︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ  ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/6/3
  ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31 ᠤ ᠴᠠᠭᠢᠯᠭᠠᠨ ᠮᠡᠳᠡᠭᠡ  6 ᠰᠠᠷ᠎ᠠ ᠶᠢᠨ 1 ᠤ ᠡᠳᠦᠷ ᠬᠡᠪᠯᠡᠭᠳᠡᠭᠰᠡᠨ 11 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃  ᠵᠣᠬᠢᠶᠠᠯ ᠳᠤ ᠂ ᠰᠤᠷᠭᠠᠨ ᠬᠥᠮᠦᠵᠢᠯ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠭᠤᠷᠢ ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠢᠳᠡ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ ᠂ 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠭᠲᠠᠭᠠᠵᠤ ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ ᠃  ᠵᠣᠬᠢᠶᠠᠯ ᠳᠤ ᠂ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠳᠠᠭᠠᠭᠤᠯᠬᠤ ᠬᠦᠴᠦᠨ ᠂ ᠴᠢᠳᠠᠪᠤᠷᠢᠲᠠᠨ ᠤ ᠥᠷᠢᠰᠦᠯᠳᠦᠬᠦ ᠬᠦᠴᠦᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠨ ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ ᠂ ᠨᠡᠶᠢᠭᠡᠮ ᠤᠨ ᠬᠠᠮᠵᠢᠯᠴᠠᠬᠤ ᠬᠦᠴᠦᠨ ᠂ ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠠᠶᠢᠪᠠᠯ ᠵᠣᠬᠢᠨ᠎ᠠ ᠃ ᠡᠶᠢᠮᠦᠷᠬᠦᠦ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠂ ᠡᠷᠬᠡᠪᠰᠢ ᠦᠨᠳᠦᠰᠦ ᠶᠢ ᠪᠠᠬᠢᠵᠢᠭᠦᠯᠵᠦ ᠰᠦᠭ ᠰᠦᠨᠡᠰᠦ ᠶᠢ ᠱᠤᠭᠤᠬᠤ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠰᠲ᠋ᠧᠮ ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠤᠨ ᠰᠢᠰᠲ᠋ᠧᠮ ᠂ ᠥᠪᠡᠷ ᠢ ᠪᠠᠨ ᠬᠦᠴᠦᠷᠬᠡᠭᠵᠢᠭᠦᠯᠵᠦ ᠭᠠᠷᠮᠠᠭᠠᠢ ᠠᠮᠵᠢᠯᠲᠠ ᠪᠦᠲᠦᠮᠵᠢ ᠣᠯᠣᠭᠰᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮ ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠂ ᠲᠦᠭᠡᠮᠡᠯ ᠬᠠᠷᠠᠭᠠᠯᠵᠠᠯᠲᠤ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠂ ᠰᠢᠨ᠎ᠡ ᠶᠢ ᠡᠭᠦᠳᠴᠦ ᠬᠥᠲᠥᠯᠥᠨ ᠳᠠᠭᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠰᠢᠰᠲ᠋ᠧᠮ ᠂ ᠬᠡᠪ ᠪᠣᠯᠪᠠᠰᠤᠷᠠᠯ ᠰᠢᠯᠢᠳᠡᠭ ᠰᠠᠶᠢᠨ ᠪᠠᠭᠰᠢ ᠶᠢᠨ ᠡᠩᠨᠡᠭᠡ ᠶᠢᠨ ᠰᠢᠰᠲ᠋ᠧᠮ ᠂ ᠨᠡᠭᠡᠭᠡᠯᠲᠡᠲᠡᠢ ᠬᠠᠷᠢᠯᠴᠠᠨ ᠲᠣᠯᠢ ᠪᠤᠯᠭᠠᠬᠤ ᠤᠯᠠᠨ ᠤᠯᠤᠰ ᠤᠨ ᠬᠠᠮᠲᠤᠷᠠᠯᠴᠠᠭᠠᠨ ᠤ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃  ᠵᠣᠬᠢᠶᠠᠯ ᠳᠤ ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ ᠂ ᠰᠤᠷᠭᠠᠨ ᠬᠥᠮᠦᠵᠢᠯ ᠤᠨ ᠤᠯᠤᠰ ᠲᠦᠷᠦ ᠶᠢᠨ ᠰᠢᠨᠵᠢ ᠴᠢᠨᠠᠷ ᠂ ᠠᠷᠠᠳ ᠲᠦᠮᠡᠨ ᠤ ᠰᠢᠨᠵᠢ ᠴᠢᠨᠠᠷ ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠦᠭᠦ ᠲᠠᠯ᠎ᠠ ᠪᠠᠷ ᠡᠵᠡᠮᠳᠡᠵᠦ ᠂ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ ᠂ ᠮᠡᠳᠡᠯᠭᠡ ᠶᠢᠨ ᠰᠤᠷᠤᠯᠴᠠᠯᠭ᠎ᠠ ᠪᠠ ᠪᠦᠭᠦ ᠲᠠᠯ᠎ᠠ ᠶᠢᠨ ᠬᠥᠭᠵᠢᠯᠲᠡ ᠶᠢᠨ ᠬᠠᠷᠢᠴᠠᠭ᠎ᠠ ᠂ ᠴᠢᠳᠠᠪᠤᠷᠢᠲᠠᠨ ᠢ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ ᠶᠢᠨ ᠬᠠᠷᠢᠴᠠᠭ᠎ᠠ ᠂ ᠡᠮᠬᠢ ᠵᠢᠷᠤᠮ ᠲᠠᠢ ᠪᠠᠶᠢᠯᠭᠠᠬᠤ ᠪᠠ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠬᠠᠷᠢᠴᠠᠭ᠎ᠠ ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠤᠯᠠᠨ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠬᠤ ᠶᠢᠨ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃  ᠵᠣᠬᠢᠶᠠᠯ ᠳᠤ ᠂ ᠲᠣᠭᠲᠠᠭᠰᠠᠨ ᠬᠤᠭᠤᠴᠠᠭᠠᠨ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠭᠦᠷᠭᠡ ᠬᠦᠨᠳᠦ ᠪᠠᠶᠢᠨ᠎ᠠ ᠂ ᠴᠠᠭ ᠪᠢᠳᠡᠨ ᠢ ᠬᠦᠯᠢᠶᠡᠬᠦ ᠦᠭᠡᠢ ᠃ ᠨᠢᠭᠡᠳᠦᠭᠡᠷ ᠲᠤ ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠡᠷᠡᠰ ᠭᠤᠶᠢᠪᠢᠰᠢ ᠦᠭᠡᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ ᠂ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠣᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ ᠃ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠰᠢᠰᠲ᠋ᠧᠮᠵᠢᠭᠰᠡᠨ ᠣᠨᠣᠯᠵᠢᠨ ᠶᠣᠰᠣᠵᠢᠭᠰᠠᠨ ᠰᠤᠳᠤᠯᠭᠠᠨ ᠲᠠᠶᠢᠯᠪᠤᠷᠢᠯᠠᠯᠲᠠ ᠶᠢ ᠴᠢᠩᠭᠠᠳᠬᠠᠵᠤ ᠂ ᠡᠯ᠎ᠡ ᠰᠢᠨᠵᠢᠯᠡᠭᠡᠨ ᠤ ᠰᠠᠯᠠᠭ᠎ᠠ ᠶᠢᠨ ᠪᠡᠯᠭᠡ ᠲᠡᠮᠳᠡᠭ ᠤᠨ ᠴᠢᠨᠠᠷᠲᠠᠢ ᠤᠬᠠᠭᠳᠠᠬᠤᠨ ᠂ ᠤᠤᠭᠠᠯ ᠡᠭᠦᠳᠦᠯᠲᠡ ᠶᠢᠨ ᠴᠢᠨᠠᠷᠲᠠᠢ ᠤᠨᠤᠯ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠃ ᠦᠢᠯᠡᠳᠦᠯᠭᠡ ᠪᠠᠷ ᠬᠥᠮᠥᠨ ᠢ ᠬᠥᠮᠥᠵᠢᠭᠦᠯᠬᠦ ᠪᠠ ᠰᠦᠯᠵᠢᠶ᠎ᠡ ᠪᠠᠷ ᠬᠥᠮᠥᠨ ᠢ ᠬᠥᠮᠥᠵᠢᠭᠦᠯᠬᠦ ᠣᠷᠣᠨ ᠵᠠᠢ ᠪᠠ ᠵᠢᠭᠰᠠᠭᠠᠯ ᠤᠨ ᠭᠠᠵᠠᠷ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ ᠃ ᠬᠤᠶᠠᠳᠤᠭᠠᠷ ᠲᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠴᠢᠳᠠᠪᠤᠷᠢᠲᠠᠨ ᠳᠤ ᠦᠵᠡᠭᠦᠯᠭᠦ ᠰᠤᠷᠭᠠᠨ ᠬᠥᠮᠦᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠠᠬᠢᠭᠤᠯᠬᠤ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ ᠂ ᠰᠤᠷᠭᠠᠨ ᠬᠥᠮᠦᠵᠢᠯ ᠤᠨ ᠬᠥᠭᠵᠢᠯᠲᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠬᠥᠲᠥᠯᠥᠮᠵᠢ ᠪᠤᠯᠭᠠᠵᠤ ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠲᠥᠷᠥᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠬᠦ ᠬᠡᠷᠡᠭᠲᠡᠢ ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ ᠃ ᠭᠤᠷᠪᠠᠳᠤᠭᠠᠷ ᠲᠤ ᠂ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ ᠂ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠴᠢᠨᠠᠷ ᠂ ᠬᠦᠷᠦᠯᠴᠡᠬᠦ ᠴᠢᠨᠠᠷ ᠂ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ ᠂ ︽ᠬᠤᠶᠠᠷ ᠢ ᠬᠥᠩᠭᠡᠷᠡᠭᠦᠯᠦᠭᠰᠡᠨ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ ᠂ ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠨᠠᠰᠤᠨ ᠲᠤᠷᠰᠢᠲᠠ ᠶᠢᠨ ᠰᠤᠷᠤᠯᠴᠠᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠳᠥᠷᠪᠡᠳᠦᠭᠡᠷ ᠲᠤ ᠂ ᠰᠢᠨ᠎ᠡ ᠴᠠᠭ ᠦᠶ᠎ᠡ ᠶᠢᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠦᠨ ᠪᠣᠶᠢᠵᠢᠭᠤᠯᠬᠤ ᠬᠡᠷᠡᠭᠲᠡᠢ ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠂ ᠪᠠᠭᠰᠢ ᠶᠢ ᠬᠥᠮᠥᠵᠢᠭᠦᠯᠵᠦ ᠪᠤᠯᠪᠠᠰᠤᠷᠠᠭᠤᠯᠬᠤ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠪᠠᠭᠰᠢ ᠶᠢᠨ ᠬᠠᠮᠢᠶᠠᠷᠤᠯᠲᠠ ᠪᠣᠯᠣᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠬᠦ ᠬᠡᠷᠡᠭᠲᠡᠢ ᠃ ᠪᠠᠭᠰᠢ ᠶᠢᠨ ᠤᠯᠤᠰ ᠲᠥᠷᠥ ᠶᠢᠨ ᠪᠠᠶᠢᠷᠢ ᠰᠠᠭᠤᠷᠢ ᠂ ᠨᠡᠶᠢᠭᠡᠮ ᠤᠨ ᠪᠠᠶᠢᠷᠢ ᠰᠠᠭᠤᠷᠢ ᠂ ᠠᠵᠢᠯ ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ ᠂ ᠪᠠᠭᠰᠢ ᠨᠠᠷ ᠲᠤ ᠡᠷᠬᠢᠮ ᠳᠡᠭᠡᠳᠦ ᠨᠡᠶᠢᠭᠡᠮ ᠤᠨ ᠨᠡᠷ᠎ᠡ ᠬᠦᠨᠳᠦ ᠬᠦᠷᠲᠡᠭᠡᠵᠦ ᠂ ᠨᠡᠶᠢᠭᠡᠮ ᠨᠡᠶᠢᠲᠡ ᠳᠤ ᠬᠠᠮᠤᠭ ᠠᠴᠠ ᠬᠦᠨᠳᠦᠳᠬᠡᠭᠳᠡᠬᠦ ᠠᠵᠢᠯ ᠮᠡᠷᠭᠡᠵᠢᠯ ᠤᠨ ᠨᠢᠭᠡ ᠪᠤᠯᠭᠠᠬᠤ ᠬᠡᠷᠡᠭᠲᠡᠢ ᠃ ᠲᠠᠪᠤᠳᠤᠭᠠᠷ ᠲᠤ ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ ᠬᠡᠷᠡᠭᠲᠡᠢ ᠃ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠭᠦᠨᠵᠡᠭᠡᠢ ᠠᠬᠢᠭᠤᠯᠵᠤ ᠂ ︽ᠭᠠᠳᠠᠭᠠᠳᠤ ᠠᠴᠠ ᠣᠷᠣᠭᠤᠯᠵᠤ ᠠᠪᠴᠢᠷᠠᠬᠤ︾ ᠪᠠ ︽ᠭᠠᠳᠠᠭᠠᠳᠤ ᠳᠤ ᠭᠠᠷᠴᠤ ᠶᠠᠪᠤᠬᠤ︾ ᠶᠢ ᠨᠢᠭᠡᠳᠦᠯᠲᠡᠢ ᠲᠥᠯᠥᠪᠵᠢᠭᠦᠯᠦᠨ ᠂ ᠰᠤᠷᠭᠠᠨ ᠬᠥᠮᠦᠵᠢᠯ ᠤᠨ ᠳᠡᠯᠡᠬᠡᠢ ᠳᠠᠬᠢ ᠨᠥᠯᠥᠭᠡᠯᠡᠬᠦ ᠬᠦᠴᠦᠨ ᠂ ᠥᠷᠢᠰᠦᠯᠳᠦᠬᠦ ᠬᠦᠴᠦᠨ ᠪᠠ ᠦᠭᠡ ᠬᠡᠯᠡᠬᠦ ᠡᠷᠬᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ ᠂ ᠪᠦᠭᠦ ᠪᠥᠮᠪᠥᠷᠴᠡᠭ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠳᠤᠮᠳᠠᠳᠤ ᠤᠯᠤᠰ ᠤᠨ ᠬᠦᠴᠦᠨ ᠢ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃  ᠵᠣᠬᠢᠶᠠᠯ ᠳᠤ ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠬᠦᠰᠡᠭᠰᠡᠭᠡᠷ ᠢᠷᠡᠭᠰᠡᠨ ᠰᠠᠶᠢᠨ ᠰᠠᠶᠢᠬᠠᠨ ᠬᠦᠰᠡᠯ ᠡᠷᠡᠮᠡᠯᠵᠡᠯ ᠮᠥᠨ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠤᠰᠢᠭᠤᠴᠢ ᠡᠭᠦᠷᠭᠡ ᠂ ᠪᠠᠲᠤ ᠪᠠᠬᠢ ᠰᠠᠭᠤᠷᠢ ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠮᠥᠨ ᠃ ᠢᠲᠡᠭᠡᠯ ᠵᠣᠷᠢᠭ ᠢᠶᠠᠨ ᠪᠠᠲᠤᠳᠬᠠᠵᠤ ᠂ ᠵᠣᠷᠢᠭᠲᠠᠢ ᠤᠷᠤᠭᠰᠢᠯᠠᠵᠤ ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号