ᠳᠤᠮᠳᠠᠳᠤ ᠤᠯᠤᠰ ᠤᠨ ᠣᠨᠴᠠᠯᠢᠭ ᠪᠦᠬᠦᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2025/6/3
                ︵2024 ᠣᠨ ᠤ 9 ᠰᠠᠷ᠎ᠠ ᠶᠢᠨ 21 ᠤ ᠡᠳᠦᠷ︶  ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠴᠢᠬᠤᠯᠠ ᠪᠦᠷᠢᠯᠳᠦᠭᠦᠨ ᠬᠡᠰᠡᠭ ᠮᠥᠨ ᠃ ᠳᠤᠮᠳᠠᠳᠤ ᠤᠯᠤᠰ ᠤᠨ ᠣᠨᠴᠠᠯᠢᠭ ᠪᠦᠬᠦᠢ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ ᠃  ᠨᠢᠭᠡ ᠂ ᠶᠡᠷᠦᠩᠬᠡᠢ ᠱᠠᠭᠠᠷᠳᠠᠯᠭ᠎ᠠ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠨᠡᠶᠢᠭᠡᠮ ᠵᠢᠷᠤᠮ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠪᠠᠷ ᠦᠨᠳᠦᠰᠦ ᠪᠤᠯᠭᠠᠵᠤ ᠂ ᠥᠮᠴᠢᠯᠡᠯ ᠤᠨ ᠡᠷᠬᠡ ᠲᠣᠳᠣᠷᠬᠠᠢ ᠂ ᠡᠷᠬᠡ ᠬᠠᠷᠢᠭᠤᠴᠠᠯᠭ᠎ᠠ ᠲᠣᠳᠣᠷᠬᠠᠢ ᠂ ᠵᠠᠰᠠᠭ ᠤᠨ ᠣᠷᠳᠣᠨ ᠠᠵᠤ ᠠᠬᠤᠶᠢᠯᠠᠯ ᠢ ᠰᠠᠯᠭᠠᠬᠤ ᠂ ᠬᠠᠮᠢᠶᠠᠷᠤᠯᠲᠠ ᠰᠢᠨᠵᠢᠯᠡᠬᠦ ᠤᠬᠠᠭᠠᠨᠴᠢ ᠪᠠᠶᠢᠬᠤ ᠪᠠᠷ ᠰᠠᠭᠤᠷᠢ ᠪᠤᠯᠭᠠᠵᠤ ᠂ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠤᠯᠭᠠᠵᠤ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠵᠤ ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠨᠡᠩ ᠤᠯᠠᠨ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠃  ᠠᠵᠢᠯ ᠤᠨ ᠳᠤᠮᠳᠠ ᠪᠠᠨ ᠳᠣᠣᠷᠠᠬᠢ ᠵᠦᠢᠯ ᠢ ᠪᠡᠶᠡᠯᠡᠭᠦᠯᠬᠦ ᠬᠡᠷᠡᠭᠲᠡᠢ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ ᠂ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯ ᠤᠨ ᠪᠦᠲᠦᠮᠵᠢᠲᠡᠢ ᠪᠦᠷᠬᠦᠴᠡ ᠶᠢ ᠠᠬᠢᠭᠤᠯᠵᠤ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠃ ︽ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ ᠂ ᠬᠠᠮᠲᠤ ᠪᠠᠷ ᠬᠥᠭᠵᠢᠬᠦ ᠶᠢ ᠠᠬᠢᠭᠤᠯᠵᠤ ᠂ ᠡᠯ᠎ᠡ ᠲᠦᠷᠦᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠃ ᠳᠦᠷᠢᠮ ᠤᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ ᠂ ᠺᠤᠮᠫᠠᠨᠢ ᠶᠢ ᠵᠠᠰᠠᠬᠤ ᠪᠦᠲᠦᠴᠡ ᠪᠣᠯᠣᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠠᠬᠢᠭᠤᠯᠵᠤ ᠂ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠦᠨ ᠂ ᠡᠯ᠎ᠡ ᠲᠥᠷᠥᠯ ᠤᠨ ᠠᠵᠤ ᠠᠬᠤᠶᠢᠯᠠᠯ ᠢ ᠳᠡᠮᠵᠢᠬᠦ ᠪᠠ ᠬᠥᠲᠥᠯᠥᠨ ᠵᠢᠯᠤᠭᠤᠳᠴᠤ ᠪᠠᠶᠢᠭᠠᠳ ᠡᠬᠢ ᠪᠠᠶᠠᠯᠢᠭ ᠬᠦᠴᠦᠨ ᠵᠦᠢᠯ ᠤᠨ ᠠᠰᠢᠭᠯᠠᠯᠲᠠ ᠶᠢᠨ ᠦᠷ᠎ᠡ ᠪᠦᠲᠦᠮᠵᠢ ᠪᠣᠯᠣᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠲᠥᠷᠥᠯ ᠬᠤᠪᠢᠶᠠᠨ ᠬᠥᠲᠥᠯᠥᠨ ᠵᠢᠯᠤᠭᠤᠳᠬᠤ ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ ᠂ ᠠᠵᠤ ᠠᠬᠤᠶᠢᠯᠠᠯ ᠤᠨ ᠬᠡᠪᠴᠢᠶ᠎ᠡ ᠂ ᠬᠥᠭᠵᠢᠯᠲᠡ ᠶᠢᠨ ᠱᠠᠲᠤ ᠦᠶ᠎ᠡ ᠂ ᠥᠮᠴᠢᠯᠡᠯ ᠤᠨ ᠳᠦᠷᠢᠮ ᠤᠨ ᠰᠢᠨᠵᠢ ᠴᠢᠨᠠᠷ ᠵᠡᠷᠭᠡ ᠶᠢ ᠦᠨᠳᠦᠰᠦᠯᠡᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠨᠠᠩ ᠠᠮᠢᠵᠢᠷᠠᠯ ᠤᠨ ᠬᠦᠴᠦᠨ ᠲᠠᠢ ᠂ ᠨᠠᠩ ᠤᠶᠠᠨ ᠬᠠᠲᠠᠨ ᠴᠢᠨᠠᠷᠲᠠᠢ ᠂ ᠨᠠᠩ ᠥᠷᠢᠰᠦᠯᠳᠦᠬᠦ ᠬᠦᠴᠦᠨ ᠲᠠᠢ ᠣᠲᠣ ᠦᠶ᠎ᠡ ᠶᠢᠨ ᠠᠵᠤ ᠠᠬᠤᠶᠢᠯᠠᠯ ᠢ ᠪᠣᠶᠢᠵᠢᠭᠤᠯᠬᠤ ᠬᠡᠷᠡᠭᠲᠡᠢ ᠃  ᠭᠤᠣᠯ ᠬᠠᠷᠠᠯᠲᠠ᠄ 5 ᠵᠢᠯ ᠰᠢᠬᠠᠮ ᠤᠨ ᠬᠤᠭᠤᠴᠠᠭᠠᠨ ᠳᠤ ᠂ ᠨᠥᠬᠦᠴᠡᠯ ᠪᠦᠷᠢᠯᠳᠦᠭᠦᠯᠦᠭᠰᠡᠨ ᠠᠵᠤ ᠠᠬᠤᠶᠢᠯᠠᠯ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠂ ᠪᠣᠳᠠᠲᠠᠢ ᠳᠤ ᠨᠡᠶᠢᠴᠡᠭᠰᠡᠨ ᠂ ᠬᠥᠭᠵᠢᠯᠲᠡ ᠶᠢᠨ ᠬᠡᠷᠡᠭᠴᠡᠭᠡ ᠶᠢ ᠬᠠᠩᠭᠠᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠨᠡᠶᠢᠳᠡᠮ ᠲᠣᠭᠲᠠᠭᠠᠬᠤ ᠶᠢ ᠠᠬᠢᠭᠤᠯᠵᠤ ᠂ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠵᠠᠰᠠᠯᠲᠠ ᠶᠢᠨ ᠪᠦᠲᠦᠴᠡ ᠶᠢ ᠨᠡᠩ ᠪᠦᠷᠢᠨᠰᠢᠭᠦᠯᠵᠦ ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠨᠡᠩ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠠᠬᠢᠭᠤᠯᠵᠤ ᠂ ᠠᠵᠤ ᠦᠢᠯᠡᠰ ᠤᠨ ᠲᠡᠰ ᠳᠡᠪᠰᠢᠬᠦ ᠶᠢ ᠲᠤᠯᠭᠠᠭᠤᠷᠢᠯᠠᠵᠤ ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠤᠨ᠎ᠠ ᠃ 2035 ᠣᠨ ᠪᠤᠯᠬᠤ ᠳᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠨᠡᠩ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ ᠂ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ ᠃  ᠬᠤᠶᠠᠷ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ  ︵ᠨᠢᠭᠡ︶ ᠨᠠᠮ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠤᠳᠤᠷᠢᠳᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠢᠬᠤᠯᠠ ᠶᠡᠭᠡ ᠵᠦᠢᠯ ᠢ ᠶᠠᠷᠢᠯᠴᠠᠨ ᠲᠣᠭᠲᠠᠭᠠᠬᠤ ᠵᠠᠭᠠᠭ ᠬᠢᠵᠠᠭᠠᠷ ᠢ ᠲᠣᠳᠣᠷᠬᠠᠶᠢᠯᠠᠵᠤ ᠂ ᠤᠷᠢᠳᠠᠴᠢ ᠰᠤᠳᠤᠯᠤᠨ ᠶᠠᠷᠢᠯᠴᠠᠬᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ ᠨᠠᠮ ᠠᠴᠠ ᠺᠠᠳ᠋ᠷ ᠢ ᠬᠠᠮᠢᠶᠠᠷᠬᠤ ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠪᠠᠷᠢᠮᠲᠠᠯᠠᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠪᠦᠲᠦᠮᠵᠢᠲᠡᠢ ᠬᠡᠪ ᠵᠠᠭᠪᠤᠷ ᠢ ᠬᠠᠶᠢᠨ ᠰᠦᠪᠡᠭᠴᠢᠯᠡᠨ᠎ᠡ ᠃  ︵ᠬᠤᠶᠠᠷ︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ ᠃ ᠠᠵᠤ ᠠᠬᠤᠶᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠶᠢ ᠬᠥᠲᠥᠯᠥᠨ ᠵᠢᠯᠤᠭᠤᠳᠬᠤ ᠪᠠ ᠬᠢᠨᠠᠯᠲᠠ ᠲᠠᠯᠪᠢᠵᠤ ᠂ ᠡᠯ᠎ᠡ ᠲᠠᠯ᠎ᠠ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠶᠢᠨ ᠬᠠᠮᠲᠤ ᠪᠠᠷ ᠰᠤᠷᠤᠯᠴᠠᠬᠤ ᠂ ᠣᠯᠣᠯᠴᠠᠨ ᠵᠥᠪᠳᠡᠯᠴᠡᠬᠦ ᠪᠠ ᠦᠨᠡᠨᠴᠢ ᠪᠠᠷ ᠶᠠᠷᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ ᠃  ᠭᠤᠷᠪᠠ ᠂ ᠺᠤᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠎ᠡ  ︵ᠭᠤᠷᠪᠠ︶ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢᠨ ᠪᠦᠲᠦᠴᠡ ᠶᠢ ᠪᠦᠷᠢᠨᠰᠢᠭᠦᠯᠦᠨ᠎ᠡ ᠃ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠡᠳ᠋ ᠬᠥᠷᠥᠩᠭᠡ ᠶᠢᠨ ᠡᠷᠬᠡ ᠶᠢ ᠭᠦᠨᠳᠦᠳᠭᠡᠵᠦ ᠂ ᠬᠠᠷᠢᠶᠠᠯᠠᠯ ᠨᠢ ᠲᠣᠳᠣᠷᠬᠠᠢ ᠂ ᠪᠦᠲᠦᠴᠡ ᠨᠢ ᠵᠦᠢ ᠵᠣᠬᠢᠰᠲᠠᠢ ᠂ ᠡᠷᠭᠢᠯᠲᠡ ᠨᠢ ᠤᠷᠤᠭᠰᠢᠲᠠᠢ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢᠨ ᠳᠦᠷᠢᠮ ᠢ ᠪᠤᠢ ᠪᠣᠯᠭᠠᠨ᠎ᠠ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠴᠢᠳᠠᠮᠵᠢ ᠶᠢᠨ ᠪᠠᠶᠢᠷᠢ ᠲᠣᠭᠲᠠᠭᠠᠯᠲᠠ ᠪᠠᠨ ᠦᠨᠳᠦᠰᠦᠯᠡᠨ ᠰᠲ᠋ᠣᠺ ᠤᠨ ᠡᠷᠬᠡ ᠶᠢᠨ ᠪᠦᠲᠦᠴᠡ ᠪᠠᠨ ᠠᠯᠬᠤᠮ ᠠᠯᠬᠤᠮ ᠢᠶᠠᠷ ᠲᠣᠬᠢᠷᠠᠭᠤᠯᠤᠨ ᠰᠢᠯᠢᠳᠡᠭᠵᠢᠭᠦᠯᠵᠦ ᠂ ᠰᠲ᠋ᠣᠺ ᠤᠨ ᠡᠷᠬᠡ ᠶᠢᠨ ᠪᠦᠲᠦᠴᠡ ᠨᠢ ᠤᠯᠠᠨ ᠡᠰᠢᠵᠢᠭᠰᠡᠨ ᠂ ᠬᠤᠪᠢ ᠣᠷᠣᠭᠤᠯᠤᠭᠴᠢ ᠶᠢᠨ ᠦᠢᠯᠡ ᠠᠵᠢᠯᠯᠠᠭ᠎ᠠ ᠨᠢ ᠵᠢᠷᠤᠮᠵᠢᠬᠰᠠᠨ ᠂ ᠳᠣᠲᠣᠭᠠᠳᠤ ᠶᠢᠨ ᠬᠢᠵᠠᠭᠠᠷᠯᠠᠯ ᠨᠢ ᠪᠦᠲᠦᠮᠵᠢᠲᠡᠢ ᠂ ᠡᠷᠭᠢᠯᠲᠡ ᠨᠢ ᠥᠨᠳᠥᠷ ᠪᠦᠲᠦᠮᠵᠢᠲᠡᠢ ᠪᠥᠭᠡᠳ ᠠᠮᠢᠳᠤᠯᠢᠭ ᠪᠠᠶᠢᠬᠤ ᠡᠵᠡᠩᠨᠡᠯᠲᠡ ᠶᠢᠨ ᠲᠣᠭᠲᠠᠴᠠ ᠶᠢ ᠪᠤᠢ ᠪᠣᠯᠭᠠᠨ᠎ᠠ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠥᠭᠦᠮ ᠳᠥᠲᠡ ᠂ ᠲᠣᠳᠣᠷᠬᠠᠢ ᠂ ᠬᠠᠷᠢᠯᠴᠠᠨ ᠨᠡᠪᠲᠡᠷᠡᠵᠦ ᠪᠤᠯᠬᠤ ᠰᠲ᠋ᠣᠺ ᠤᠨ ᠡᠷᠬᠡ ᠶᠢᠨ ᠪᠦᠲᠦᠴᠡ ᠪᠠᠶᠢᠭᠤᠯᠬᠤ ᠶᠢ ᠵᠣᠷᠢᠭᠵᠢᠭᠤᠯᠤᠨ᠎ᠠ ᠃  ︵ᠳᠥᠷᠪᠡ︶ ᠤᠯᠤᠰ ᠤᠨ ᠥᠮᠴᠢᠯᠠᠯ ᠤᠨ ᠠᠵᠤ ᠠᠬᠤᠶᠢᠯᠠᠯ ᠤᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ ᠃ ᠡᠷᠬᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠂ ᠡᠷᠬᠡ ᠬᠠᠷᠢᠭᠤᠴᠠᠯᠭ᠎ᠠ ᠶᠢ ᠢᠯᠡ ᠲᠣᠳᠣ ᠪᠠᠶᠢᠯᠭᠠᠬᠤ ᠂ ᠵᠣᠬᠢᠴᠠᠩᠭᠤᠢ ᠪᠠᠷ ᠠᠵᠢᠯᠯᠠᠬᠤ ᠂ ᠪᠦᠲᠦᠮᠵᠢᠲᠡᠢ ᠪᠠᠷ ᠬᠠᠷᠢᠯᠴᠠᠨ ᠬᠢᠵᠠᠭᠠᠷᠯᠠᠬᠤ ᠺᠤᠮᠫᠠᠨᠢ ᠶᠢ ᠵᠠᠰᠠᠬᠤ ᠲᠣᠭᠲᠠᠴᠠ ᠶᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ ᠂ ᠺᠤᠮᠫᠠᠨᠢ ᠶᠢᠨ ᠵᠠᠰᠠᠯᠲᠠ ᠳᠠᠬᠢ ᠳᠦᠷᠢᠮ ᠲᠣᠭᠲᠠᠭᠠᠯ ᠤᠨ ᠰᠠᠭᠤᠷᠢ ᠪᠤᠯᠬᠤ ᠦᠢᠯᠡᠳᠦᠯ ᠢ ᠴᠢᠩᠭᠠᠳᠬᠠᠨ᠎ᠠ ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠢᠭᠯᠡᠯ ᠢ ᠡᠵᠡᠮᠳᠡᠬᠦ ᠂ ᠶᠡᠭᠡ ᠲᠠᠯ᠎ᠠ ᠶᠢ ᠬᠠᠮᠢᠶᠠᠷᠬᠤ ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠢᠯᠡᠳᠦᠯ ᠢᠶᠠᠨ ᠪᠠᠳᠠᠷᠠᠭᠤᠯᠤᠨ᠎ᠠ ᠃ ᠬᠤᠪᠢ ᠣᠷᠣᠭᠤᠯᠤᠭᠴᠢᠳ ᠤᠨ ᠵᠥᠪᠯᠡᠯ ᠪᠣᠯ ᠺᠤᠮᠫᠠᠨᠢ ᠶᠢᠨ ᠡᠷᠬᠡᠲᠦ ᠪᠠᠶᠢᠭᠤᠯᠤᠮᠵᠢ ᠮᠥᠨ ᠂ ᠬᠤᠪᠢ ᠣᠷᠣᠭᠤᠯᠤᠭᠴᠢ ᠪᠡᠯᠡ ᠭᠠᠷᠭᠠᠭᠰᠠᠨ ᠬᠠᠷᠢᠴᠠᠯ ᠪᠠ ᠳᠦᠷᠢᠮ ᠤᠨ ᠶᠣᠰᠣᠭᠠᠷ ᠪᠠᠲᠤᠯᠠᠯᠲᠠ ᠬᠢᠬᠦ ᠡᠷᠬᠡ ᠪᠠᠨ ᠬᠡᠷᠡᠭᠵᠢᠭᠦᠯᠵᠦ ᠂ ᠳᠦᠷᠢᠮ ᠤᠨ ᠲᠣᠭᠲᠠᠭᠠᠯ ᠠᠴᠠ ᠬᠡᠲᠦᠷᠡᠭᠦᠯᠦᠨ ᠠᠵᠤ ᠠᠬᠤᠶᠢᠯᠠᠯ ᠤᠨ ᠡᠳᠦᠷ ᠲᠤᠳᠤᠮ ᠤᠨ ᠡᠵᠡᠩᠨᠡᠯᠲᠡ ᠳᠤ ᠭᠠᠷ ᠲᠦᠷᠦᠵᠤ ᠪᠤᠯᠬᠤ ᠦᠭᠡᠢ ᠃ ᠬᠡᠷᠡᠭ ᠮᠡᠳᠡᠭᠴᠢᠳ ᠤᠨ ᠵᠥᠪᠯᠡᠯ ᠨᠢ ᠪᠠᠶᠢᠯᠳᠤᠬᠤ ᠪᠣᠳᠣᠯᠭ᠎ᠠ ᠲᠣᠭᠲᠠᠭᠠᠬᠤ ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠲᠦᠭᠰᠢᠭᠦᠷᠢ ᠶᠢ ᠰᠡᠷᠭᠡᠶᠢᠯᠡᠬᠦ ᠦᠢᠯᠡᠳᠦᠯ ᠢᠶᠠᠨ ᠪᠠᠳᠠᠷᠠᠭᠤᠯᠵᠤ ᠂ ᠪᠦᠯᠦᠭᠯᠡᠯ ᠤᠨ ᠶᠡᠷᠦᠩᠬᠡᠢ ᠬᠡᠯᠲᠡᠰ ᠤᠨ ᠡᠷᠬᠡ ᠣᠯᠭᠤᠬᠤ ᠡᠷᠬᠡ ᠶᠢ ᠳᠣᠷᠣᠭᠰᠢ ᠪᠠᠭᠤᠯᠭᠠᠬᠤ ᠬᠢᠭᠡᠳ ᠬᠤᠪᠢᠶᠠᠷᠢ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ ᠤᠨ ᠡᠷᠬᠡ ᠲᠤᠰᠢᠶᠠᠯ ᠢ ᠪᠦᠯᠦᠭ ᠲᠥᠷᠥᠯ ᠬᠤᠪᠢᠶᠠᠨ ᠨᠠᠶᠢᠳᠠᠪᠤᠷᠢᠵᠢᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ ᠂ ᠬᠡᠷᠡᠭ ᠮᠡᠳᠡᠭᠴᠢᠳ ᠤᠨ ᠵᠥᠪᠯᠡᠯ ᠠᠴᠠ ᠳᠠᠭᠠᠭᠠᠮᠠᠯ ᠤᠨ ᠳᠠᠪᠬᠤᠷᠭ᠎ᠠ ᠳᠤ ᠡᠷᠬᠡ ᠣᠯᠭᠤᠬᠤ ᠳᠦᠷᠢᠮ ᠢ ᠵᠢᠷᠤᠮᠵᠢᠭᠤᠯᠤᠨ ᠨᠠᠶᠢᠳᠠᠪᠤᠷᠢᠵᠢᠭᠤᠯᠤᠨ᠎ᠠ ᠃ ᠭᠠᠳᠠᠨᠠᠬᠢ ᠬᠡᠷᠡᠭ ᠮᠡᠳᠡᠭᠴᠢ ᠶᠢ ᠦᠨᠡᠯᠡᠬᠦ ᠪᠠ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠭᠠᠳᠠᠨᠠᠬᠢ ᠬᠡᠷᠡᠭ ᠮᠡᠳᠡᠭᠴᠢ ᠶᠢᠨ ᠪᠠᠶᠢᠳᠠᠯ ᠢ ᠮᠡᠳᠡᠬᠦ ᠡᠷᠬᠡ ᠂ ᠪᠠᠲᠤᠯᠠᠯᠲᠠ ᠬᠢᠬᠦ ᠡᠷᠬᠡ ᠂ ᠬᠢᠨᠠᠯᠲᠠ ᠲᠠᠯᠪᠢᠬᠤ ᠡᠷᠬᠡ ᠂ ᠰᠠᠨᠠᠭᠤᠯᠭ᠎ᠠ ᠳᠤᠷᠠᠳᠬᠤ ᠡᠷᠬᠡ ᠶᠢ ᠨᠠᠶᠢᠳᠠᠪᠤᠷᠢᠵᠢᠭᠤᠯᠤᠨ᠎ᠠ ᠃ ᠳᠠᠭᠠᠭᠠᠮᠠᠯ ᠤᠨ ᠳᠠᠪᠬᠤᠷᠭ᠎ᠠ  ᠨᠢ ᠡᠵᠡᠩᠨᠡᠯᠲᠡ ᠬᠢᠬᠦ ᠂ ᠨᠠᠶᠢᠳᠠᠪᠤᠷᠢᠵᠢᠭᠤᠯᠤᠯᠲᠠ ᠶᠢ ᠠᠳᠬᠤᠬᠤ ᠂ ᠬᠠᠮᠢᠶᠠᠷᠤᠯᠲᠠ ᠪᠠᠨ ᠴᠢᠩᠭᠠᠳᠬᠠᠬᠤ ᠦᠢᠯᠡᠳᠦᠯ ᠢᠶᠠᠨ ᠪᠠᠳᠠᠷᠠᠭᠤᠯᠵᠤ ᠂ ᠲᠤᠰᠢᠶᠠᠯ ᠡᠭᠦᠷᠭᠡᠯᠡᠬᠦ ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢ ᠪᠦᠭᠦ ᠲᠠᠯ᠎ᠠ ᠪᠠᠷ ᠠᠬᠢᠭᠤᠯᠤᠨ᠎ᠠ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠳᠠᠭᠠᠭᠠᠮᠠᠯ ᠤᠨ ᠳᠠᠪᠬᠤᠷᠭ᠎ᠠ ᠶᠢᠨ ᠪᠦᠷᠢᠯᠳᠦᠭᠦᠨ ᠤ ᠲᠤᠰᠢᠶᠠᠯ ᠡᠭᠦᠷᠭᠡᠯᠡᠬᠦ ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠯᠠᠪᠯᠠᠯᠲᠠ ᠪᠤᠯᠭᠠᠵᠤ ᠂ ᠬᠠᠮᠢᠶᠠᠷᠤᠯᠲᠠ ᠶᠢᠨ ᠠᠵᠢᠯᠲᠠᠨ ᠤ ᠡᠵᠡᠩᠨᠡᠯᠲᠡ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠡᠩ ᠶᠡᠭᠡ ᠬᠡᠪᠴᠢᠶ᠎ᠡ ᠪᠠᠷ ᠂ ᠲᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ ᠨᠠᠶᠢᠳᠠᠪᠤᠷᠢᠵᠢᠭᠤᠯᠤᠨ᠎ᠠ ᠃  ︵ᠲᠠᠪᠤ︶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠶᠢ ᠰᠢᠯᠢᠳᠡᠭᠵᠢᠭᠦᠯᠬᠦ ᠶᠢ ᠳᠡᠮᠵᠢᠨ᠎ᠡ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠷᠰᠢᠬᠤ ᠳᠦᠷᠢᠮ ᠂ ᠺᠤᠮᠫᠠᠨᠢ ᠶᠢᠨ ᠳᠦᠷᠢᠮ ᠵᠡᠷᠭᠡ ᠤᠯᠠᠨ ᠵᠦᠢᠯ ᠤᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠮᠠᠶ᠋ᠢᠭ ᠠᠪᠬᠤ ᠶᠢ ᠵᠣᠷᠢᠭᠵᠢᠭᠤᠯᠤᠨ ᠂ ᠳᠣᠲᠣᠭᠠᠳᠤ ᠵᠠᠰᠠᠯᠲᠠ ᠶᠢᠨ ᠳᠦᠷᠢᠮ ᠢᠶᠠᠨ ᠲᠡᠭᠦᠯᠳᠡᠷᠵᠢᠭᠦᠯᠦᠨ ᠂ ᠵᠢᠷᠤᠮᠵᠢᠬᠰᠠᠨ ᠳᠦᠷᠢᠮ ᠲᠣᠭᠲᠠᠭᠠᠵᠤ ᠂ ᠳᠦᠷᠢᠮ ᠬᠢᠭᠡᠳ ᠪᠡᠯᠡ ᠭᠠᠷᠭᠠᠬᠤ ᠵᠥᠪᠯᠡᠯᠴᠡᠭᠡᠷ ᠤᠨ ᠨᠢᠭᠡᠳᠦᠯᠲᠦ ᠴᠢᠨᠠᠷ ᠢ ᠪᠠᠲᠤᠯᠠᠨ ᠂ ᠬᠤᠪᠢ ᠡᠵᠡᠮᠳᠡᠬᠦ ᠬᠤᠪᠢ ᠣᠷᠣᠭᠤᠯᠤᠭᠴᠢ ᠂ ᠪᠣᠳᠠᠲᠠᠢ ᠡᠵᠡᠮᠳᠡᠭᠴᠢ ᠶᠢᠨ ᠥᠢᠯᠡ ᠠᠵᠢᠯᠯᠠᠭ᠎ᠠ ᠶᠢ ᠵᠢᠷᠤᠮᠵᠢᠭᠤᠯᠤᠨ᠎ᠠ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠪᠠ ᠬᠠᠮᠢᠶᠠᠷᠤᠯᠲᠠ ᠶᠢᠨ ᠳᠦᠷᠢᠮ ᠢᠶᠠᠨ ᠲᠡᠭᠦᠯᠳᠡᠷᠵᠢᠭᠦᠯᠬᠦ ᠶᠢ ᠳᠡᠮᠵᠢᠨ ᠵᠢᠯᠤᠭᠤᠳᠴᠤ ᠂ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠪᠢ ᠣᠷᠣᠭᠤᠯᠤᠭᠴᠢᠳ ᠤᠨ ᠵᠥᠪᠯᠡᠯ ᠂ ᠬᠡᠷᠡᠭ ᠮᠡᠳᠡᠭᠴᠢᠳ ᠤᠨ ᠵᠥᠪᠯᠡᠯ ᠂ ᠳᠠᠭᠠᠭᠠᠮᠠᠯ ᠤᠨ ᠳᠠᠪᠬᠤᠷᠭ᠎ᠠ ᠪᠠᠨ ᠵᠢᠷᠤᠮᠵᠢᠭᠤᠯᠤᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ᠎ᠠ ᠃ ᠲᠥᠷᠥᠯ ᠤᠭᠰᠠᠭ᠎ᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠵᠠᠭᠪᠤᠷ ᠂ ᠵᠣᠬᠢᠶᠠᠨ ᠪᠠᠶᠢᠭᠤᠯᠤᠯᠲᠠ ᠶᠢᠨ ᠪᠦᠲᠦᠴᠡ ᠂ ᠠᠵᠤ ᠠᠬᠤᠶᠢᠯᠠᠯ ᠤᠨ ᠰᠣᠶᠣᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ ᠃  ︵ᠵᠢᠷᠭᠤᠭ᠎ᠠ︶ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤ ᠦᠵᠡᠭᠦᠯᠭᠦ ᠬᠥᠷᠥᠩᠭᠡ ᠶᠢᠨ ᠵᠠᠬ᠎ᠠ ᠳᠡᠯᠭᠡᠭᠦᠷ ᠤᠨ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ ᠃ ᠬᠤᠪᠢ ᠡᠵᠡᠮᠳᠡᠬᠦ ᠬᠤᠪᠢ ᠣᠷᠣᠭᠤᠯᠤᠭᠴᠢ ᠶᠢᠨ ᠺᠤᠮᠫᠠᠨᠢ ᠳᠠᠬᠢ ᠦᠨᠡᠨᠴᠢ ᠢᠲᠡᠭᠡᠮᠵᠢ ᠶᠢᠨ ᠡᠭᠦᠷᠭᠡ ᠶᠢ ᠴᠢᠩᠭᠠᠳᠬᠠᠵᠤ ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠬᠤᠪᠢ ᠡᠵᠡᠮᠳᠡᠬᠦ ᠬᠠᠷᠢᠴᠠᠯ ᠨᠢ 5% ᠠᠴᠠ ᠳᠡᠭᠡᠭᠰᠢᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ᠶᠢ ᠣᠷᠣᠭᠤᠯᠤᠨ ᠠᠪᠴᠢᠷᠠᠵᠤ ᠢᠳᠡᠪᠬᠢᠲᠡᠢ ᠬᠤᠪᠢ ᠣᠷᠣᠭᠤᠯᠤᠭᠴᠢ ᠪᠤᠯᠭᠠᠬᠤ ᠶᠢ ᠳᠡᠮᠵᠢᠨ᠎ᠡ ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠣᠯᠠᠩᠬᠢ ᠲᠤᠭ᠎ᠠ ᠶᠢ ᠡᠵᠡᠯᠡᠭᠰᠡᠨ ᠬᠢᠨᠠᠨ ᠪᠤᠳᠣᠬᠤ ᠵᠥᠪᠯᠡᠯ ᠪᠣᠯᠣᠨ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠶᠢᠨ ᠲᠤᠰᠬᠠᠢ ᠬᠤᠷᠠᠯ ᠤᠨ ᠲᠣᠭᠲᠠᠴᠠ ᠶᠢ ᠪᠠᠶᠢᠭᠤᠯᠤᠨ᠎ᠠ ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠵᠠᠰᠠᠯᠲᠠ ᠶᠢᠨ ᠬᠦᠷᠢᠶ᠎ᠡ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ ᠂ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠤᠨ᠎ᠠ ᠃  ᠳᠥᠷᠪᠡ ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ  ︵ᠲᠤᠯᠤᠭ᠎ᠠ︶ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ ᠃ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠬᠢᠭᠡᠳ ᠣᠨ ᠤ ᠲᠥᠯᠥᠪᠯᠡᠭᠡ ᠂ ᠪᠡᠯᠡ ᠣᠷᠣᠭᠤᠯᠤᠯᠲᠠ ᠶᠢᠨ ᠲᠥᠯᠥᠪᠯᠡᠭᠡ ᠂ ᠡᠳ᠋ ᠤᠨ ᠶᠠᠪᠤᠳᠠᠯ ᠤᠨ ᠲᠥᠰᠥᠪ ᠂ ᠲᠤᠰᠢᠶᠠᠯ ᠡᠭᠦᠷᠭᠡᠯᠡᠬᠦ ᠬᠤᠭᠤᠴᠠᠭᠠᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠂ ᠣᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠵᠡᠷᠭᠡ ᠶᠢᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠤᠨ᠎ᠠ ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠳᠤ ᠰᠠᠭᠤᠷᠢᠯᠠᠨ ᠭᠤᠣᠯ ᠬᠠᠷᠢᠭᠤᠴᠠᠯᠭ᠎ᠠ ᠭᠤᠣᠯ ᠠᠵᠢᠯ ᠢ ᠡᠮᠬᠢᠯᠡᠨ ᠲᠣᠳᠣᠷᠬᠠᠶᠢᠯᠠᠵᠤ ᠂ ᠮᠡᠷᠭᠡᠵᠢᠯ ᠂ ᠴᠢᠳᠠᠪᠤᠷᠢᠲᠠᠨ ᠂ ᠪᠡᠯᠡ ᠮᠥᠩᠭᠦ ᠵᠡᠷᠭᠡ ᠡᠯ᠎ᠡ ᠲᠥᠷᠥᠯ ᠤᠨ ᠬᠦᠴᠦᠨ ᠵᠦᠢᠯ ᠢ ᠭᠤᠣᠯ ᠠᠵᠢᠯ ᠲᠡᠶᠢᠰᠢ ᠲᠥᠪᠯᠡᠷᠡᠭᠦᠯᠬᠦ ᠶᠢ ᠠᠬᠢᠭᠤᠯᠤᠨ ᠂ ᠰᠣᠬᠤᠷ ᠪᠠᠯᠠᠢ ᠪᠠᠷ ᠣᠯᠠᠨ ᠡᠰᠢᠵᠢᠭᠦᠯᠦᠨ ᠥᠷᠭᠡᠳᠬᠡᠬᠦ ᠪᠠ ᠡᠮᠬᠢ ᠵᠢᠷᠤᠮ ᠦᠭᠡᠢ ᠪᠠᠷ ᠥᠷᠭᠡᠳᠬᠡᠬᠦ ᠶᠢ ᠰᠡᠷᠭᠡᠶᠢᠯᠡᠨ ᠬᠤᠷᠢᠭᠯᠠᠨ᠎ᠠ ᠃  ︵ᠨᠠᠢᠮᠠ︶ ᠳᠣᠲᠣᠭᠠᠳᠤ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ᠪᠦᠯᠦᠭᠯᠡᠯ ᠤᠨ ᠶᠡᠷᠦᠩᠬᠡᠢ ᠬᠡᠯᠲᠡᠰ ᠤᠨ ᠬᠠᠷᠢᠶ᠎ᠠ ᠠᠵᠤ ᠠᠬᠤᠶᠢᠯᠠᠯ ᠢᠶᠠᠨ ᠵᠢᠯᠣᠭᠤᠳᠤᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠬᠤ ᠪᠠ ᠬᠤᠯᠪᠣᠭᠳᠠᠬᠤ ᠠᠷᠠᠯᠵᠢᠶᠠᠨ ᠤ ᠬᠠᠮᠢᠶᠠᠷᠤᠯᠲᠠ ᠶᠢ ᠠᠬᠢᠭᠤᠯᠤᠨ᠎ᠠ ᠃ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠳᠣᠲᠣᠭᠠᠳᠤ ᠡᠵᠡᠮᠳᠡᠯ ᠂ ᠬᠠᠤᠯᠢ ᠶᠢᠨ ᠶᠠᠪᠤᠳᠠᠯ ᠤᠨ ᠪᠠᠶᠢᠭᠤᠯᠤᠮᠵᠢ ᠪᠠᠶᠢᠭᠤᠯᠵᠤ ᠂ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠣᠲᠣᠭᠠᠳᠤ ᠳᠠᠬᠢ ᠢᠯᠵᠢᠷᠡᠯ ᠢ ᠡᠰᠡᠷᠭᠦᠴᠡᠬᠦ ᠪᠠᠶᠢᠭᠤᠯᠤᠯ ᠢ ᠨᠢ ᠲᠡᠭᠦᠯᠳᠡᠷᠵᠢᠭᠦᠯᠵᠦ ᠂ ᠬᠢᠨᠠᠨ ᠪᠤᠳᠣᠵᠤ ᠬᠢᠨᠠᠯᠲᠠ ᠲᠠᠯᠪᠢᠬᠤ ᠰᠢᠰᠲ᠋ᠧᠮ ᠪᠣᠯᠣᠨ ᠡᠳ᠋ ᠤᠨ ᠶᠠᠪᠤᠳᠠᠯ ᠨᠢᠭᠲᠠᠯᠠᠨ ᠪᠤᠳᠣᠬᠤ ᠴᠢᠩᠭ᠎ᠠ ᠪᠠᠶᠢᠭᠤᠯᠤᠯ ᠢ ᠪᠠᠶᠢᠭᠤᠯᠤᠨ᠎ᠠ ᠃  ︵ᠶᠢᠰᠦ︶ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠯᠦᠭᠯᠡᠯ ᠺᠤᠮᠫᠠᠨᠢ ᠨᠤᠭᠤᠳ ᠣᠯᠠᠨ ᠳᠡᠰ ᠳᠠᠪᠬᠤᠷᠭ᠎ᠠ ᠪᠦᠬᠦᠢ ᠲᠦᠭᠰᠢᠭᠦᠷᠢ ᠶᠢ ᠰᠡᠷᠡᠮᠵᠢᠯᠡᠬᠦ ᠪᠠ ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠡᠯᠡ ᠣᠷᠣᠭᠤᠯᠤᠨ ᠡᠵᠡᠩᠨᠡᠬᠦ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠣᠲᠣᠭᠠᠳᠤ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠱᠠᠭᠠᠷᠳᠠᠯᠭ᠎ᠠ ᠶᠢ ᠡᠵᠡᠩᠨᠡᠯᠲᠡ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ ᠣᠷᠣᠭᠤᠯᠤᠨ᠎ᠠ ᠃  ︵ᠠᠷᠪᠠ︶ ᠰᠢᠨᠵᠢᠯᠡᠬᠦ ᠤᠬᠠᠭᠠᠨᠴᠢ ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠎ᠠ ᠃ ᠠᠵᠤ ᠠᠬᠤᠶᠢᠯᠠᠯ ᠤᠨ ᠪᠦᠭᠦ ᠲᠠᠯ᠎ᠠ ᠶᠢᠨ ᠲᠥᠰᠥᠪ ᠤᠨ ᠬᠠᠮᠢᠶᠠᠷᠤᠯᠲᠠ ᠪᠠ ᠪᠦᠭᠦ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠵᠤ ᠂ ᠬᠠᠮᠢᠶᠠᠷᠤᠯᠲᠠ ᠶᠢᠨ ᠲᠠᠰ ᠱᠠᠲᠤ ᠂ ᠬᠠᠤᠯᠢ ᠶᠢᠨ ᠡᠷᠬᠡᠲᠡᠨ ᠤ ᠲᠠᠰ ᠱᠠᠲᠤ ᠶᠢ ᠵᠦᠢ ᠵᠣᠬᠢᠰᠲᠠᠢ ᠡᠵᠡᠮᠳᠡᠨ ᠂ ᠲᠣᠭᠠᠴᠢᠯᠠᠭᠰᠠᠨ ᠮᠡᠷᠭᠡᠵᠢᠯ ᠬᠢᠭᠡᠳ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ ᠃ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠂ ᠠᠵᠤ ᠠᠬᠤᠶᠢᠯᠠᠯ ᠤᠨ ᠳ᠋ᠠᠶᠢᠲ᠋ᠠ ᠶᠢ ᠵᠠᠰᠠᠬᠤ ᠪᠠ ᠳ᠋ᠠᠶᠢᠲ᠋ᠠ ᠶᠢ ᠭᠦᠢᠯᠭᠡᠭᠡᠨ ᠳᠤ ᠬᠡᠷᠡᠭᠯᠡᠬᠦ ᠴᠢᠳᠠᠪᠤᠷᠢ ᠶᠢ ᠴᠢᠩᠭᠠᠳᠬᠠᠨ ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠤᠨ᠎ᠠ ᠃ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ ᠠᠬᠤᠶᠢᠯᠠᠯ ᠤᠨ ᠠᠷᠠᠳᠴᠢᠯᠠᠭᠰᠠᠨ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ ᠂ ᠠᠵᠢᠯᠲᠠᠨ ᠠᠵᠢᠯᠴᠢᠨ ᠤ ᠬᠡᠷᠡᠭ ᠮᠡᠳᠡᠭᠴᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ ᠃ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ ᠂ ᠴᠠᠯᠢᠩ ᠢ ᠬᠠᠮᠲᠤ ᠪᠠᠷ ᠵᠥᠪᠳᠡᠯᠴᠡᠬᠦ ᠪᠠᠶᠢᠭᠤᠯᠤᠯ ᠢ ᠢᠳᠡᠪᠬᠢᠲᠡᠢ ᠪᠠᠷ ᠬᠡᠷᠡᠭᠵᠢᠭᠦᠯᠦᠨ ᠂ ᠠᠵᠤ ᠠᠬᠤᠶᠢᠯᠠᠯ ᠤᠨ ᠪᠣᠳᠠᠲᠠᠢ ᠲᠠᠢ ᠨᠡᠶᠢᠴᠡᠭᠰᠡᠨ ᠂ ᠬᠡᠷᠡᠭᠵᠢᠭᠦᠯᠵᠦ ᠪᠣᠯᠬᠤᠶᠢᠴᠠ ᠴᠢᠨᠠᠷᠲᠠᠢ ᠬᠠᠮᠲᠤ ᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠤᠨ᠎ᠠ ᠃  ᠲᠠᠪᠤ ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠᠶᠢᠭᠤᠯᠤᠯ ᠢ ᠪᠦᠷᠢᠨᠰᠢᠭᠦᠯᠦᠨ᠎ᠡ  ︵ᠠᠷᠪᠠᠨ ᠨᠢᠭᠡ︶ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠭᠡᠯᠪᠡᠷᠢ ᠶᠢ ᠪᠤᠢ ᠪᠣᠯᠭᠠᠨ᠎ᠠ ᠃ ᠠᠵᠤ ᠠᠬᠤᠶᠢᠯᠠᠯ ᠤᠨ ᠨᠢᠭᠡ ᠪᠦᠯᠦᠭ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠪᠤᠶᠤ ᠬᠠᠮᠲᠤ  ᠪᠠᠷ ᠪᠠᠶᠢᠭᠤᠯᠬᠤ ᠶᠢ ᠠᠬᠢᠭᠤᠯᠵᠤ ᠂ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠬᠡᠷᠡᠭᠵᠢᠭᠦᠯᠦᠨ᠎ᠡ ᠃ ᠲᠣᠮᠣ ᠭᠡᠯᠪᠡᠷᠢ ᠶᠢᠨ ᠠᠵᠤ ᠠᠬᠤᠶᠢᠯᠠᠯ ᠤᠨ ᠬᠤᠳᠠᠯᠳᠤᠨ ᠠᠪᠬᠤ ᠪᠠᠷᠢᠮᠵᠢᠶ᠎ᠠ ᠪᠠᠨ ᠰᠢᠯᠢᠳᠡᠭᠵᠢᠭᠦᠯᠬᠦ ᠂ ᠮᠡᠷᠭᠡᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠭᠦ ᠶᠢ ᠠᠬᠢᠭᠤᠯᠵᠤ ᠂ ᠬᠠᠩᠭᠠᠯᠭ᠎ᠠ ᠶᠢᠨ ᠬᠡᠯᠬᠢᠶ᠎ᠡ ᠪᠠᠨ ᠬᠠᠷᠢᠯᠴᠠᠨ ᠨᠡᠪᠲᠡᠷᠡᠭᠦᠯᠬᠦ ᠶᠢ ᠪᠡᠶᠡᠯᠡᠭᠦᠯᠦᠨ ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠰᠢᠨ᠎ᠡ ᠶᠢ ᠡᠭᠦᠳᠬᠦ ᠡᠬᠢ ᠪᠠᠶᠠᠯᠢᠭ ᠢ ᠴᠢᠯᠦᠭᠡᠲᠡᠢ ᠨᠡᠭᠡᠭᠡᠵᠦ ᠂ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠪᠠ ᠣᠨᠳᠣᠣᠰᠢᠭᠤᠯᠬᠤ ᠳᠡᠮᠵᠢᠯᠭᠡ ᠬᠠᠩᠭᠠᠨ᠎ᠠ ᠃ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠦᠢᠯᠡᠰ ᠪᠣᠰᠬᠠᠬᠤ ᠶᠢ ᠵᠣᠷᠢᠭᠵᠢᠭᠤᠯᠵᠤ ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃  ︵ᠠᠷᠪᠠᠨ ᠬᠤᠶᠠᠷ︶ ᠰᠢᠨ᠎ᠡ ᠶᠢ ᠡᠭᠦᠳᠬᠦ ᠬᠦᠴᠦᠨ ᠵᠦᠢᠯ ᠢ ᠥᠨᠳᠥᠷ ᠪᠦᠲᠦᠮᠵᠢᠲᠡᠢ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠃ ᠨᠡᠭᠡᠭᠡᠯᠲᠡᠲᠤ ᠭᠡᠯᠪᠡᠷᠢ ᠶᠢᠨ ᠠᠵᠤ ᠠᠬᠤᠶᠢᠯᠠᠯ ᠤᠨ ᠴᠢᠳᠠᠪᠤᠷᠢᠲᠠᠨ ᠤ ᠳᠦᠷᠢᠮ ᠢ ᠲᠡᠭᠦᠯᠳᠡᠷᠵᠢᠭᠦᠯᠵᠦ ᠂ ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠤᠣᠰ ᠴᠢᠭᠯᠡᠯ ᠢᠶᠠᠷ ᠰᠢᠯᠵᠢᠭᠦ ᠲᠣᠭᠲᠠᠴᠠ ᠶᠢ ᠪᠦᠷᠢᠨᠰᠢᠭᠦᠯᠦᠨ᠎ᠡ ᠃ ᠠᠵᠤ ᠠᠬᠤᠶᠢᠯᠠᠯ ᠤᠨ ᠮᠡᠷᠭᠡᠵᠢᠯ ᠢ ᠣᠨᠳᠣᠣᠰᠢᠭᠤᠯᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠤᠬᠠᠭᠳᠠᠬᠤᠨ ᠢᠶᠠᠷ ᠰᠢᠯᠭᠠᠨ ᠪᠠᠲᠤᠯᠠᠬᠤ ᠂ ᠪᠠᠭ᠎ᠠ ᠳᠤᠮᠳᠠ ᠵᠡᠷᠭᠡ ᠶᠢᠨ ᠲᠤᠷᠰᠢᠯᠲᠠ ᠬᠢᠬᠦ ᠂ ᠪᠠᠶᠢᠴᠠᠭᠠᠨ ᠭᠡᠷᠡᠴᠢᠯᠡᠬᠦ ᠵᠡᠷᠭᠡ ᠮᠡᠷᠭᠡᠵᠢᠯ ᠤᠨ ᠦᠢᠯᠡᠴᠢᠯᠡᠭᠡ ᠬᠠᠩᠭᠠᠬᠤ ᠶᠢ ᠳᠡᠮᠵᠢᠨ᠎ᠡ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠦᠷᠢᠮ ᠢ ᠬᠤᠪᠢᠷᠠᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠲᠦᠷᠭᠡᠳᠬᠡᠵᠦ ᠂ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠡᠷᠬᠡ ᠣᠯᠭᠤᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠲᠣᠭᠲᠠᠭᠠᠯ ᠶᠣᠰᠣᠭᠠᠷ ᠥᠷᠨᠢᠭᠦᠯᠦᠨ᠎ᠡ ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠨᠴᠠᠯᠢᠭᠲᠤ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠬᠥᠩᠭᠡᠨ ᠬᠥᠷᠥᠩᠭᠡ ᠶᠢᠨ ᠣᠨᠴᠠᠯᠢᠭ ᠲᠤ ᠲᠣᠬᠢᠷᠠᠬᠤ ᠮᠥᠩᠭᠦᠨ ᠭᠦᠢᠯᠭᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ ᠃  ︵ᠠᠷᠪᠠᠨ ᠭᠤᠷᠪᠠ︶ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠬᠰᠠᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ ᠃ ᠠᠵᠤ ᠠᠬᠤᠶᠢᠯᠠᠯ ᠤᠨ ᠳᠤᠮᠳᠠ ᠣᠷᠳᠣ ᠬᠤᠭᠤᠴᠠᠭᠠᠨ ᠤ ᠥᠷᠲᠡᠭ ᠤᠨ ᠡᠭᠦᠳᠦᠯᠲᠡ ᠶᠢ ᠴᠢᠬᠤᠯᠠᠴᠢᠯᠠᠬᠤ ᠶᠢ ᠵᠣᠷᠢᠭᠵᠢᠭᠤᠯᠵᠤ ᠂ ᠲᠥᠷᠥᠯ ᠵᠦᠢᠯ ᠤᠨ ᠪᠦᠯᠭᠦᠮ ᠳᠤ ᠭᠦᠢᠴᠡᠳ ᠡᠵᠡᠨ ᠮᠡᠳᠡᠬᠦ ᠡᠷᠬᠡ ᠣᠯᠭᠤᠵᠤ ᠂ ᠣᠯᠠᠨ ᠵᠦᠢᠯ ᠤᠨ ᠠᠷᠭ᠎ᠠ ᠮᠠᠶ᠋ᠢᠭ ᠢ ᠪᠦᠲᠦᠮᠵᠢᠲᠡᠶ ᠬᠡᠷᠡᠭᠯᠡᠨ ᠤᠷᠮᠠᠰᠢᠭᠤᠯᠬᠤ ᠶᠢ ᠴᠢᠩᠭᠠᠷᠠᠭᠤᠯᠤᠨ᠎ᠠ ᠃ ᠨᠥᠬᠦᠴᠡᠯ ᠲᠠᠢ ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠪᠠᠶᠢᠭᠤᠯᠤᠮᠵᠢ ᠪᠠᠶᠢᠭᠤᠯᠬᠤ ᠶᠢ ᠠᠬᠢᠭᠤᠯᠤᠨ᠎ᠠ ᠃  ᠵᠢᠷᠭᠤᠭ᠎ᠠ ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠬᠢᠭᠡᠳ ᠠᠵᠤ ᠠᠬᠤᠶᠢᠯᠠᠯ ᠤᠨ ᠰᠣᠶᠣᠯ ᠤᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ  ︵ᠠᠷᠪᠠᠨ ᠳᠥᠷᠪᠡ︶ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠢᠰᠲ᠋ᠧᠮ ᠢ ᠲᠡᠭᠦᠯᠳᠡᠷᠵᠢᠭᠦᠯᠦᠨ᠎ᠡ ᠃ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠣᠶᠢᠯᠠᠭᠠᠭᠳᠠᠬᠤᠨ ᠢ ᠦᠢᠯᠡᠳᠪᠦᠷᠢᠯᠡᠯ ᠡᠵᠡᠩᠨᠡᠯᠲᠡ ᠶᠢᠨ ᠪᠦᠭᠦ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠵᠤ ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ ᠂ ᠦᠨᠡᠨᠴᠢ ᠢᠲᠡᠭᠡᠮᠵᠢᠲᠡᠢ ᠪᠠᠶᠢᠬᠤ ᠶᠢ ᠬᠥᠲᠥᠯᠥᠨ ᠵᠢᠯᠣᠭᠤᠳᠤᠨ᠎ᠠ ᠃ ᠠᠵᠤ ᠠᠬᠤᠶᠢᠯᠠᠯ ᠤᠨ ᠪᠣᠬᠢᠷᠳᠤᠯ ᠦᠭᠡᠢ ᠬᠥᠭᠵᠢᠯᠲᠡ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠂ ᠰᠣᠶᠣᠯ ᠤᠨ ᠤᠯᠠᠮᠵᠢᠯᠠᠯ ᠵᠡᠷᠭᠡ ᠦᠢᠯᠡᠰ ᠲᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠲᠡᠮᠵᠢᠨ᠎ᠡ ᠃  ︵ᠠᠷᠪᠠᠨ ᠲᠠᠪᠤ︶ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ ᠃ ᠠᠵᠤ ᠠᠬᠤᠶᠢᠯᠠᠯ ᠤᠨ ᠴᠠᠯᠢᠩ ᠤᠨ ᠵᠦᠢ ᠵᠣᠬᠢᠰᠲᠠᠢ ᠨᠡᠮᠡᠭᠳᠡᠯ ᠤᠨ ᠲᠣᠭᠲᠠᠴᠠ ᠶᠢ ᠪᠦᠷᠢᠨᠰᠢᠭᠦᠯᠬᠦ ᠶᠢ ᠠᠬᠢᠭᠤᠯᠵᠤ ᠂ ᠰᠢᠨᠵᠢᠯᠡᠬᠦ ᠤᠬᠠᠭᠠᠨᠴᠢ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠴᠠᠯᠢᠩ ᠬᠥᠯᠥᠰᠦ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ ᠢ ᠪᠠᠶᠢᠭᠤᠯᠵᠤ ᠂ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠴᠠᠯᠢᠩ ᠬᠥᠯᠥᠰᠦ ᠶᠢᠨ ᠲᠦᠪᠰᠢᠨ ᠢ ᠵᠦᠢ ᠵᠣᠬᠢᠰᠲᠠᠢ ᠲᠣᠭᠲᠠᠭᠠᠨ᠎ᠠ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠨᠥᠬᠦᠴᠡᠯ ᠳᠤ ᠨᠡᠶᠢᠴᠡᠬᠦ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠴᠠᠯᠢᠩ ᠤᠨ ᠶᠡᠷᠦᠩᠬᠡᠢ ᠲᠥᠰᠥᠪ ᠤᠨ ᠦᠶᠡᠯᠡᠯ ᠤᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠯ᠎ᠡ ᠱᠠᠲᠤᠨ ᠤ ᠬᠠᠷᠢᠭᠤᠴᠠᠯᠭᠠᠲᠠᠨ ᠤ ᠴᠠᠯᠢᠩ ᠬᠥᠯᠥᠰᠦ ᠂ ᠨᠡᠮᠡᠭᠦᠷᠢ ᠨᠥᠬᠦᠪᠦᠷᠢ ᠵᠡᠷᠭᠡ ᠶᠢ ᠵᠦᠢ ᠵᠣᠬᠢᠰᠲᠠᠢ ᠲᠣᠭᠲᠠᠭᠠᠬᠤ ᠶᠢᠨ ᠬᠠᠮᠲᠤ ᠴᠢᠩᠭ᠎ᠠ ᠵᠢᠷᠤᠮᠵᠢᠭᠤᠯᠤᠨ᠎ᠠ ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠳᠤᠮᠳᠠ ᠤᠷᠲᠤ ᠬᠤᠭᠤᠴᠠᠭᠠᠨ ᠤ ᠤᠷᠮᠠᠰᠢᠭᠤᠯᠤᠯ ᠥᠷᠨᠢᠭᠦᠯᠬᠦ ᠶᠢ ᠠᠬᠢᠭᠤᠯᠵᠤ ᠂ ᠲᠣᠭᠲᠠᠭᠤᠨ ᠪᠥᠭᠡᠳ ᠤᠷᠲᠤ ᠬᠤᠭᠤᠴᠠᠭᠠᠨ ᠤ ᠪᠡᠯᠡᠨ ᠵᠣᠭᠤᠰ ᠤᠨ ᠠᠰᠢᠭ ᠬᠤᠪᠢᠶᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ ᠃  ︵ᠠᠷᠪᠠᠨ ᠵᠢᠷᠭᠤᠭ᠎ᠠ︶ ᠰᠢᠯᠢᠳᠡᠭ ᠠᠵᠤ ᠠᠬᠤᠶᠢᠯᠠᠯ ᠤᠨ ᠰᠣᠶᠣᠯ ᠢ ᠪᠣᠶᠢᠵᠢᠭᠤᠯᠤᠨ᠎ᠠ ᠃ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠂ ᠵᠢᠷᠤᠮ ᠢᠶᠠᠷ ᠠᠰᠢᠭ ᠣᠯᠬᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠵᠡᠷᠭᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠣᠶᠢᠯᠠᠭᠠᠭᠳᠠᠬᠤᠨ ᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠦᠢᠯᠡᠳᠦᠯᠭᠡ ᠳᠤ ᠬᠡᠷᠡᠭᠯᠡᠵᠦ ᠂ ᠺᠤᠮᠫᠠᠨᠢ ᠶᠢᠨ ᠵᠠᠰᠠᠯᠲᠠ ᠳᠤ ᠠᠭᠤᠰᠤᠯᠴᠠᠭᠤᠯᠬᠤ ᠶᠢ ᠵᠣᠷᠢᠭᠵᠢᠭᠤᠯᠤᠨ᠎ᠠ ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠢᠶᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ ᠂ ᠬᠠᠤᠯᠢ ᠶᠢ ᠰᠠᠬᠢᠵᠤ ᠡᠵᠡᠩᠨᠡᠬᠦ ᠂ ᠦᠢᠯᠡᠰ ᠪᠣᠰᠬᠠᠨ ᠰᠢᠨ᠎ᠡ ᠶᠢ ᠡᠭᠦᠳᠬᠦ ᠂ ᠨᠡᠶᠢᠭᠡᠮ ᠳᠤ ᠠᠴᠢ ᠬᠠᠷᠢᠭᠤᠯᠠᠬᠤ ᠬᠡᠪ ᠳᠠᠭᠤᠷᠢᠶᠠᠯ ᠪᠤᠯᠭᠠᠬᠤ ᠪᠠᠷ ᠴᠢᠷᠮᠠᠶᠢᠨ᠎ᠠ ᠃ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠪᠠᠨ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠂ ᠦᠢᠯᠡᠳᠪᠦᠷᠢᠯᠡᠯ ᠡᠵᠡᠩᠨᠡᠯᠲᠡ ᠂ ᠠᠵᠢᠯᠲᠠᠨ ᠠᠵᠢᠯᠴᠢᠨ ᠤ ᠪᠣᠯᠪᠠᠰᠤᠷᠠᠯ ᠂ ᠰᠢᠯᠭᠠᠨ ᠬᠢᠨᠠᠵᠤ ᠦᠨᠡᠯᠡᠬᠦ ᠵᠡᠷᠭᠡ ᠪᠦᠭᠦ ᠶᠠᠪᠤᠴᠠ ᠳᠤ ᠠᠭᠤᠰᠤᠯᠴᠠᠭᠤᠯᠬᠤ ᠶᠢ ᠳᠡᠮᠵᠢᠨ᠎ᠡ ᠃ ᠠᠵᠤ ᠠᠬᠤᠶᠢᠯᠠᠯ ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠢᠨ ᠤ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠤᠯᠪᠤᠭᠠᠯᠠᠨ ᠣᠲᠣ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠣᠨᠣᠯ ᠢ ᠠᠬᠢᠭᠤᠯᠤᠨ ᠲᠡᠭᠦᠯᠳᠡᠷᠵᠢᠭᠦᠯᠬᠦ ᠶᠢ ᠳᠡᠮᠵᠢᠨ᠎ᠡ ᠃ ᠳᠤᠮᠳᠠᠳᠤ ᠤᠯᠤᠰ ᠤᠨ ᠠᠵᠤ ᠠᠬᠤᠶᠢᠯᠠᠯ ᠤᠨ ᠳᠦᠷᠢ ᠲᠥᠷᠬᠦ ᠶᠢ ᠱᠤᠭᠤᠵᠤ ᠂ ᠦᠨᠳᠦᠰᠦᠲᠡᠨ ᠤ ᠲᠦᠷᠦᠯ ᠲᠡᠮᠳᠡᠭ ᠢ ᠬᠦᠴᠦᠷᠬᠡᠭᠵᠢᠭᠦᠯᠦᠨ ᠪᠤᠵᠠᠭᠠᠶᠢᠷᠠᠭᠤᠯᠤᠨ᠎ᠠ ᠃  ᠳᠣᠯᠤᠭ᠎ᠠ ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠦᠨ᠎ᠡ  ︵ᠠᠷᠪᠠᠨ ᠳᠣᠯᠤᠭ᠎ᠠ︶ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ ᠃ ᠠᠵᠤ ᠠᠬᠤᠶᠢᠯᠠᠯ ᠤᠨ ᠡᠵᠡᠩᠨᠡᠯᠲᠡ ᠶᠢᠨ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠬᠢᠨᠠᠨ ᠬᠠᠮᠢᠶᠠᠷᠬᠤ ᠶᠢ ᠴᠢᠩᠭᠠᠳᠬᠠᠵᠤ ᠂ ᠬᠢᠨᠠᠨ ᠬᠠᠮᠢᠶᠠᠷᠬᠤ ᠳᠦᠷᠢᠮ ᠪᠠ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ ᠂ ᠵᠢᠱᠢᠵᠦ ᠪᠣᠯᠬᠤᠶᠢᠴᠠ ᠴᠢᠨᠠᠷ ᠢ ᠴᠢᠩᠭᠠᠷᠠᠭᠤᠯᠤᠨ ᠂ ᠬᠢᠨᠠᠨ ᠬᠠᠮᠢᠶᠠᠷᠬᠤ ᠮᠡᠳᠡᠭᠡ ᠵᠠᠩᠭᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ ᠃ ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠦᠷᠢᠨᠰᠢᠭᠦᠯᠵᠦ ᠂ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠶᠢ ᠠᠬᠢᠭᠤᠯᠤᠨ᠎ᠠ ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ ᠂ ᠠᠵᠤ ᠦᠢᠯᠡᠰ ᠤᠨ ᠬᠥᠷᠥᠩᠭᠡ ᠪᠠ ᠮᠥᠩᠭᠦᠨ ᠭᠦᠢᠯᠭᠡᠭᠡᠨ ᠤ ᠬᠥᠷᠥᠩᠭᠡ ᠶᠢᠨ ︽ᠰᠡᠷᠭᠡᠶᠢᠯᠡᠯᠲᠡ ᠶᠢᠨ ᠬᠡᠷᠡᠮ︾ ᠢ ᠪᠠᠶᠢᠭᠤᠯᠵᠤ ᠂ ᠬᠥᠷᠥᠩᠭᠡ ᠶᠢᠨ ᠭᠦᠢᠴᠡᠳ ᠴᠢᠨᠠᠷ ᠤᠨ ᠬᠠᠮᠢᠶᠠᠷᠤᠯᠲᠠ ᠪᠠ ᠺᠤᠮᠫᠠᠨᠢ ᠶᠢᠨ ᠵᠠᠰᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ ᠂ ᠭᠦᠢᠯᠭᠡᠭᠡᠨ ᠤ ᠴᠢᠨᠠᠷᠲᠠᠢ ᠲᠦᠭᠰᠢᠭᠦᠷᠢ ᠶᠢ ᠴᠢᠩᠭ᠎ᠠ ᠡᠵᠡᠮᠳᠡᠵᠦ ᠂ ᠮᠥᠩᠭᠦᠨ ᠭᠦᠢᠯᠭᠡᠭᠡᠨ ᠤ ᠰᠲ᠋ᠣᠺ ᠡᠵᠡᠮᠰᠢᠯ ᠤᠨ ᠺᠤᠮᠫᠠᠨᠢ ᠶᠢ ᠪᠦᠬᠦᠯᠢ ᠴᠣᠭᠴᠠ ᠪᠠᠷ ᠨᠢ ᠬᠦᠰᠦᠨᠦᠭᠲᠦ ᠨᠡᠶᠢᠯᠡᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ ᠂ ᠬᠤᠪᠢ ᠣᠷᠣᠭᠤᠯᠤᠭᠴᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ ᠬᠢᠵᠠᠭᠠᠷᠯᠠᠬᠤ ᠶᠢ ᠴᠢᠩᠭᠠᠷᠠᠭᠤᠯᠤᠨ᠎ᠠ ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠭᠤᠷᠮᠠᠭᠯᠠᠯ ᠢ ᠴᠢᠩᠭ᠎ᠠ ᠰᠡᠷᠭᠡᠶᠢᠯᠡᠨ ᠬᠠᠮᠢᠶᠠᠷᠤᠨ᠎ᠠ ᠃  ︵ᠠᠷᠪᠠᠨ ᠨᠠᠢᠮᠠ︶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ᠎ᠡ ᠃ ᠬᠥᠷᠥᠩᠭᠡ ᠶᠢ ᠬᠠᠮᠢᠶᠠᠷᠬᠤ ᠪᠠᠷ ᠭᠤᠣᠯ ᠪᠣᠯᠭᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠳᠠᠮᠵᠢ ᠶᠢ ᠵᠠᠭᠠᠭᠯᠠᠨ ᠲᠣᠭᠲᠠᠭᠠᠬᠤ ᠪᠠ ᠲᠥᠷᠥᠯ ᠬᠤᠪᠢᠶᠠᠨ ᠵᠢᠯᠤᠭᠤᠳᠬᠤ ᠶᠢ ᠲᠡᠭᠦᠯᠳᠡᠷᠵᠢᠭᠦᠯᠵᠦ ᠂ ᠲᠥᠷᠥᠯ ᠬᠤᠪᠢᠶᠠᠨ ᠡᠷᠬᠡ ᠣᠯᠭᠤᠵᠤ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠦᠨ ᠂ ᠲᠥᠷᠥᠯ ᠬᠤᠪᠢᠶᠠᠨ ᠬᠢᠨᠠᠨ ᠬᠠᠮᠢᠶᠠᠷᠬᠤ ᠂ ᠲᠥᠷᠥᠯ ᠬᠤᠪᠢᠶᠠᠨ ᠰᠢᠯᠭᠠᠨ ᠬᠢᠨᠠᠬᠤ ᠶᠢ ᠰᠢᠯᠢᠳᠡᠭᠵᠢᠭᠦᠯᠵᠦ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠣᠲᠣᠭᠠᠳᠤ ᠥᠷᠲᠡᠭ ᠂ ᠣᠷᠳᠣ ᠬᠤᠭᠤᠴᠠᠭᠠᠨ ᠤ ᠥᠷᠲᠡᠭ ᠢ ᠴᠢᠬᠤᠯᠠᠴᠢᠯᠠᠨ᠎ᠠ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠪᠡᠯᠡ ᠣᠷᠣᠭᠤᠯᠤᠯᠲᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠣᠯᠣᠨ ᠬᠠᠷᠢᠭᠤᠴᠠᠯᠭ᠎ᠠ ᠶᠢᠨ ᠬᠢᠵᠠᠭᠠᠷᠯᠠᠯ ᠢ ᠴᠢᠩᠭᠠᠷᠠᠭᠤᠯᠤᠨ᠎ᠠ ᠃  ︵ᠠᠷᠪᠠ ᠶᠢᠰᠦ︶ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ ᠃ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠤᠨ᠎ᠠ ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠵᠦ ᠂ ᠬᠦᠴᠦᠨ ᠦᠭᠡᠢ ᠪᠤᠯᠭᠠᠬᠤ ᠵᠡᠷᠭᠡ ᠵᠠᠬ᠎ᠠ ᠳᠡᠯᠭᠡᠭᠦᠷ ᠠᠴᠠ ᠪᠤᠴᠠᠭᠠᠵᠤ ᠭᠠᠷᠭᠠᠬᠤ ᠲᠣᠭᠲᠠᠴᠠ ᠶᠢ ᠰᠢᠯᠢᠳᠡᠭᠵᠢᠭᠦᠯᠦᠨ ᠂ ᠭᠠᠵᠠᠷ ᠣᠷᠣᠨ ᠪᠣᠯᠣᠨ ᠠᠵᠢᠯ ᠲᠥᠷᠥᠯ ᠤᠨ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠂ ᠪᠠᠷᠢᠮᠵᠢᠶ᠎ᠠ ᠂ ᠳᠦᠷᠢᠮ ᠤᠨ ᠵᠣᠬᠢᠴᠠᠩᠭᠤᠢ ᠪᠥᠭᠡᠳ ᠨᠢᠭᠡᠳᠦᠯᠲᠡᠢ ᠪᠠᠶᠢᠬᠤ ᠶᠢ ᠠᠬᠢᠭᠤᠯᠤᠨ᠎ᠠ ᠃ ᠠᠵᠤ ᠠᠬᠤᠶᠢᠯᠠᠯ ᠳᠤ ᠬᠤᠯᠪᠣᠭᠳᠠᠭᠰᠠᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠢᠭᠤᠳ ᠬᠦᠷᠭᠡᠵᠦ ᠲᠦᠷᠭᠡᠨ ᠡᠳ᠋ᠯᠡᠬᠦ ᠂ ︽ᠭᠤᠶᠤᠴᠢᠯᠠᠬᠤ ᠠᠴᠠ ᠬᠡᠯᠲᠦᠷᠢᠭᠦᠯᠦᠨ ᠲᠡᠷᠡ ᠳᠠᠷᠤᠢ ᠳᠤᠨᠢ ᠡᠳ᠋ᠯᠡᠬᠦ︾ ᠲᠣᠭᠲᠠᠴᠠ ᠶᠢ ᠲᠡᠭᠦᠯᠳᠡᠷᠵᠢᠭᠦᠯᠦᠨ᠎ᠡ ᠃ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠬᠥᠮᠦᠵᠢᠯ ᠪᠣᠯᠪᠠᠰᠤᠷᠠᠯ ᠤᠨ ᠳᠦᠷᠢᠮ ᠢ ᠲᠡᠭᠦᠯᠳᠡᠷᠵᠢᠭᠦᠯᠬᠦ ᠶᠢ ᠳᠡᠮᠵᠢᠨ᠎ᠡ ᠃  ᠨᠠᠢᠮᠠ ᠂ ᠪᠠᠲᠤᠯᠠᠭ᠎ᠠ ᠶᠢᠨ ᠠᠷᠭ᠎ᠠ ᠬᠡᠮᠵᠢᠶ᠎ᠡ  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠃ ᠠᠵᠤ ᠠᠬᠤᠶᠢᠯᠠᠯ ᠤᠨ ᠬᠢᠨ ᠳᠤᠮᠳᠠᠳᠤ ᠤᠯᠤᠰ ᠤᠨ ᠣᠨᠴᠠᠯᠢᠭ ᠪᠦᠬᠦᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠤᠨ ᠳᠦᠷᠢᠮ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠤᠯᠢ ᠳᠤ ᠵᠠᠰᠠᠪᠤᠷᠢ ᠣᠷᠣᠭᠤᠯᠬᠤ ᠵᠡᠷᠭᠡ ᠶᠢ ᠠᠬᠢᠭᠤᠯᠵᠤ ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ ᠂ ᠬᠠᠤᠯᠢ ᠶᠣᠰᠣᠭᠠᠷ ᠠᠵᠤ ᠠᠬᠤᠶᠢᠯᠠᠯ ᠢ ᠵᠠᠰᠠᠬᠤ ᠶᠢ ᠠᠬᠢᠭᠤᠯᠤᠨ᠎ᠠ ᠃ ᠨᠢᠭᠲᠠᠯᠠᠨ ᠪᠤᠳᠣᠬᠤ ᠂ ᠯᠠᠪᠯᠠᠭ᠎ᠠ ᠥᠭᠬᠦ ᠂ ᠬᠠᠤᠯᠢ ᠴᠠᠭᠠᠵᠠ ᠂ ᠢᠲᠡᠭᠡᠮᠵᠢ ᠶᠢᠨ ᠳᠡᠰ ᠲᠣᠭᠲᠠᠭᠠᠬᠤ ᠵᠡᠷᠭᠡ ᠲᠤᠰᠬᠠᠢ ᠪᠠᠶᠢᠭᠤᠯᠤᠮᠵᠢ ᠶᠢᠨ ᠠᠵᠢᠯ ᠡᠷᠭᠢᠯᠡᠭᠦ ᠦᠢᠯᠡ ᠠᠵᠢᠯᠯᠠᠭ᠎ᠠ ᠶᠢ ᠵᠢᠷᠤᠮᠵᠢᠭᠤᠯᠵᠤ ᠂ ᠲᠤᠰᠬᠠᠢ ᠪᠠᠶᠢᠭᠤᠯᠤᠮᠵᠢ ᠶᠢᠨ ᠠᠵᠢᠯ ᠡᠷᠭᠢᠯᠡᠭᠦ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠠᠵᠢᠯ ᠡᠷᠭᠢᠯᠡᠭᠦ ᠳᠠᠬᠢ ᠬᠢᠨᠠᠯᠲᠠ ᠲᠠᠯᠪᠢᠬᠤ ᠪᠠ ᠲᠤᠰᠬᠠᠢ ᠦᠢᠯᠡᠴᠢᠯᠡᠭᠡᠨ ᠤ ᠦᠢᠯᠡᠳᠦᠯ ᠢ ᠨᠢ ᠪᠠᠳᠠᠷᠠᠭᠤᠯᠵᠤ ᠂ ᠡᠷᠬᠡ ᠲᠡᠭᠰᠢ ᠪᠠᠷ ᠥᠷᠢᠰᠦᠯᠳᠦᠬᠦ ᠂ ᠦᠨᠡᠨᠴᠢ ᠢᠲᠡᠭᠡᠮᠵᠢᠲᠡᠢ ᠵᠢᠷᠤᠮᠵᠢᠯ ᠲᠠᠢ ᠪᠠᠶᠢᠬᠤ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠨ᠎ᠠ ᠃ ᠤᠳᠤ ᠦᠶ᠎ᠡ ᠶᠢᠨ ᠠᠵᠤ ᠠᠬᠤᠶᠢᠯᠠᠯ ᠤᠨ ᠪᠠᠶᠢᠭᠤᠯᠤᠯ ᠢ ᠦᠢᠯᠡᠳᠦᠯᠭᠡᠵᠢᠭᠦᠯᠦᠨ ᠰᠦᠪᠡᠭᠴᠢᠯᠡᠭᠰᠡᠨ ᠪᠠ ᠠᠮᠵᠢᠯᠲᠠ ᠲᠠᠢ ᠲᠤᠷᠰᠢᠯᠭ᠎ᠠ ᠶᠢ ᠤᠬᠠᠭᠤᠯᠬᠤ ᠪᠠᠨ ᠴᠢᠩᠭᠠᠳᠬᠠᠵᠤ ᠂ ᠨᠢᠭᠡ ᠪᠦᠯᠦᠭ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠶᠢ ᠳ᠋ᠦᠩᠨᠡᠵᠦ ᠂ ᠨᠢᠭᠡ ᠪᠦᠯᠦᠭ ᠺᠤᠮᠫᠠᠨᠢ ᠶᠢᠨ ᠵᠠᠰᠠᠯᠲᠠ ᠶᠢᠨ ᠨᠡᠶᠢᠲᠡᠯᠢᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ ᠳᠡᠯᠭᠡᠷᠡᠭᠦᠯᠦᠨ᠎ᠡ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号