᠤᠷᠠᠯ ᠳᠡᠭᠡᠷ᠎ᠡ᠂ ᠡᠯ᠎ᠡ ᠤᠯᠤᠰ ᠤᠨ ᠤᠳᠤᠷᠢᠳᠬᠤ | ᠬᠥᠮᠥᠰ ︽ᠠᠵᠠ ᠲᠣᠬᠢᠶᠠᠯ ᠢ ᠬᠠᠮᠲᠤ ᠪᠠᠷ ᠡᠭᠦᠳᠴᠦ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠶ᠎ᠡ︾ ᠭᠡᠬᠦ ᠭᠤᠣᠯ | ᠰᠡᠳᠦᠪ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠪᠠ᠃ ᠣᠳᠣᠬᠠᠨ ᠳᠠᠬᠢ ᠪᠦᠬᠦ ᠪᠥᠮᠪᠥᠷᠴᠡᠭ ᠤᠨ ᠤᠯᠤᠰ | ᠲᠦᠷᠦ ᠠᠵᠤ ᠠᠬᠤᠢ ᠶᠢᠨ ᠲᠥᠯᠥᠪ ᠪᠠᠶᠢᠳᠠᠯ ᠳᠤ ᠶᠠᠭ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠭᠠᠷᠴᠤ᠂ ᠡᠯ᠎ᠡ | ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠠᠮᠲᠤ ᠶᠢᠨ ᠬᠠᠲᠠᠭᠤ ᠰᠢᠯᠭᠠᠯᠲᠠ ᠢᠯᠡᠳᠲᠡ ᠨᠡᠮᠡᠭᠳᠡᠵᠦ᠂ | ᠬᠥᠭᠵᠢᠯᠲᠡ ᠶᠢᠨ ᠠᠵᠠ ᠲᠣᠬᠢᠶᠠᠯ ᠤᠯᠠᠮ ᠢᠶᠠᠷ ᠬᠤᠪᠣᠷ ᠨᠠᠨᠳᠢᠨ ᠪᠣᠯᠵᠤ᠂ ᠬᠠᠮᠲᠤᠷᠠᠯᠴᠠᠭ᠎ᠠ ᠪᠠᠨ ᠴᠢᠩᠭᠠᠳᠬᠠᠬᠤ ᠨᠢ ᠨᠡᠩ | ᠲᠤᠯᠭᠠᠮ᠎ᠠ ᠪᠣᠯᠵᠤ᠂ ᠨᠡᠩ ᠬᠤᠯᠠ ᠶᠢᠨ ᠬᠠᠷᠠᠴᠠ ᠲᠠᠢ ᠪᠠᠶᠢᠬᠤ ᠶᠢ ᠱᠠᠭᠠᠷᠳᠠᠵᠤ ᠪᠠᠶᠢᠨ᠎ᠠ ᠭᠡᠵᠦ ᠣᠯᠠᠨ ᠢᠶᠠᠷ ᠢᠶᠠᠨ | ᠦᠵᠡᠵᠡᠭᠡᠵᠦ ᠪᠤᠢ᠃ ᠢᠩᠭᠢᠵᠦ ᠭᠦᠨᠵᠡᠭᠡᠢ ᠰᠤᠳᠤᠯᠤᠨ ᠶᠠᠷᠢᠯᠴᠠᠬᠤ ᠨᠢ ᠮᠠᠰᠢ ᠤᠳᠬ᠎ᠠ ᠠᠭᠤᠯᠭ᠎ᠠ ᠲᠠᠢ᠂ ᠲᠡᠭᠦᠨ ᠢ ᠪᠠᠨ | ᠦᠢᠯᠡᠳᠪᠦᠷᠢ ᠬᠤᠳᠠᠯᠳᠤᠭᠠᠨ ᠤ ᠡᠲᠡᠭᠡᠳ ᠢ ᠪᠠᠭᠲᠠᠭᠠᠭᠰᠠᠨ ᠡᠯ᠎ᠡ ᠲᠠᠯ᠎ᠠ ᠳᠤ ᠬᠦᠷᠲᠡᠯ᠎ᠡ ᠥᠷᠭᠡᠳᠬᠡᠵᠦ᠂ ᠡᠭᠦᠨ ᠤ | ᠤᠯᠠᠮ ᠠᠴᠠ ᠨᠡᠩ ᠶᠡᠭᠡ ᠬᠡᠪᠴᠢᠶᠡᠨ ᠳᠤ ᠤᠶᠤᠨ ᠤᠬᠠᠭᠠᠨ ᠪᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠪᠠᠯ ᠵᠣᠬᠢᠨ᠎ᠠ | ᠭᠡᠵᠦ ᠪᠢ ᠪᠤᠳᠤᠵᠦ ᠪᠠᠶᠢᠨ᠎ᠠ᠃ ᠡᠨᠡ ᠲᠠᠰᠢᠷᠠᠮ ᠢᠶᠠᠷ ᠲᠠ ᠨᠠᠷ ᠤᠯᠠᠨ ᠲᠠᠢ ᠭᠤᠷᠪᠠᠨ ᠲᠠᠯ᠎ᠠ ᠶᠢᠨ ᠦᠵᠡᠯᠲᠡ ᠪᠠᠨ | ᠳᠤᠷᠠᠲᠠᠶ᠎ᠠ ᠬᠤᠪᠢᠶᠠᠯᠴᠠᠶ᠎ᠠ᠃ | ᠨᠢᠭᠡᠳᠦᠭᠡᠷ ᠲᠤ᠂ ᠣᠳᠣᠬᠠᠨ ᠤ ᠴᠠᠭ ᠤᠨ ᠪᠠᠶᠢᠳᠠᠯ ᠳᠣᠣᠷ᠎ᠠ᠂ ᠪᠢᠳᠡ ᠬᠠᠲᠠᠭᠤ ᠰᠢᠯᠭᠠᠯᠲᠠ ᠶᠢ ᠬᠠᠮᠲᠤ ᠪᠠᠷ | ᠠᠷᠭᠠᠴᠠᠭᠠᠵᠤ ᠴᠢᠳᠠᠭᠰᠠᠨ ᠨᠢ ᠳᠠᠷᠤᠢ ᠠᠵᠠ ᠲᠣᠬᠢᠶᠠᠯ ᠢ ᠡᠭᠦᠳᠴᠦ ᠪᠠᠶᠢᠭ᠎ᠠ ᠶᠠᠪᠤᠳᠠᠯ ᠮᠥᠨ᠃ ᠣᠳᠣᠬᠠᠨ ᠳᠤ᠂ ᠠᠵᠤ | ᠠᠬᠤᠢ ᠶᠢᠨ ᠳᠡᠯᠡᠬᠡᠶᠢᠵᠢᠯᠲᠡ ᠶᠠᠭ ᠤᠷᠢᠳᠤ ᠡᠮᠦᠨ᠎ᠡ ᠪᠠᠶᠢᠭ᠎ᠠ ᠦᠭᠡᠢ ᠴᠢᠬᠤᠯᠠ ᠶᠡᠭᠡ ᠳᠠᠭᠠᠷᠢᠯᠲᠠ ᠶᠢ ᠥᠩᠭᠡᠷᠡᠭᠡᠵᠦ᠂ | ᠡᠩᠬᠡ ᠲᠠᠶᠢᠪᠤᠩ ᠬᠥᠭᠵᠢᠯᠲᠡ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠵᠡᠷᠭᠡ ᠤᠷᠳᠤ ᠬᠤᠭᠤᠴᠠᠭ᠎ᠠ ᠪᠠᠷ | ᠪᠠᠷᠢᠮᠲᠠᠯᠠᠭᠰᠠᠭᠠᠷ ᠢᠷᠡᠭᠰᠡᠨ ᠦᠷᠳᠡᠭ ᠤᠨ ᠣᠨᠣᠯᠵᠢᠬᠤᠨ ᠬᠦᠨᠳᠦ ᠪᠡᠷᠬᠡ ᠬᠠᠲᠠᠭᠤ ᠰᠢᠯᠭᠠᠯᠲᠠ ᠳᠤ ᠤᠴᠠᠷᠠᠵᠤ ᠪᠠᠶᠢᠨ᠎ᠠ᠃ | ᠪᠢᠳᠡ ᠡᠳᠡᠭᠡᠷ ᠠᠰᠠᠭᠤᠳᠠᠯ ᠢ ᠬᠠᠮᠲᠤ ᠪᠠᠷ ᠰᠠᠶᠢᠲᠤᠷ ᠠᠷᠭᠠᠴᠠᠭᠠᠬᠤ ᠨᠢ ᠭᠤᠷᠪᠠᠨ ᠲᠠᠯ᠎ᠠ ᠶᠢᠨ ᠤᠯᠤᠰ ᠤᠳ ᠲᠤ ᠴᠢᠬᠤᠯᠠ | ᠠᠵᠠ ᠲᠣᠬᠢᠶᠠᠯ ᠠᠪᠴᠢᠷᠠᠬᠤ ᠪᠣᠯᠣᠨ᠎ᠠ᠃ ᠭᠠᠵᠠᠷ ᠣᠷᠣᠨ ᠤ ᠮᠥᠷᠭᠦᠯᠳᠦᠭᠡᠨ ᠪᠠ ᠡᠰᠡᠷᠭᠦᠴᠡᠯᠳᠦᠯ ᠬᠤᠷᠴᠠᠳᠴᠤ ᠪᠠᠶᠢᠭ᠎ᠠ | ᠪᠠᠶᠢᠳᠠᠯ ᠤᠨ ᠡᠮᠦᠨ᠎ᠡ ᠪᠢᠳᠡ ᠢᠲᠡᠭᠡᠯᠴᠡᠭᠡ ᠪᠠᠨ ᠭᠦᠨᠵᠡᠭᠡᠶᠢᠷᠡᠭᠦᠯᠦᠨ᠂ ᠪᠦᠯᠬᠦᠮᠳᠡᠯ ᠢᠶᠠᠨ ᠴᠢᠩᠭᠠᠳᠬᠠᠪᠠᠯ ᠰᠠᠶ᠋ᠢ ᠠᠯᠤᠰ ᠤᠨ | ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠡᠭᠦᠳᠴᠦ ᠴᠢᠳᠠᠬᠤ ᠶᠤᠮ᠃ ᠥᠩᠭᠡᠷᠡᠭᠰᠡᠨ ᠬᠡᠳᠦᠨ ᠠᠷᠪᠠᠨ ᠵᠢᠯ ᠤᠨ | ᠠᠽᠢᠶ᠎ᠠ ᠲᠢᠪ ᠤᠨ ᠲᠦᠷᠭᠡᠨ ᠬᠥᠭᠵᠢᠯᠲᠡ ᠶᠢᠨ ᠥᠩᠭᠡᠷᠡᠯᠲᠡ ᠨᠢ ᠪᠦᠯᠬᠦᠮᠳᠡᠨ ᠢᠲᠡᠭᠡᠯᠴᠡᠬᠦ ᠪᠠ ᠡᠩᠬᠡ ᠲᠣᠭᠲᠠᠭᠤᠨ | ᠪᠠᠶᠢᠪᠠᠯ ᠰᠠᠶ᠋ᠢ ᠬᠥᠭᠵᠢᠯ ᠴᠡᠴᠡᠭᠯᠡᠯ ᠢ ᠠᠪᠴᠢᠷᠠᠵᠤ ᠴᠢᠳᠠᠨ᠎ᠠ ᠭᠡᠳᠡᠭ ᠢ ᠭᠦᠨᠵᠡᠭᠡᠢ ᠬᠠᠷᠠᠭᠤᠯᠤᠭᠰᠠᠨ ᠪᠠᠶᠢᠨ᠎ᠠ᠃ ᠡᠯ᠎ᠡ | ᠤᠯᠤᠰ ᠪᠣᠯ ᠬᠤᠪᠢ ᠵᠠᠶᠠᠭ᠎ᠠ ᠪᠠᠨ ᠬᠤᠯᠪᠣᠭᠰᠠᠨ ᠪᠦᠬᠦᠯᠢ ᠴᠣᠭᠴᠠ ᠮᠥᠨ᠂ ᠬᠡᠷᠪᠡ ᠢᠲᠡᠭᠡᠯᠴᠡᠭᠡ ᠳᠤᠲᠠᠭᠳᠠᠪᠠᠯ ᠵᠥᠷᠢᠴᠡᠯ | ᠡᠭᠦᠰᠦᠨ ᠶᠡᠬᠡᠰᠴᠦ᠂ ᠬᠠᠮᠲᠤᠷᠠᠯᠴᠠᠭ᠎ᠠ ᠬᠢᠬᠦ ᠶᠢᠨ ᠠᠷᠭ᠎ᠠ ᠦᠭᠡᠢ ᠪᠣᠯᠣᠨ᠎ᠠ︔ ᠪᠦᠯᠬᠦᠮᠳᠡᠨ ᠢᠲᠡᠭᠡᠯᠴᠡᠬᠦ ᠪᠠᠨ | ᠴᠢᠩᠭᠠᠳᠬᠠᠪᠠᠯ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠠᠷᠢᠯᠴᠠᠨ ᠳᠡᠮᠵᠢᠵᠦ᠂ ᠨᠡᠩ ᠶᠡᠭᠡ ᠬᠡᠪᠴᠢᠶᠡᠨ ᠤ᠂ ᠨᠡᠩ | ᠦᠷᠭᠦᠯᠵᠢᠯᠡᠬᠦᠶᠢᠴᠡ ᠥᠨᠳᠥᠷ ᠲᠦᠪᠰᠢᠨᠲᠦ ᠠᠵᠤ ᠠᠬᠤᠢ ᠶᠢᠨ ᠬᠠᠮᠲᠤᠷᠠᠯᠴᠠᠭ᠎ᠠ ᠶᠢ ᠪᠤᠢ ᠪᠣᠯᠭᠠᠵᠤ᠂ ᠤᠷᠳᠤ | ᠬᠤᠭᠤᠴᠠᠭᠠᠨ ᠤ ᠲᠣᠭᠲᠠᠭᠤᠨ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠬᠠᠮᠠᠭᠠᠯᠠᠬᠤ ᠦᠵᠡᠯ ᠪᠠ ᠭᠠᠭᠴᠠ ᠲᠠᠯᠠᠲᠤ | ᠦᠵᠡᠯ ᠴᠣᠬᠤᠶᠢᠨ ᠥᠨᠳᠡᠶᠢᠵᠦ ᠪᠠᠶᠢᠭ᠎ᠠ ᠦᠶ᠎ᠡ ᠳᠤ ᠪᠢᠳᠡ ᠨᠡᠭᠡᠭᠡᠯᠲᠡ ᠶᠢ ᠥᠷᠭᠡᠳᠬᠡᠬᠦ᠂ ᠬᠤᠷᠢᠭ᠎ᠠ ᠶᠢ ᠠᠷᠢᠯᠭᠠᠬᠤ ᠶᠢ | ᠪᠠᠷᠢᠮᠲᠠᠯᠠᠪᠠᠯ ᠰᠠᠶ᠋ᠢ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠡᠭᠦᠳᠴᠦ ᠴᠢᠳᠠᠨ᠎ᠠ᠃ ᠭᠤᠷᠪᠠᠨ | ᠲᠠᠯ᠎ᠠ ᠶᠢᠨ ᠤᠯᠤᠰ ᠤᠳ ᠪᠣᠯ ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ ᠬᠦᠷᠳᠡᠭᠴᠢ ᠮᠥᠨ᠂ ᠳᠡᠯᠡᠬᠡᠢ ᠶᠢᠨ | ᠵᠠᠬ᠎ᠠ ᠳᠡᠯᠭᠡᠭᠦᠷ ᠲᠤ ᠠᠭᠤᠰᠤᠯᠴᠠᠬᠤ ᠶᠠᠪᠤᠴᠠ ᠳᠤ ᠬᠥᠭᠵᠢᠯᠲᠡ ᠶᠢᠨ ᠮᠠᠰᠢ ᠶᠡᠭᠡ ᠠᠵᠠ ᠲᠣᠬᠢᠶᠠᠯ ᠢ ᠣᠯᠪᠠ ᠃ ᠭᠤᠷᠪᠠᠨ | ᠲᠠᠯ᠎ᠠ ᠶᠢᠨ ᠵᠠᠬ᠎ᠠ ᠳᠡᠯᠭᠡᠭᠦᠷ ᠤᠨ ᠬᠤᠯᠪᠣᠯᠳᠤᠨ ᠨᠡᠪᠲᠡᠷᠡᠯᠴᠡᠬᠦ ᠨᠢ ᠪᠦᠬᠦ ᠪᠥᠮᠪᠥᠷᠴᠡᠭ ᠲᠠᠬᠢ ᠬᠡᠪᠴᠢᠶ᠎ᠡ ᠪᠠᠷ ᠬᠠᠮᠤᠭ ᠤᠨ | ᠶᠡᠭᠡ ᠣᠷᠣᠨ ᠪᠦᠰᠡ ᠶᠢᠨ ᠵᠠᠬ᠎ᠠ ᠳᠡᠯᠭᠡᠭᠦᠷ ᠤᠨ ᠨᠢᠭᠡ ᠶᠢ ᠪᠦᠷᠢᠯᠳᠦᠭᠦᠯᠵᠦ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ | ᠪᠠᠳᠠᠷᠠᠭᠤᠯᠵᠤ᠂ ᠡᠯ᠎ᠡ ᠤᠯᠤᠰ ᠤᠨ ᠲᠣᠮᠣ ᠵᠠᠬ᠎ᠠ ᠳᠡᠯᠭᠡᠭᠦᠷ ᠢ ᠬᠠᠮᠲᠤ ᠪᠠᠷ ᠪᠠᠶᠢᠭᠤᠯᠬᠤ ᠶᠠᠪᠤᠴᠠ ᠳᠤ ᠪᠠᠨ ᠨᠡᠩ ᠡᠯᠪᠡᠭ | ᠠᠰᠢᠭ ᠲᠤᠰᠠ ᠶᠢ ᠬᠠᠮᠲᠤ ᠪᠠᠷ ᠡᠳ᠋ᠯᠡᠬᠦ ᠪᠣᠯᠣᠨ᠎ᠠ ᠃ ︽ᠬᠠᠷᠢᠴᠠᠭ᠎ᠠ ᠪᠠᠨ ᠰᠠᠯᠭᠠᠵᠤ ᠬᠡᠯᠬᠢᠶ᠎ᠡ ᠪᠠᠨ ᠲᠠᠰᠤᠯᠬᠤ︾ ᠪᠠ ︽ | ᠬᠡᠷᠡᠮ ᠪᠣᠰᠬᠠᠨ ᠬᠤᠷᠢᠭ᠎ᠠ ᠪᠠᠶᠢᠭᠤᠯᠬᠤ ︾ ᠪᠠᠶᠢᠳᠠᠯ ᠣᠯᠠᠰᠢᠷᠠᠭᠰᠠᠨ ᠪᠠᠶᠢᠳᠠᠯ ᠤᠨ ᠡᠮᠦᠨ᠎ᠡ ᠪᠢᠳᠡ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠂ ᠬᠠᠷᠢᠯᠴᠠᠨ ᠡᠷᠴᠢᠮᠵᠢᠭᠦᠯᠬᠦ ᠶᠢ ᠪᠠᠷᠢᠮᠲᠠᠯᠠᠪᠠᠯ ᠰᠠᠶ᠋ᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ | ᠠᠵᠠ ᠲᠣᠬᠢᠶᠠᠯ ᠢ ᠡᠭᠦᠳᠴᠦ ᠴᠢᠳᠠᠨ᠎ᠠ᠃ ᠡᠯ᠎ᠡ ᠤᠯᠤᠰ ᠤᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ | ᠪᠦᠲᠦᠴᠡ ᠨᠢ ᠪᠦᠷ ᠠᠳᠠᠯᠢ ᠪᠤᠰᠤ ᠪᠠᠶᠢᠳᠠᠭ᠃ ᠤᠯᠠᠨ ᠤᠯᠤᠰ ᠤᠨ ᠠᠵᠤ ᠦᠢᠯᠡᠰ ᠤᠨ ᠬᠠᠮᠲᠤᠷᠠᠯᠴᠠᠭ᠎ᠠ ᠳᠤ ᠢᠳᠡᠪᠬᠢᠲᠡᠢ | ᠣᠷᠣᠯᠴᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠷ ᠢᠶᠠᠨ ᠪᠤᠰᠤᠳ ᠤᠯᠤᠰ ᠢ ᠡᠷᠴᠢᠮᠵᠢᠭᠦᠯᠵᠦ ᠂ ᠪᠤᠰᠤᠳ ᠤᠯᠤᠰ ᠤᠨ | ᠳᠠᠪᠠᠭᠤᠯᠢᠭ ᠢᠶᠠᠷ ᠥᠪᠡᠷ ᠢ ᠪᠠᠨ ᠬᠥᠭᠵᠢᠭᠦᠯᠪᠡᠯ᠂ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ | ᠡᠯ᠎ᠡ ᠤᠯᠤᠰ ᠤᠨ ᠠᠵᠤ ᠦᠢᠯᠡᠰ ᠤᠨ ᠦᠢᠯᠡᠳᠦᠯ ᠴᠢᠳᠠᠪᠤᠷᠢ ᠪᠠ ᠦᠷᠭᠦᠯᠵᠢᠯᠡᠬᠦᠶᠢᠴᠡ ᠬᠥᠭᠵᠢᠯᠲᠡ ᠶᠢᠨ ᠬᠥᠳᠡᠯᠭᠡᠭᠴᠢ | ᠬᠦᠴᠦᠨ ᠢ ᠨᠡᠮᠡᠭᠳᠡᠭᠦᠯᠵᠦ ᠴᠢᠳᠠᠨ᠎ᠠ᠃ | ᠬᠤᠶᠠᠳᠤᠭᠠᠷ ᠲᠤ᠂ ᠳᠤᠮᠳᠠᠳᠤ ᠤᠯᠤᠰ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ | ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠤᠳ ᠤᠨ ᠨᠥᠬᠦᠷᠰᠡᠭ | ᠬᠠᠮᠲᠤᠷᠠᠯᠴᠠᠭ᠎ᠠ ᠥᠨᠢ ᠤᠳᠠᠭᠠᠨ ᠲᠡᠦᠬᠡ ᠲᠠᠢ ᠪᠠᠶᠢᠵᠤ᠂ ᠨᠡᠩ ᠰᠠᠶᠢᠨ ᠢᠷᠡᠭᠡᠳᠦᠢ ᠲᠠᠢ ᠪᠣᠯᠬᠤ ᠪᠣᠯᠣᠨ᠎ᠠ ᠃ 2000 | ᠭᠠᠷᠤᠢ ᠵᠢᠯ ᠤᠨ ᠡᠮᠦᠨ᠎ᠡ ᠳᠤᠮᠳᠠᠳᠤ ᠤᠯᠤᠰ ᠤᠨ ᠠᠩᠬᠠᠳᠠᠭᠴᠢ ᠲᠡᠮᠡᠭᠡᠨ ᠵᠢᠩ ᠳᠤᠮᠳᠠᠳᠤ ᠳᠣᠷᠣᠨᠠᠲᠤ ᠳᠤ ᠬᠦᠷᠴᠦ᠂ | ᠠᠩᠬᠠᠳᠠᠭᠴᠢ ᠣᠩᠭᠤᠴᠠᠨ ᠠᠩᠭᠢ ᠡᠮᠦᠨᠡᠲᠦ ᠲᠠᠯᠠᠢ ᠳᠠᠭᠠᠤ ᠣᠷᠣᠨ ᠳᠤ ᠬᠦᠷᠦᠭᠰᠡᠨ ᠠᠴᠠ ᠡᠬᠢᠯᠡᠨ᠂ ᠭᠤᠷᠪᠠᠨ ᠲᠠᠯ᠎ᠠ ᠶᠢᠨ | ᠤᠯᠤᠰ ᠤᠳ ᠤᠨ ᠠᠵᠤ ᠠᠬᠤᠢ ᠠᠷᠠᠯᠵᠢᠶ᠎ᠠ ᠪᠠ ᠬᠥᠮᠥᠨ ᠰᠣᠶᠣᠯ ᠤᠨ ᠶᠠᠪᠤᠯᠴᠠᠭ᠎ᠠ 20 ᠭᠠᠷᠤᠢ ᠵᠠᠭᠤᠨ ᠢ ᠳᠠᠪᠠᠵᠤ᠂ | ᠢᠮᠠᠭᠲᠠ ᠲᠠᠰᠤᠷᠠᠯᠳᠡ ᠦᠭᠡᠢ ᠦᠷᠭᠦᠯᠵᠢᠯᠡᠵᠦ᠂ ᠶᠠᠪᠤᠬᠤ ᠳᠤᠳᠤᠮ ᠰᠢᠨᠡᠳᠴᠦ ᠢᠷᠡᠪᠡ᠃ ᠲᠡᠦᠬᠡ ᠶᠢᠨ ᠭᠦᠨ ᠵᠤᠵᠠᠭᠠᠨ | ᠥᠪ ᠤᠯᠠᠮᠵᠢᠯᠠᠯ ᠠᠴᠠ ᠦᠵᠡᠬᠦ ᠳᠤ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠯᠠᠪᠳᠠᠶ᠎ᠠ ᠦᠷᠭᠦᠯᠵᠢᠯᠡᠨ ᠭᠢᠯᠠᠯᠵᠠᠮ᠎ᠠ ᠠᠮᠵᠢᠯᠲᠠ | ᠣᠯᠬᠤ ᠶᠤᠮ ᠃ ᠪᠢᠳᠡ ᠨᠡᠩ ᠭᠦᠢᠴᠡᠳ ᠬᠥᠭᠵᠢᠯᠲᠡ ᠶᠢᠨ ᠣᠷᠣᠨ ᠵᠠᠢ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ | ᠤᠯᠤᠰ ᠤᠳ ᠤᠨ ᠶᠡᠷᠦᠩᠬᠡᠢ ᠬᠥᠮᠥᠨ ᠠᠮᠠ ᠪᠠ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢ ᠪᠦᠬᠦ ᠪᠥᠮᠪᠥᠷᠴᠡᠭ ᠤᠨ | ᠳᠥᠷᠪᠡᠨ ᠤ ᠨᠢᠭᠡ ᠶᠢ ᠡᠵᠡᠯᠡᠵᠦ ᠪᠠᠶᠢᠭ᠎ᠠ ᠪᠣᠯᠪᠠᠴᠤ᠂ ᠣᠳᠣᠬᠠᠨ ᠳᠤ ᠠᠷᠠᠯᠵᠢᠶᠠᠨ ᠤ ᠶᠡᠷᠦᠩᠬᠡᠢ ᠬᠡᠮᠵᠢᠶ᠎ᠡ ᠨᠢ ᠪᠦᠬᠦ | ᠪᠥᠮᠪᠥᠷᠴᠡᠭ ᠤᠨ ᠪᠠᠷᠤᠭ 5% ᠶᠢ ᠯᠠ ᠡᠵᠡᠯᠡᠵᠦ ᠪᠠᠶᠢᠭ᠎ᠠ ᠪᠣᠯᠬᠤᠷ ᠪᠠᠰᠠ ᠮᠠᠰᠢ ᠶᠡᠭᠡ ᠳᠠᠯᠳᠠ ᠬᠦᠴᠦᠨ ᠲᠠᠢ ᠪᠢᠯᠡ᠃ | ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠦᠷᠭᠦᠯᠵᠢᠯᠡᠨ ᠭᠦᠨᠵᠡᠭᠡᠶᠢᠷᠡᠬᠦ ᠶᠢ ᠳᠠᠭᠠᠯᠳᠤᠨ᠂ ᠠᠷᠠᠯᠵᠢᠶ᠎ᠠ ᠪᠠ ᠪᠡᠯᠡ | ᠣᠷᠣᠭᠤᠯᠤᠯᠲᠠ ᠶᠢᠨ ᠲᠠᠰᠤᠷᠠᠰᠢ ᠦᠭᠡᠢ ᠨᠡᠮᠡᠭᠳᠡᠯ ᠢ ᠪᠣᠢ ᠪᠣᠯᠭᠠᠵᠤ ᠂ ᠡᠯ᠎ᠡ ᠤᠯᠤᠰ ᠤᠨ ᠬᠥᠭᠵᠢᠯᠲᠡ ᠵᠢᠴᠢ ᠠᠵᠤ | ᠠᠬᠤᠶᠢᠯᠠᠯ ᠤᠨ ᠪᠤᠶᠢᠵᠢᠯᠲᠠ ᠶᠢ ᠬᠦᠴᠦᠲᠡᠢ ᠠᠬᠢᠭᠤᠯᠬᠤ ᠪᠣᠯᠣᠨ᠎ᠠ᠃ ᠪᠢᠳᠡ ᠨᠡᠩ ᠥᠨᠳᠥᠷ ᠬᠢᠷᠢ ᠲᠦᠪᠰᠢᠨ ᠪᠦᠬᠦᠢ | ᠠᠵᠤ ᠠᠬᠤᠢ ᠶᠢᠨ ᠦᠷ᠎ᠡ ᠠᠰᠢᠭ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ ᠤᠯᠤᠰ ᠤᠳ ᠤᠨ ᠬᠦᠴᠦᠨ ᠵᠦᠢᠯ ᠤᠨ | ᠰᠠᠭᠠᠳ ᠦᠭᠡᠢ ᠰᠢᠯᠵᠢᠯᠲᠡ ᠪᠠ ᠠᠵᠤ ᠦᠢᠯᠡᠰ ᠤᠨ ᠵᠣᠯᠭᠠᠯᠴᠠᠭ᠎ᠠ ᠬᠠᠮᠵᠢᠯᠴᠠᠭ᠎ᠠ ᠨᠢ ᠥᠪᠡᠷ ᠤᠨ ᠦᠷᠳᠡᠭ ᠢᠶᠠᠷ ᠨᠡᠩ | ᠳᠣᠣᠷ᠎ᠠ ᠡᠨᠧᠷᠭᠢ ᠶᠢᠨ ᠡᠬᠢ ᠪᠠᠶᠠᠯᠢᠭ᠂ ᠪᠠᠷᠠᠭᠠᠨ ᠤ ᠭᠦᠢᠯᠭᠡᠭᠡᠨ ᠤ ᠨᠡᠩ ᠥᠨᠳᠥᠷ ᠪᠦᠲᠦᠮᠵᠢᠲᠡᠢ ᠲᠣᠭᠲᠠᠯᠴᠠᠭ᠎ᠠ ᠂ | ᠮᠥᠩᠭᠦᠨ ᠭᠦᠢᠯᠭᠡᠭᠡᠨ ᠤ ᠨᠡᠩ ᠳᠥᠭᠦᠮ ᠳᠥᠲᠡ ᠦᠢᠯᠡᠴᠢᠯᠡᠭᠡ᠂ ᠨᠡᠩ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠯᠭᠠᠭᠤᠷᠢᠯᠠᠯ ᠪᠣᠢ ᠪᠣᠯᠭᠠᠬᠤ ᠶᠢ ᠬᠠᠷᠠᠭᠤᠯᠵᠤ ᠪᠣᠢ ᠂ ᠡᠨᠡ ᠨᠢ ᠭᠤᠷᠪᠠᠨ ᠲᠠᠯ᠎ᠠ ᠶᠢᠨ ᠠᠵᠤ ᠠᠬᠤᠢ ᠶᠢᠨ | ᠥᠷᠢᠰᠦᠯᠳᠦᠬᠦ ᠬᠦᠴᠦᠨ ᠪᠠ ᠤᠶᠠᠨ ᠬᠠᠳᠠᠨ ᠴᠢᠨᠠᠷ ᠢ ᠢᠯᠡᠳᠲᠡ ᠳᠡᠭᠡᠭᠰᠢᠯᠡᠭᠦᠯᠵᠦ᠂ ᠨᠡᠩ ᠦᠷ᠎ᠡ ᠠᠰᠢᠭ ᠲᠠᠢ ᠨᠡᠩ | ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠬᠦ ᠪᠣᠯᠣᠨ᠎ᠠ᠃ ᠪᠢᠳᠡ ᠨᠡᠩ ᠰᠠᠶᠢᠨ ᠠᠮᠢᠵᠢᠷᠠᠯ ᠤᠨ ᠬᠦᠴᠦᠨ ᠲᠠᠢ ᠰᠢᠨ᠎ᠡ | ᠡᠭᠦᠳᠦᠯᠲᠡ ᠶᠢᠨ ᠠᠮᠢ ᠠᠬᠤᠢ ᠲᠠᠢ ᠪᠣᠯᠬᠤ ᠪᠣᠯᠣᠨ᠎ᠠ᠃ ᠭᠤᠷᠪᠠᠨ ᠲᠠᠯ᠎ᠠ ᠶᠢᠨ ᠤᠯᠤᠰ ᠤᠳ ᠤᠨ ᠰᠢᠨ᠎ᠡ ᠡᠭᠦᠳᠦᠯᠲᠡ ᠨᠢ | ᠴᠥᠮ ᠮᠠᠰᠢ ᠬᠥᠭᠵᠢᠶᠡᠨᠲᠡᠢ ᠪᠥᠭᠡᠳ ᠥᠪᠡᠷ ᠥᠪᠡᠷ ᠤᠨ ᠣᠨᠴᠠᠯᠢᠭ ᠲᠠᠢ ᠶᠤᠮ᠃ ᠬᠠᠮᠲᠤᠷᠠᠯᠴᠠᠭ᠎ᠠ ᠪᠠᠨ ᠴᠢᠩᠭᠠᠳᠬᠠᠬᠤ | ᠨᠢ ᠡᠯ᠎ᠡ ᠤᠯᠤᠰ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠰᠣᠯᠢᠯᠴᠠᠭ᠎ᠠ ᠬᠢᠵᠦ ᠬᠠᠷᠢᠯᠴᠠᠨ ᠲᠣᠯᠢᠳᠠᠬᠤ᠂ | ᠳᠠᠪᠠᠭᠤᠯᠢᠭ ᠢᠶᠠᠨ ᠠᠭᠤᠰᠤᠯᠴᠠᠭᠤᠯᠤᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠰᠢᠨ᠎ᠡ ᠶᠢ ᠡᠭᠦᠳᠬᠦ ᠪᠠ ᠡᠭᠦᠳᠦᠨ | ᠪᠦᠲᠦᠭᠡᠬᠦ ᠳᠤ ᠰᠤᠳᠤᠯᠤᠨ ᠨᠡᠭᠡᠭᠡᠬᠦ ᠴᠢᠨᠠᠷᠯᠢᠭ ᠲᠤᠯᠭᠠᠭᠤᠷᠢᠯᠠᠯ ᠪᠠ ᠬᠡᠷᠡᠭᠯᠡᠯᠲᠡ ᠶᠢᠨ ᠣᠯᠠᠨ ᠠᠬᠤᠢ ᠪᠠᠶᠢᠳᠠᠯ ᠢ ᠬᠠᠩᠭᠠᠨ | ᠥᠭᠴᠦ ᠂ ᠨᠡᠩ ᠤᠯᠠᠨ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠪᠠᠶᠢᠳᠠᠯ ᠢ ᠪᠣᠶᠢᠵᠢᠭᠤᠯᠵᠤ᠂ ᠪᠦᠬᠦ | ᠪᠥᠮᠪᠥᠷᠴᠡᠭ ᠤᠨ ᠰᠢᠨ᠎ᠡ ᠶᠢ ᠡᠭᠦᠳᠬᠦ ᠲᠥᠯᠥᠪ ᠪᠠᠶᠢᠳᠠᠯ ᠳᠠᠬᠢ ᠭᠤᠷᠪᠠᠨ ᠲᠠᠯ᠎ᠠ ᠶᠢᠨ ᠬᠢᠨ ᠤ ᠪᠣᠳᠠᠲᠤ ᠬᠦᠴᠦᠨ ᠪᠠ ᠪᠠᠶᠢᠷᠢ | ᠰᠠᠭᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ | ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠢᠯᠡᠷᠡᠭᠡᠳᠦᠢ ᠣᠷᠣᠨ ᠵᠠᠢ ᠬᠢᠵᠠᠭᠠᠷ ᠦᠭᠡᠢ ᠪᠠᠶᠢᠵᠤ ᠂ ᠪᠢᠳᠡ ᠪᠣᠳᠠᠲᠤ | ᠠᠵᠢᠯᠯᠠᠭ᠎ᠠ ᠪᠠᠷ ᠢᠷᠡᠭᠡᠳᠦᠢ ᠪᠠᠨ ᠨᠡᠩ ᠰᠠᠶᠢᠲᠤᠷ ᠡᠵᠡᠮᠳᠡᠨ ᠴᠣᠭᠴᠠᠯᠠᠬᠤ ᠴᠢᠬᠤᠯᠠᠲᠠᠢ ᠪᠠᠶᠢᠨ᠎ᠠ ᠃ ᠳᠤᠮᠳᠠᠳᠤ ᠶᠢᠨ | ᠲᠠᠯ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠲᠠᠯᠠᠢ ᠶᠢᠨ ᠪᠤᠯᠤᠩ ᠤᠨ ᠠᠷᠠᠪ | ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠤᠳ ᠯᠤᠭ᠎ᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠵᠣᠯᠭᠠᠯᠴᠠᠭ᠎ᠠ ᠪᠠᠨ ᠬᠠᠮᠲᠤ ᠪᠠᠷ ᠴᠢᠩᠭᠠᠳᠬᠠᠵᠤ᠂ ᠣᠷᠣᠨ ᠪᠦᠰᠡ ᠶᠢᠨ ᠨᠢᠭᠡ ᠴᠣᠭᠴᠠᠵᠢᠯᠲᠠ ᠶᠢᠨ ᠬᠠᠮᠲᠤᠷᠠᠯᠴᠠᠭ᠎ᠠ ᠶᠢ | ᠬᠠᠮᠲᠤ ᠪᠠᠷ ᠭᠦᠨᠵᠡᠭᠡᠶᠢᠷᠡᠭᠦᠯᠵᠦ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠪᠠ ᠳᠥᠭᠦᠮᠴᠢᠯᠡᠯᠲᠡ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠤ ᠵᠡᠷᠭᠡ ᠪᠠᠷ ᠪᠢᠳᠡ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠪᠠᠷ ᠭᠤᠣᠯ ᠪᠣᠯᠭᠠᠭᠰᠠᠨ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠲᠣᠭᠲᠠᠭᠤᠨ | ᠪᠥᠭᠡᠳ ᠡᠮᠬᠢ ᠵᠢᠷᠤᠮ ᠲᠠᠢ ᠤᠯᠠᠨ ᠤᠯᠤᠰ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠬᠤ ᠶᠢ | ᠠᠬᠢᠭᠤᠯᠬᠤ ᠴᠢᠬᠤᠯᠠᠲᠠᠢ ᠪᠠᠶᠢᠨ᠎ᠠ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ | ᠪᠠ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠪᠢᠳᠡ ᠬᠠᠮᠲᠤ ᠪᠠᠷ ᠲᠡᠷᠢᠭᠦᠨ ᠲᠣᠬᠢᠶᠠᠯ ᠢ ᠠᠮᠵᠢᠵᠤ᠂ ᠳᠡᠭᠡᠳᠦ | ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶᠡᠨ ᠤ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠭᠤᠷᠪᠠᠨ ᠲᠠᠯ᠎ᠠ ᠶᠢᠨ ᠬᠠᠮᠲᠤ ᠶᠢᠨ | ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠡ ᠃ | ᠭᠤᠷᠪᠠᠳᠤᠭᠠᠷ ᠲᠤ᠂ ᠳᠤᠮᠳᠠᠳᠤ ᠤᠯᠤᠰ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠢᠶᠠᠨ ᠭᠤᠷᠪᠠᠨ | ᠲᠠᠯ᠎ᠠ ᠶᠢᠨ ᠬᠠᠮᠲᠤᠷᠠᠯᠴᠠᠭ᠎ᠠ ᠳᠤ ᠲᠠᠰᠤᠷᠠᠯᠲᠠ ᠦᠭᠡᠢ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠨ᠎ᠡ᠃ ᠬᠥᠭᠵᠢᠯᠲᠡ ᠶᠢᠨ | ᠪᠠᠶᠢᠳᠠᠯ ᠠᠴᠠ ᠠᠪᠴᠤ ᠬᠡᠯᠡᠪᠡᠯ᠂ ᠡᠨᠡ ᠵᠢᠯ ᠠᠴᠠ ᠨᠠᠭᠠᠰᠢ᠂ ᠳᠤᠮᠳᠠᠳᠤ ᠤᠯᠤᠰ ᠤᠨ ᠠᠵᠤ ᠠᠬᠤᠢ ᠦᠷᠭᠦᠯᠵᠢᠯᠡᠨ | ᠰᠠᠶᠢᠵᠢᠷᠠᠵᠤ᠂ ᠨᠢᠭᠡᠳᠦᠭᠡᠷ ᠤᠯᠠᠷᠢᠯ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠠᠳᠠᠯᠢ | ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ ᠪᠦᠬᠦ ᠪᠥᠮᠪᠥᠷᠴᠡᠭ ᠤᠨ ᠭᠤᠣᠯ ᠪᠣᠯᠬᠤ ᠠᠵᠤ ᠠᠬᠤᠢ ᠶᠢᠨ | ᠴᠣᠭᠴᠠ ᠶᠢᠨ ᠡᠮᠦᠨ᠎ᠡ ᠡᠩᠨᠡᠭᠡᠨ ᠳᠤ ᠣᠷᠣᠵᠠᠢ᠃ ᠠᠵᠤ ᠦᠢᠯᠡᠳᠪᠦᠷᠢ ᠡᠷᠴᠢᠮᠲᠡᠢ ᠬᠥᠭᠵᠢᠯᠲᠡ ᠪᠠᠨ ᠪᠠᠲᠤᠯᠠᠵᠤ᠂ 1 – | 4 ᠳ᠋ᠦ᠋ᠭᠡᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ | ᠬᠤᠭᠤᠴᠠᠭᠠᠨ ᠤ ᠬᠢ ᠠᠴᠠ 6.4% ᠪᠠᠷ ᠨᠡᠮᠡᠭᠳᠡᠵᠡᠢ᠃ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠨᠢ | ᠭᠠᠳᠠᠭᠠᠳᠤ ᠳᠠᠷᠤᠯᠲᠠ ᠶᠢᠨ ᠳᠣᠣᠷ᠎ᠠ ᠴᠤ ᠨᠡᠯᠢᠶᠡᠳ ᠴᠢᠩᠭ᠎ᠠ ᠤᠶᠠᠨ ᠬᠠᠳᠠᠨ ᠴᠢᠨᠠᠷ ᠲᠠᠢ ᠪᠠᠶᠢᠵᠤ᠂ 1 – 4 ᠳ᠋ᠦ᠋ᠭᠡᠷ | ᠰᠠᠷ᠎ᠠ ᠳᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃ ᠰᠢᠨ᠎ᠡ ᠬᠥᠳᠡᠯᠭᠡᠭᠴᠢ ᠡᠨᠧᠷᠭᠢ ᠲᠠᠰᠤᠷᠠᠯᠳᠠ | ᠦᠭᠡᠢ ᠬᠥᠭᠵᠢᠨ ᠪᠤᠵᠠᠭᠠᠶᠢᠷᠠᠵᠤ᠂ 1 – 4 ᠳ᠋ᠦ᠋ᠭᠡᠷ ᠰᠠᠷ᠎ᠠ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠤᠨ ᠪᠡᠯᠡ ᠣᠷᠣᠭᠤᠯᠤᠯᠲᠠ 11.3% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠦᠢᠯᠡᠳᠪᠦᠷᠢᠯᠡᠯ ᠪᠠ ᠪᠣᠷᠤᠯᠠᠭᠤᠯᠭ᠎ᠠ ᠴᠥᠮ 400 ᠲᠦᠮᠡ ᠶᠢ ᠳᠠᠪᠠᠵᠤ᠂ ᠣᠶᠤᠨᠴᠢ ᠦᠢᠯᠡᠳᠪᠦᠷᠢ ᠶᠢᠨ ᠪᠦᠷᠬᠦᠴᠡ ᠨᠢ | ᠦᠢᠯᠡᠳᠬᠦ ᠦᠢᠯᠡᠰ ᠤᠨ ᠠᠵᠢᠯ ᠲᠦᠷᠦᠯ ᠤᠨ ᠶᠡᠭᠡ ᠲᠦᠷᠦᠯ ᠤᠨ 80% ᠶᠢ ᠳᠠᠪᠠᠪᠠ᠃ ᠡᠳᠡᠭᠡᠷ ᠠᠮᠵᠢᠯᠲᠠ ᠪᠦᠲᠦᠮᠵᠢ | ᠨᠢ ᠳᠤᠮᠳᠠᠳᠤ ᠤᠯᠤᠰ ᠤᠨ ᠠᠵᠤ ᠠᠬᠤᠢ ᠶᠢᠨ ᠬᠦᠴᠦᠷᠬᠡᠭ ᠶᠡᠭᠡ ᠲᠣᠭᠲᠠᠭᠤᠨ ᠴᠢᠨᠠᠷ ᠢ ᠭᠦᠢᠴᠡᠳ ᠬᠠᠷᠠᠭᠤᠯᠵᠤ ᠪᠠᠶᠢᠨ᠎ᠠ᠃ | ᠶᠠᠭ ᠲᠡᠷᠢᠭᠦᠯᠡᠭᠴᠢ ᠰᠢ ᠶᠢᠨ ᠫᠢᠩ ᠤᠨ ᠵᠢᠭᠠᠵᠤ ᠭᠠᠷᠭᠠᠭᠰᠠᠨ ︽ᠳᠤᠮᠳᠠᠳᠤ ᠤᠯᠤᠰ ᠤᠨ ᠠᠵᠤ ᠠᠬᠤᠢ ᠪᠣᠯ ᠨᠡᠯᠦᠭᠡᠷ | ᠶᠡᠭᠡ ᠲᠠᠯᠠᠢ ᠶᠤᠮ ᠂ ᠬᠠᠷᠢᠨ ᠵᠢᠵᠢᠭ ᠴᠥᠭᠦᠷᠥᠮ ᠪᠢᠰᠢ᠃ ︾ ᠭᠡᠳᠡᠭ ᠢᠶᠠᠷ ᠡᠨᠡ ᠬᠦ ᠶᠡᠭᠡ ᠲᠡᠯᠡᠶ ᠨᠢ ᠳᠣᠭᠰᠢᠨ ᠰᠠᠯᠬᠢ | ᠰᠢᠷᠦᠭᠦᠨ ᠪᠣᠷᠣᠭᠠᠨ ᠤ ᠰᠢᠯᠭᠠᠯᠲᠠ ᠶᠢ ᠥᠩᠭᠡᠷᠡᠭᠡᠵᠦ ᠂ ᠤᠳᠠᠭ᠎ᠠ ᠪᠦᠷᠢ ᠶᠢᠨ ᠰᠠᠯᠬᠢ ᠳᠠᠪᠠᠯᠭᠠᠨ ᠤ ᠳᠠᠷᠠᠭ᠎ᠠ᠂ ᠨᠠᠩ | ᠨᠡᠯᠦᠭᠡᠷ ᠭᠦᠨ ᠂ ᠪᠠᠭᠲᠠᠭᠠᠮᠵᠢᠲᠠᠢ ᠨᠡᠭᠡᠭᠡᠯᠲᠡ ᠲᠠᠢ ᠪᠣᠯᠬᠤ ᠪᠣᠯᠣᠨ᠎ᠠ ᠃ | ᠬᠤᠷᠸ᠎ᠠ ᠲᠥᠷᠥ ᠶᠢᠨ ᠪᠣᠳᠣᠯᠭ᠎ᠠ ᠠᠴᠠ ᠠᠪᠴᠤ ᠬᠡᠯᠡᠪᠡᠯ᠂ ᠭᠠᠳᠠᠭᠠᠳᠤ ᠣᠷᠴᠢᠨ ᠨᠥᠬᠦᠴᠡᠯ ᠠᠴᠠ ᠪᠣᠯᠤᠭᠰᠠᠨ | ᠲᠦᠭᠰᠢᠭᠦᠷᠢ ᠪᠠ ᠥᠷᠢᠰᠦᠯᠳᠦᠭᠡᠨ ᠤ ᠡᠮᠦᠨ᠎ᠡ᠂ ᠪᠢᠳᠡ ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠶᠢᠨ | ᠪᠣᠳᠣᠯᠭ᠎ᠠ ᠶᠢᠨ ᠬᠠᠨᠳᠤᠯᠭ᠎ᠠ ᠶᠢ ᠲᠣᠳᠣᠷᠬᠠᠢ ᠳᠤᠷᠠᠳᠤᠨ ᠭᠠᠷᠭᠠᠵᠤ᠂ ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ | ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠡᠳ᠂ ᠡᠳ᠋ ᠤᠨ | ᠵᠠᠰᠠᠭ ᠤᠨ ᠵᠠᠷᠤᠯᠭ᠎ᠠ ᠶᠢᠨ ᠬᠡᠪᠴᠢᠶᠡᠵᠢᠯ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠵᠣᠭᠤᠰ ᠪᠠ ᠮᠥᠩᠭᠦᠨ | ᠭᠦᠢᠯᠭᠡᠭᠡᠨ ᠤ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠡᠷᠴᠢᠮ ᠢᠶᠠᠨ ᠢᠯᠡᠳᠲᠡ ᠴᠢᠩᠭᠠᠷᠠᠭᠤᠯᠵᠤ᠂ ᠨᠡᠶᠢᠭᠡᠮ ᠤᠨ | ᠶᠡᠷᠦᠩᠬᠡᠢ ᠬᠡᠷᠡᠭᠴᠡᠭᠡ ᠶᠢᠨ ᠥᠷᠭᠡᠳᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠳᠠᠷᠠᠭᠠᠴᠢ ᠶᠢᠨ ᠠᠯᠬᠤᠮ ᠳᠤ᠂ | ᠪᠢᠳᠡ ᠪᠠᠰᠠ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠰᠥᠷᠭᠡᠦ ᠦᠶᠡᠯᠡᠯ ᠤᠨ ᠬᠤᠭᠤᠴᠠᠭᠠᠨ ᠳᠠᠬᠢ | ᠲᠣᠬᠢᠷᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠢᠷᠡᠭᠡᠳᠦᠢ ᠳᠤ ᠶᠠᠮᠠᠷᠪᠠ ᠥᠷᠢᠰᠦᠯᠳᠦᠭᠡᠨ ᠳᠤ | ᠲᠤᠯᠭᠠᠷᠠᠭᠰᠠᠨ ᠴᠤ ᠪᠢᠳᠡᠨ ᠳᠤ ᠳᠤᠮᠳᠠᠳᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠ ᠪᠠᠨ ᠯᠠᠪᠳᠠᠭᠤᠨ ᠢᠶᠠᠷ | ᠬᠤᠯᠠ ᠠᠶᠠᠯᠠᠭᠤᠯᠬᠤ ᠪᠠᠲᠤᠯᠠᠬᠤ ᠴᠢᠳᠠᠪᠤᠷᠢ ᠪᠠ ᠢᠲᠡᠭᠡᠯ ᠪᠠᠶᠢᠨ᠎ᠠ ᠃ | ᠪᠠᠶᠢᠯᠳᠤᠬᠤ ᠪᠣᠳᠣᠯᠭ᠎ᠠ ᠶᠢᠨ ᠬᠠᠨᠳᠤᠰᠢ ᠠᠴᠠ ᠠᠪᠴᠤ ᠬᠡᠯᠡᠪᠡᠯ᠂ ᠳᠤᠮᠳᠠᠳᠤ ᠤᠯᠤᠰ ᠪᠣᠯ ᠭᠡᠳᠤ ᠶᠡᠭᠡ | ᠬᠡᠪᠴᠢᠶᠡᠵᠢᠯ ᠤᠨ ᠠᠵᠤ ᠠᠬᠤᠢ ᠶᠢᠨ ᠴᠣᠭᠴᠠ ᠮᠥᠨ᠂ ᠳᠣᠲᠣᠭᠠᠳᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠂ | ᠳᠣᠲᠣᠭᠠᠳᠤ ᠳᠤ ᠪᠠᠨ ᠣᠷᠴᠢᠯᠳᠤᠬᠤᠶᠢᠴᠠ ᠪᠣᠯᠭᠠᠬᠤ ᠪᠣᠯ ᠲᠣᠮᠣ ᠤᠯᠤᠰ ᠤᠨ ᠠᠵᠤ ᠠᠬᠤᠢ ᠶᠢᠨ ᠥᠪᠡᠷᠮᠢᠴᠡ ᠳᠠᠪᠠᠭᠤᠯᠢᠭ | ᠮᠥᠨ᠃ ᠪᠢᠳᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠭᠰᠣᠴᠠ ᠪᠠᠨ ᠳᠣᠲᠣᠭᠠᠳᠤ ᠬᠡᠷᠡᠭᠴᠡᠭᠡ ᠶᠢ | ᠥᠷᠭᠡᠳᠬᠡᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ ᠳᠤ ᠨᠡᠩ ᠢᠯᠡᠭᠦᠦ ᠬᠦᠴᠦ ᠲᠠᠯᠪᠢᠵᠤ᠂ | ᠳᠤᠮᠳᠠᠳᠤ ᠤᠯᠤᠰ ᠤᠨ ᠠᠵᠤ ᠠᠬᠤᠢ ᠶᠢᠨ ᠳᠣᠲᠣᠭᠠᠳᠤ ᠬᠥᠳᠡᠯᠭᠡᠭᠴᠢ ᠬᠦᠴᠦᠨ ᠢᠶᠠᠨ ᠲᠠᠰᠤᠷᠠᠯᠳᠠ ᠦᠭᠡᠢ | ᠳᠡᠭᠡᠭᠰᠢᠯᠡᠭᠦᠯᠵᠦ ᠪᠠᠶᠢᠨ᠎ᠠ ᠃ ᠪᠢᠳᠡ ᠤᠳᠤ ᠶᠠᠭ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ | ᠲᠦᠷᠭᠡᠪᠴᠢᠯᠡᠨ ᠬᠡᠷᠡᠭᠵᠢᠭᠦᠯᠵᠦ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠥᠷᠨᠢᠭᠦᠯᠵᠦ᠂ ᠲᠦᠷᠦ ᠶᠢᠨ | ᠪᠣᠳᠣᠯᠭ᠎ᠠ ᠶᠢᠨ ᠡᠬᠢ ᠪᠠᠶᠠᠯᠢᠭ ᠢ ᠬᠡᠷᠡᠭᠯᠡᠭᠡᠨ ᠤ ᠬᠦᠷᠢᠶ᠎ᠡ ᠲᠡᠶᠢᠰᠢ ᠨᠡᠩ ᠢᠯᠡᠭᠦᠦ ᠬᠡᠯᠪᠡᠶᠢᠯᠭᠡᠵᠦ ᠪᠠᠶᠢᠨ᠎ᠠ᠂ ᠡᠨᠡ ᠨᠢ | ᠬᠡᠷᠡᠭᠴᠡᠭᠡᠨ ᠤ ᠯᠤᠲᠤ ᠶᠡᠭᠡ ᠲᠠᠯᠳᠠ ᠬᠦᠴᠦᠨ ᠢ ᠪᠠᠳᠠᠷᠠᠭᠤᠯᠬᠤ ᠪᠣᠯᠣᠨ᠎ᠠ᠃ ᠪᠢᠳᠡ ᠪᠠᠰᠠ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠦᠢᠯᠡᠰ ᠤᠨ ᠳᠡᠭᠡᠳᠦ ᠳᠡᠰᠵᠢᠬᠦ ᠂ ᠣᠶᠤᠨᠴᠢᠯᠠᠬᠤ᠂ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠪᠠᠶᠢᠨ᠎ᠠ᠂ ᠡᠨᠡ ᠨᠢ ᠪᠠᠰᠠ ᠨᠡᠩ | ᠤᠯᠠᠨ ᠰᠢᠨ᠎ᠡ ᠬᠡᠷᠡᠭᠴᠡᠭᠡ ᠶᠢ ᠡᠭᠦᠳᠬᠦ ᠪᠣᠯᠣᠨ᠎ᠠ᠃ ᠳᠤᠮᠳᠠᠳᠤ ᠤᠯᠤᠰ ᠤᠨ ᠠᠵᠤ ᠠᠬᠤᠢ ᠶᠢᠨ ᠥᠷᠭᠡᠨ ᠳᠡᠯᠭᠡᠷ ᠭᠦᠨ | ᠭᠦᠨᠵᠡᠭᠡᠢ ᠪᠠᠶᠢᠳᠠᠯ ᠨᠢ ᠡᠯ᠎ᠡ ᠤᠯᠤᠰ ᠤᠨ ᠴᠢᠨᠠᠷ ᠰᠠᠶᠢᠲᠠᠢ ᠦᠢᠯᠡᠳᠬᠦᠨ ᠳᠤ ᠯᠤᠲᠤ ᠶᠡᠭᠡ ᠵᠠᠬ᠎ᠠ ᠳᠡᠯᠭᠡᠭᠦᠷ ᠬᠠᠩᠭᠠᠵᠤ | ᠴᠢᠳᠠᠬᠤ ᠶᠤᠮ᠃ ᠪᠢᠳᠡ ᠥᠨᠳᠥᠷ ᠲᠦᠪᠰᠢᠨ ᠪᠦᠬᠦᠢ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠪᠡᠶ᠎ᠡ ᠪᠠᠨ | ᠳᠠᠭᠠᠭᠠᠵᠤ ᠨᠡᠭᠡᠭᠡᠯᠲᠡ ᠬᠢᠬᠦ ᠪᠠ ᠭᠠᠭᠴᠠ ᠲᠠᠯ᠎ᠠ ᠠᠴᠠ ᠨᠡᠭᠡᠭᠡᠯᠲᠡ ᠬᠢᠬᠦ ᠨᠡᠩ ᠤᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠬᠠᠷᠢᠯᠴᠠᠨ ᠠᠬᠢᠬᠤ ᠶᠢ ᠠᠬᠢᠭᠤᠯᠵᠤ᠂ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠ ᠲᠠᠯᠠᠢ ᠶᠢᠨ ᠪᠣᠯᠣᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ | ᠵᠥᠪᠯᠡᠯ ᠤᠨ ᠤᠯᠤᠰ ᠵᠢᠴᠢ ᠳᠡᠯᠡᠬᠡᠢ ᠶᠢᠨ ᠡᠯ᠎ᠡ ᠤᠯᠤᠰ ᠤᠨ ᠠᠵᠤ ᠠᠬᠤᠶᠢᠯᠠᠯ ᠳᠤ ᠳᠤᠮᠳᠠᠳᠤ ᠤᠯᠤᠰ ᠤᠨ | ᠬᠥᠭᠵᠢᠯᠲᠡ ᠶᠢᠨ ᠠᠵᠠ ᠲᠣᠬᠢᠶᠠᠯ ᠢ ᠭᠦᠢᠴᠡᠳ ᠡᠳ᠋ᠯᠡᠭᠦᠯᠬᠦ ᠪᠣᠯᠣᠨ᠎ᠠ ᠃ | ᠠᠪᠠᠭ᠋ᠠᠢ ᠨᠠᠷ᠂ ᠠᠪᠤᠭᠠᠢ ᠨᠠᠷ᠂ ᠨᠠᠶᠢᠵᠠ ᠨᠠᠷ ᠠ᠋᠂ | ᠬᠠᠮᠲᠤᠷᠠᠯᠴᠠᠭ᠎ᠠ ᠪᠣᠯ ᠬᠠᠮᠲᠤ ᠶᠢᠨ ᠬᠠᠲᠠᠭᠤ ᠰᠢᠯᠭᠠᠯᠲᠠ ᠶᠢ ᠲᠤᠭᠤᠯᠤᠨ ᠭᠠᠷᠬᠤ ᠴᠣᠷᠢ ᠶᠢᠨ ᠭᠠᠭᠴᠠ ᠵᠥᠪ | ᠬᠠᠷᠢᠭᠤᠯᠲᠠ ᠪᠣᠯᠣᠨ᠎ᠠ ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ᠂ ᠲᠠᠯᠠᠢ ᠶᠢᠨ ᠪᠤᠯᠤᠩ ᠤᠨ ᠠᠷᠠᠪ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠤᠯᠤᠰ ᠤᠳ ᠲᠠᠢ | ᠬᠠᠮᠲᠤ ᠪᠠᠷ ᠴᠢᠷᠮᠠᠶᠢᠵᠤ᠂ ᠨᠡᠭᠡᠭᠡᠯᠲᠡ ᠬᠠᠮᠲᠤᠷᠠᠯᠴᠠᠭ᠎ᠠ ᠪᠠᠷ ᠢᠶᠠᠨ ᠣᠯᠠᠨ ᠠᠴᠠ ᠭᠦᠨᠵᠡᠭᠡᠶᠢᠷᠡᠭᠦᠯᠵᠦ ᠪᠠᠶᠢᠭᠠᠳ ᠠᠵᠤ | ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠵᠤ᠂ ᠭᠠᠷ ᠬᠤᠯᠪᠣᠨ ᠠᠵᠠ ᠲᠣᠬᠢᠶᠠᠯ ᠢ ᠬᠠᠮᠲᠤ ᠪᠠᠷ ᠡᠭᠦᠳᠴᠦ᠂ ᠬᠥᠭᠵᠢᠯ | ᠴᠡᠴᠡᠭᠯᠡᠯ ᠢ ᠬᠠᠮᠲᠤ ᠪᠠᠷ ᠡᠳ᠋ᠯᠡᠶ᠎ᠡ ᠃ | ᠪᠠᠶᠠᠷᠯᠠᠯ᠎ᠠ︕ | |