ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 29 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠦᠷᠦᠭᠦᠬᠡᠨ ᠵᠠᠷᠯᠢᠭ ᠲᠤ ᠭᠠᠷ ᠤᠨ ᠦᠰᠦᠭ ᠵᠢᠷᠤᠵᠤ᠂ ︽ | ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠯ ᠤᠨ ᠳᠦᠷᠢᠮ︾ ᠢ ᠨᠡᠶᠢᠲᠡᠯᠡᠪᠡ᠂ 2025 | ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ | ︽ ᠳᠦᠷᠢᠮ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ | ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ | ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠯ ᠤᠨ ᠳᠦᠷᠢᠮ ᠤᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠭᠦᠨᠵᠡᠭᠡᠢ ᠳ᠋ᠦᠩᠨᠡᠵᠦ᠂ ᠰᠢᠨ᠎ᠡ ᠪᠠᠶᠢᠳᠠᠯ ᠳᠣᠣᠷᠠᠬᠢ ᠴᠡᠷᠢᠭ ᠤᠨ ᠶᠠᠪᠤᠳᠠᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠬᠤ ᠠᠵᠢᠯ ᠢ ᠰᠢᠰᠲ᠋ᠧᠮ ᠲᠠᠢ ᠵᠢᠷᠤᠮᠵᠢᠭᠤᠯᠪᠠ᠂ ᠡᠨᠡ ᠪᠣᠯ ᠴᠡᠷᠢᠭ ᠤᠨ | ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠬᠤ ᠠᠵᠢᠯ ᠢ ᠥᠷᠨᠢᠭᠦᠯᠬᠦ ᠦᠨᠳᠦᠰᠦᠨ ᠬᠠᠤᠯᠢ | ᠲᠣᠭᠲᠠᠭᠠᠯ ᠤᠨ ᠦᠨᠳᠦᠰᠦᠯᠡᠯ ᠮᠥᠨ᠃ | ︽ᠳᠦᠷᠢᠮ︾ ᠨᠢ ᠨᠡᠶᠢᠳᠡ 8 ᠪᠦᠯᠦᠭ 42 ᠵᠦᠢᠯ ᠢᠶᠠᠷ ᠪᠦᠷᠢᠯᠳᠦᠵᠦ᠂ ᠴᠡᠷᠢᠭ ᠤᠨ ᠶᠠᠪᠤᠳᠠᠯ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠤᠨ ᠰᠢᠨ᠎ᠡ ᠶᠢ ᠡᠭᠦᠳᠴᠦ ᠬᠥᠭᠵᠢᠬᠦ᠂ ᠪᠠᠶᠢᠯᠳᠤᠭᠠᠨ ᠳᠤ ᠬᠠᠨᠳᠤᠭᠤᠯᠵᠤ | ᠪᠠᠶᠢᠯᠳᠤᠭᠠᠨ ᠤ ᠪᠡᠯᠡᠳᠬᠡᠯ ᠬᠢᠬᠦ ᠪᠠᠶᠢᠳᠠᠯ ᠤᠨ ᠡᠭᠦᠷᠭᠡ ᠶᠢᠨ ᠬᠡᠷᠡᠭᠴᠡᠭᠡ ᠳᠤ ᠵᠣᠬᠢᠴᠠᠵᠤ᠂ ᠪᠠᠶᠢᠯᠳᠤᠬᠤ ᠬᠦᠴᠦᠨ ᠡᠨᠡᠬᠦ | ᠴᠤᠷ ᠤᠨ ᠭᠠᠭᠴᠠ ᠦᠨᠳᠦᠰᠦᠨ ᠪᠠᠷᠢᠮᠵᠢᠶ᠎ᠠ ᠶᠢ ᠲᠣᠳᠣᠷᠬᠠᠢ ᠲᠣᠭᠲᠠᠭᠠᠵᠤ᠂ ᠴᠡᠷᠢᠭ ᠤᠨ ᠶᠠᠪᠤᠳᠠᠯ ᠤᠨ ᠣᠨᠴᠠᠯᠢᠭ ᠢᠯᠡ | ᠲᠣᠳᠣ᠂ ᠪᠦᠲᠦᠴᠡ ᠶᠢᠨ ᠲᠡᠰ ᠳᠠᠪᠬᠤᠷᠭ᠎ᠠ ᠵᠦᠢ ᠵᠣᠬᠢᠰᠲᠠᠢ᠂ ᠦᠨᠡᠯᠡᠬᠦ ᠪᠠᠷᠢᠮᠵᠢᠶ᠎ᠠ ᠰᠢᠨᠵᠢᠯᠡᠬᠦ ᠤᠬᠠᠭᠠᠨᠴᠢ᠂ ᠤᠯᠤᠰ | ᠪᠣᠯᠣᠨ ᠴᠡᠷᠢᠭ ᠠᠩᠭᠢ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠲᠠᠢ ᠨᠢᠭᠲᠠ ᠤᠶᠠᠯᠳᠤᠭᠰᠠᠨ | ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠱᠠᠩᠨᠠᠬᠤ ᠰᠢᠰᠲ᠋ᠧᠮ ᠢ ᠪᠠᠶᠢᠭᠤᠯᠪᠠ ︔ ᠲᠤᠰᠢᠶᠠᠯ | ᠬᠠᠷᠢᠭᠤᠴᠠᠯᠭ᠎ᠠ ᠨᠢ ᠲᠣᠳᠣᠷᠬᠠᠢ᠂ ᠳᠡᠰ ᠳᠠᠷᠠᠭᠠᠯᠠᠯ ᠨᠢ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠵᠠᠭᠪᠤᠷ ᠢ ᠪᠠᠶᠢᠭᠤᠯᠪᠠ ︔ ᠱᠠᠩᠨᠠᠯ ᠳᠤ ᠳᠡᠪᠰᠢᠭᠦᠯᠬᠦ᠂ ᠬᠢᠨᠠᠨ ᠲᠣᠭᠲᠠᠭᠠᠬᠤ᠂ ᠱᠠᠩᠨᠠᠯ ᠣᠯᠭᠤᠬᠤ ᠪᠠ | ᠣᠨᠳᠣᠣ ᠰᠠᠨᠠᠯ ᠢ ᠰᠢᠢᠳᠪᠦᠷᠢᠯᠡᠬᠦ ᠵᠡᠷᠭᠡ ᠪᠦᠭᠦ ᠶᠠᠪᠤᠴᠠ ᠶᠢᠨ ᠠᠵᠢᠯ ᠢ ᠵᠢᠷᠤᠮᠵᠢᠭᠤᠯᠪᠠ ︔ ᠰᠤᠷᠲᠠᠯ ᠤᠨ ᠰᠠᠬᠢᠯᠭ᠎ᠠ ᠪᠠᠲᠤ᠂ | ᠬᠠᠷᠢᠭᠤᠴᠠᠯᠭ᠎ᠠ ᠲᠤᠯᠭᠠᠵᠤ ᠰᠢᠢᠳᠪᠦᠷᠢᠯᠡᠬᠦ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠲᠡᠭᠦᠯᠳᠡᠷᠵᠢᠭᠦᠯᠦᠭᠰᠡᠨ ᠪᠥᠭᠡᠳ ᠬᠠᠮᠢᠶ᠎ᠠ ᠪᠦᠬᠦᠢ ᠬᠡᠷᠡᠭᠯᠡᠬᠦ ᠳᠤ ᠲᠣᠬᠢᠷᠠᠬᠤ ᠪᠠᠶᠢᠳᠠᠯ ᠢ ᠲᠣᠳᠣᠷᠬᠠᠶᠢᠯᠠᠪᠠ᠃ | ︽ᠳᠦᠷᠢᠮ ︾ ᠢ ᠨᠡᠶᠢᠲᠡᠯᠡᠨ ᠬᠡᠷᠡᠭᠵᠢᠭᠦᠯᠬᠦ ᠨᠢ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠱᠠᠩᠨᠠᠬᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠳᠦᠷᠢᠮ ᠤᠨ ᠪᠠᠲᠤᠯᠠᠭ᠎ᠠ ᠬᠠᠩᠭᠠᠵᠤ᠂ ᠴᠡᠷᠢᠭ ᠤᠨ ᠶᠠᠪᠤᠳᠠᠯ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠴᠡᠷᠢᠭ ᠤᠨ | ᠶᠠᠪᠤᠳᠠᠯ ᠤᠨ ᠣᠨᠣᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠠᠯᠬᠤᠭ᠎ᠠ ᠶᠢ ᠲᠦᠷᠭᠡᠳᠬᠡᠵᠦ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠩᠭᠠᠯᠭ᠎ᠠ ᠪᠠᠷ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠬᠤ ᠳᠤ | ᠠᠰᠢᠭᠲᠠᠢ ᠶᠤᠮ᠃ | |