ᠰᠢ ᠶᠢᠨ ᠫᠢᠩ ᠣᠷᠣᠰ ᠤᠨ ᠶᠡᠷᠦᠩᠬᠡᠶᠢᠯᠡᠭᠴᠢ ᠫᠦᠲ᠋ᠢᠨ ᠲᠠᠢ ᠴᠠᠢ ᠶᠢᠨ ᠵᠣᠭᠤᠭ ᠳᠡᠯᠭᠡᠪᠡ
ᠨᠡᠶᠢᠲᠡᠯᠡᠭᠰᠡᠨ ᠴᠠᠭ᠄
2025/5/9
  ᠰᠢᠨᠬᠤᠸᠠ ᠬᠤᠷᠢᠶ᠎ᠠ ᠶᠢᠨ ᠮᠣᠰᠺᠸᠠ ᠶᠢᠨ 5 ᠰᠠᠷ᠎ᠠ ᠶᠢᠨ 8 ᠤ ᠴᠠᠭᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠬᠤᠶᠢᠨ᠎ᠠ ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠪᠣᠯᠣᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠺᠷᠧᠮᠯᠢ ᠣᠷᠳᠣᠨ ᠤ ᠶᠡᠷᠦᠩᠬᠡᠶᠢᠯᠡᠭᠴᠢ ᠶᠢᠨ ᠠᠯᠪᠠᠨ ᠭᠡᠷ ᠲᠤ ᠴᠠᠢ ᠶᠢᠨ ᠵᠣᠭᠤᠭ ᠳᠡᠯᠭᠡᠪᠡ ᠃
茶叙.jpg
  ᠲᠤᠬᠠᠢ ᠶᠢᠨ ᠭᠠᠵᠠᠷ ᠤᠨ ᠴᠠᠭ ᠢᠶᠠᠷ 5 ᠰᠠᠷ᠎ᠠ ᠶᠢᠨ 8 ᠤ ᠦᠳᠡ ᠶᠢᠨ ᠬᠤᠶᠢᠨ᠎ᠠ ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠪᠣᠯᠣᠨ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ ᠺᠷᠧᠮᠯᠢ ᠣᠷᠳᠣᠨ ᠤ ᠶᠡᠷᠦᠩᠬᠡᠶᠢᠯᠡᠭᠴᠢ ᠶᠢᠨ ᠠᠯᠪᠠᠨ ᠭᠡᠷ ᠲᠤ ᠴᠠᠢ ᠶᠢᠨ ᠵᠣᠭᠤᠭ ᠳᠡᠯᠭᠡᠪᠡ ᠃   ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ  ᠰᠢ ᠶᠢᠨ ᠫᠢᠩ ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ ᠃ ᠭᠠᠭᠴᠠ ᠬᠦ ᠳᠤᠮᠳᠠᠳᠤ ᠤᠷᠤᠰ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠪᠠᠷᠢᠮᠲᠠᠯᠠᠪᠠᠯ ᠶᠠᠮᠠᠷᠪᠠ ᠬᠦᠴᠦᠨ ᠴᠦ ᠭᠡᠳ ᠬᠤᠶᠠᠷ ᠤᠯᠤᠰ ᠤᠨ ᠲᠤᠰ ᠲᠤᠰ ᠤᠨ ᠬᠥᠭᠵᠢᠯ ᠮᠠᠨᠳᠤᠯ ᠢᠶᠠᠨ ᠪᠡᠶᠡᠯᠡᠭᠦᠯᠬᠦ ᠶᠢ ᠬᠤᠷᠢᠭᠯᠠᠵᠤ ᠳᠡᠶᠢᠯᠭᠦ ᠦᠭᠡᠢ ᠂ ᠳᠤᠮᠳᠠᠳᠤ ᠤᠷᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠤᠨ ᠰᠡᠳᠬᠢᠯ ᠤᠨ ᠬᠠᠨᠳᠤᠰᠢ ᠶᠢ ᠬᠤᠷᠢᠭᠯᠠᠵᠤ ᠳᠡᠶᠢᠯᠭᠦ ᠦᠭᠡᠢ ᠂ ᠳᠡᠯᠡᠬᠡᠢ ᠶᠢᠨ ᠤᠯᠠᠨ ᠲᠤᠶᠢᠯᠵᠢᠯᠳᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢᠨ ᠴᠠᠭ ᠦᠶ᠎ᠡ ᠶᠢᠨ ᠤᠷᠤᠰᠬᠠᠯ ᠢ ᠬᠤᠷᠢᠭᠯᠠᠵᠤ ᠳᠡᠶᠢᠯᠭᠦ ᠦᠭᠡᠢ ᠶᠤᠮ ᠃ ᠪᠢ ᠳᠤᠷᠠᠲᠠᠶ᠎ᠠ ᠶᠡᠷᠦᠩᠬᠡᠶᠢᠯᠡᠭᠴᠢ ᠫᠦᠲ᠋ᠢᠨ ᠯᠦᠭᠡ ᠨᠢᠭᠲᠠ ᠬᠠᠷᠢᠯᠴᠠᠭ᠎ᠠ ᠪᠠᠨ ᠪᠠᠲᠤᠯᠠᠵᠤ ᠂ ᠳᠤᠮᠳᠠᠳᠤ ᠤᠷᠤᠰ ᠤᠨ ᠬᠠᠷᠢᠯᠴᠠᠭ᠎ᠠ ᠶᠢᠨ ᠴᠢᠭᠯᠡᠯ ᠢ ᠡᠵᠡᠮᠳᠡᠨ ᠠᠶᠠᠯᠠᠯ ᠢ ᠳᠠᠭᠠᠭᠤᠯᠵᠤ ᠂ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ ᠃  ᠫᠦᠲ᠋ᠢᠨ ᠂ ᠤᠷᠤᠰ ᠳᠤᠮᠳᠠᠳᠤ ᠢᠮᠠᠭᠲᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠬᠠᠷᠢᠯᠴᠠᠨ ᠳᠡᠮᠵᠢᠵᠦ ᠂ ᠬᠤᠶᠠᠷ ᠤᠯᠤᠰ ᠤᠨ ᠨᠥᠬᠦᠷᠯᠡᠯ ᠡᠪᠳᠡᠷᠡᠰᠢ ᠦᠭᠡᠢ ᠪᠠᠲᠤ ᠪᠠᠬᠢ ᠶᠤᠮ ᠃ ᠪᠢ ᠳᠤᠷᠠᠲᠠᠶ᠎ᠠ ᠲᠡᠷᠢᠭᠦᠯᠡᠭᠴᠢ ᠰᠢ ᠶᠢᠨ ᠫᠢᠩ  ᠯᠦᠭᠡ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠨᠢᠭᠲᠠᠷᠠᠭᠤᠯᠵᠤ ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠬᠠᠩᠭᠠᠵᠤ ᠂ ᠳᠡᠯᠡᠬᠡᠢ ᠶᠢᠨ ᠨᠠᠷᠢᠨ ᠪᠤᠳᠤᠯᠢᠶᠠᠨᠲᠠᠢ ᠪᠠᠶᠢᠳᠠᠯ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ ᠂ ᠳᠡᠯᠡᠬᠡᠢ ᠳ᠋ᠠᠬᠢᠨ ᠤ ᠲᠥᠪ ᠭᠤᠣᠯᠴᠢ ᠂ ᠠᠷᠠᠳᠴᠢᠯᠠᠯ ᠲᠠᠢ ᠂ ᠤᠯᠠᠨ ᠲᠦᠢᠯᠵᠢᠯᠳᠠ ᠲᠡᠶᠢᠰᠢ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ ᠃  ᠬᠤᠶᠠᠷ ᠤᠯᠤᠰ ᠤᠨ ᠲᠡᠷᠢᠭᠦᠨ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ ᠃ ᠰᠢ ᠶᠢᠨ ᠫᠢᠩ ᠂ ᠦᠺᠷᠠᠶᠢᠨ ᠤ ᠬᠢᠮᠤᠷᠠᠯ ᠤᠨ ᠲᠤᠬᠠᠢ ᠳᠤᠮᠳᠠᠳᠤ ᠤᠯᠤᠰ ᠬᠠᠮᠲᠤ ᠶᠢᠨ ᠂ ᠶᠡᠷᠦᠩᠬᠡᠶᠢᠯᠡᠭᠰᠡᠨ ᠂ ᠬᠠᠮᠲᠤᠷᠠᠯᠴᠠᠭᠰᠠᠨ ᠂ ᠦᠷᠭᠦᠯᠵᠢᠯᠡᠬᠦ ᠪᠦᠭᠦ ᠪᠥᠮᠪᠥᠷᠴᠡᠭ ᠤᠨ ᠠᠮᠤᠷ ᠲᠦᠪᠰᠢᠨ ᠤ ᠦᠵᠡᠯᠲᠡ ᠶᠢ ᠰᠠᠨᠠᠭᠠᠴᠢᠯᠠᠬᠤ ᠶᠢᠨ ᠬᠠᠮᠲᠤ ᠪᠠᠷᠢᠮᠲᠠᠯᠠᠵᠤ ᠂ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠢ ᠴᠢᠬᠤᠯᠠᠴᠢᠯᠠᠵᠤ ᠂ ᠬᠢᠮᠤᠷᠠᠯ ᠡᠭᠦᠰᠬᠦ ᠦᠨᠳᠦᠰᠦ ᠰᠤᠷᠪᠤᠯᠵᠢ ᠶᠢ ᠠᠷᠢᠯᠭᠠᠪᠠᠯ ᠵᠣᠬᠢᠨ᠎ᠠ ᠭᠡᠵᠦ ᠦᠵᠡᠵᠦ ᠪᠠᠶᠢᠨ᠎ᠠ ᠃ ᠳᠤᠮᠳᠠᠳᠤ ᠤᠯᠤᠰ ᠡᠩᠬᠡ ᠲᠠᠶᠢᠪᠤᠩ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠪᠠᠶᠠᠷᠯᠠᠨ ᠤᠭᠲᠤᠵᠤ ᠂ ᠶᠠᠷᠢᠯᠴᠠᠭ᠎ᠠ ᠪᠠᠷ ᠳᠠᠮᠵᠢᠨ ᠡᠷᠬᠡ ᠲᠡᠭᠰᠢ ᠂ ᠥᠨᠢ ᠤᠳᠠᠭᠠᠨ ᠤ ᠂ ᠬᠢᠵᠠᠭᠠᠷᠯᠠᠬᠤ ᠬᠦᠴᠦᠨ ᠲᠠᠢ ᠪᠥᠭᠡᠳ ᠡᠯ᠎ᠡ ᠲᠤᠬᠠᠢ ᠶᠢᠨ ᠲᠠᠯ᠎ᠠ ᠶᠢᠨ ᠬᠢᠨ ᠭᠥᠯᠢᠶᠡᠨ ᠠᠪᠤᠭᠰᠠᠨ ᠨᠠᠶᠢᠷᠠᠮᠳᠠᠯ ᠤᠨ ᠬᠡᠯᠡᠯᠴᠡᠭᠡᠷ ᠲᠣᠭᠲᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃  ᠫᠦᠲ᠋ᠢᠨ ᠦᠺᠷᠠᠶᠢᠨ ᠤ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠲᠠᠯ᠎ᠠ ᠪᠠᠷ ᠬᠢ ᠳᠤᠮᠳᠠᠳᠤ ᠤᠯᠤᠰ ᠤᠨ ᠪᠤᠰᠤᠳᠴᠢ ᠪᠥᠭᠡᠳ ᠲᠥᠪ ᠭᠤᠣᠯᠴᠢ ᠵᠣᠭᠰᠣᠯᠲᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ ᠂ ᠣᠷᠣᠰ ᠳᠤᠷᠠᠲᠠᠶ᠎ᠠ ᠤᠷᠢᠲᠠᠯ ᠨᠥᠬᠦᠴᠡᠯ ᠳᠤᠷᠠᠳᠬᠤ ᠦᠭᠡᠢ ᠪᠠᠷ ᠨᠠᠶᠢᠷᠠᠮᠳᠠᠯ ᠤᠨ ᠬᠡᠯᠡᠯᠴᠡᠭᠡ ᠶᠢ ᠡᠬᠢᠯᠡᠭᠦᠯᠵᠦ ᠂ ᠲᠥᠪ ᠭᠤᠣᠯᠴᠢ ᠂ ᠥᠨᠢ ᠤᠳᠠᠭᠠᠨ ᠤ ᠨᠠᠶᠢᠷᠠᠮᠳᠠᠯ ᠤᠨ ᠬᠡᠯᠡᠯᠴᠡᠭᠡᠷ ᠲᠣᠭᠲᠠᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号