2024 ᠣᠨ᠎ᠤ ᠠᠩᠬᠠᠳᠠᠭ᠍ᠴᠢ ᠪᠦᠯᠦᠭ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ《 ᠲᠠᠯ᠎ᠠ ᠨᠤᠲᠤᠭ ᠬᠤᠨᠳᠠᠭᠠᠲᠤ 》 ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ᠎ᠢ ᠬᠢᠨᠠᠨ ᠲᠣᠭ᠍ᠲᠠᠭᠠᠬᠤ ᠰᠠᠨᠠᠯ᠎ᠦᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠢᠯᠡ ᠨᠡᠢᠲᠡᠯᠡᠯ
2025-07-25

《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ  〈 ᠲᠠᠯ᠎ᠠ ᠨᠤᠲᠤᠭ ᠬᠤᠨᠳᠠᠭᠠᠲᠤ 〉ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ᠎ᠢ ᠱᠢᠯᠭᠠᠷᠠᠭᠤᠯᠬᠤ ᠠᠷᠭ᠎ᠠ 》 ( ᠥᠪᠥᠷ ᠪᠠᠢᠭᠤᠯᠤᠯᠲᠠ ᠴᠢᠨᠠᠷ [ 2024 ] 53 ᠳ᠋ᠤᠭᠠᠷ ᠲᠣᠭᠠᠲᠤ )᠂ 《 2024 ᠣᠨ᠎ᠤ ᠠᠩᠬᠠᠳᠠᠭ᠍ᠴᠢ ᠪᠦᠯᠦᠭ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈 ᠲᠠᠯ᠎ᠠ ᠨᠤᠲᠤᠭ ᠬᠤᠨᠳᠠᠭᠠᠲᠤ 〉ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ᠎ᠢ ᠱᠢᠯᠭᠠᠷᠠᠭᠤᠯᠬᠤ ᠠᠵᠢᠯ᠎ᠢ ᠥᠷᠨᠢᠭᠦᠯᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠮᠡᠳᠡᠭ᠌ᠳᠡᠯ 》 ( ᠥᠪᠥᠷ ᠪᠠᠢᠭᠤᠯᠤᠯᠲᠠ ᠴᠢᠨᠠᠷ [ 2025 ] 20 ᠳ᠋ᠤᠭᠠᠷ ᠲᠣᠭᠠᠲᠤ )᠎ᠤᠨ ᠱᠠᠭᠠᠷᠳᠠᠯᠭ᠎ᠠ ᠶᠣᠰᠣᠭᠠᠷ᠂ ᠠᠵᠦ᠍ ᠠᠬᠣᠢᠯᠠᠯ ᠭᠣᠶᠣᠴᠢᠯᠠᠨ ᠮᠡᠳᠡᠭᠦᠯᠬᠦ᠌᠂ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠵᠠᠰᠠᠭ ᠵᠠᠬᠢᠷᠭᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠩᠬ᠎ᠠ ᠬᠢᠨᠠᠵᠤ ᠲᠠᠨᠢᠯᠴᠠᠭᠤᠯᠤᠭ᠍ᠰᠠᠨ ᠰᠠᠭᠤᠷᠢᠨ ᠳᠡᠭᠡᠷ᠎ᠡ᠂ ᠭᠣᠶᠣᠴᠢᠯᠠᠨ ᠮᠡᠳᠡᠭᠦᠯᠦᠭ᠌ᠰᠡᠨ ᠮᠠᠲ᠋ᠧᠷᠢᠶᠠᠯ᠎ᠢ ᠳᠠᠬᠢᠨ ᠪᠠᠢᠴᠠᠭᠠᠬᠤ᠂ ᠲᠤᠬᠠᠶ᠎ᠶ᠋ᠢᠨ ᠲᠠᠯᠠᠪᠤᠷ᠎ᠲᠤ ᠨᠢ ᠬᠠᠷᠭᠤᠭᠤᠯᠤᠨ ᠪᠠᠢᠴᠠᠭᠠᠬᠤ ᠪᠠ ᠶᠡᠷᠦᠩᠬᠡᠢᠯᠡᠨ ᠬᠢᠨᠠᠨ ᠲᠣᠭ᠍ᠲᠠᠭᠠᠬᠤ᠎ᠪᠠᠷ ᠳᠡᠮᠵᠢᠨ᠂ ᠥᠪᠥᠷ ᠮᠣᠩᠭᠤᠯ᠎ᠤᠨ ᠴᠠᠬᠢᠯᠭᠠᠨ ᠬᠦᠴᠦᠨ ( ᠪᠦᠯᠦᠭ᠌ᠯᠡᠯ ) ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ A ᠲᠠᠰ᠎ᠤᠨ ᠲᠣᠮᠣ ᠳ᠋ᠠᠢᠲ᠋ᠠ᠎ᠶ᠋ᠢᠨ ᠲᠥᠪ᠂ ᠤᠯᠤᠰ᠎ᠤᠨ ᠭᠤᠤᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ ᠪᠠ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠠᠯᠪᠠᠨ ᠲᠢᠩᠬᠢᠮ ᠵᠡᠷᠭᠡ 19 ᠲᠥᠷᠥᠯ᠎ᠤᠨ ᠢᠨᠵᠧᠨᠧᠷᠢᠩ ᠎ᠳᠤ 2024 ᠣᠨ᠎ᠤ ᠠᠩᠬᠠᠳᠠᠭ᠍ᠴᠢ ᠪᠦᠯᠦᠭ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ 《 ᠲᠠᠯ᠎ᠠ ᠨᠤᠲᠤᠭ ᠬᠤᠨᠳᠠᠭᠠᠲᠤ 》 ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ᠎ᠢ ᠣᠯᠭᠣᠬᠤ᠎ᠪᠠᠷ ᠪᠤᠢ᠂ ᠡᠳᠦᠭᠡ ᠵᠠᠷᠯᠠᠨ ᠨᠡᠢᠲᠡᠯᠡᠨ᠎ᠡ ᠃ ᠵᠠᠷᠯᠠᠨ ᠨᠡᠢᠲᠡᠯᠡᠬᠦ᠌ ᠬᠤᠭᠤᠴᠠᠭ᠎ᠠ᠎ᠨᠢ 2025 ᠣᠨ᠎ᠤ 7 ᠳ᠋ᠤᠭᠠᠷ ᠰᠠᠷ᠎ᠠ᠎ᠶ᠋ᠢᠨ 26 ᠎ᠤ ᠡᠳᠦᠷ ᠪᠣᠯᠤᠨ᠎ᠠ᠃

ᠵᠠᠷᠯᠠᠨ ᠨᠡᠢᠲᠡᠯᠡᠬᠦ᠌ ᠬᠤᠭᠤᠴᠠᠭᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠵᠠᠷᠯᠠᠨ ᠨᠡᠢᠲᠡᠯᠡᠬᠦ᠌ ᠲᠥᠷᠥᠯ ᠵᠦᠢᠯ᠎ᠳᠤ ᠣᠨᠳᠣᠤ ᠰᠠᠨᠠᠯ᠎ᠲᠠᠢ ᠪᠠᠢᠪᠠᠯ᠂ ᠴᠥᠮ ᠮᠠᠨ᠎ᠤ ᠲᠢᠩᠬᠢᠮ᠎ᠳᠤ ᠲᠤᠰᠭᠠᠵᠤ ᠪᠣᠯᠤᠨ᠎ᠠ᠂ ᠲᠤᠰᠭᠠᠭ᠍ᠰᠠᠨ ᠪᠠᠢᠳᠠᠯ᠎ᠨᠢ ᠦᠨᠡᠨ᠎ᠠᠴᠠ ᠵᠥᠪ᠎ᠢ ᠡᠷᠢᠬᠦ᠌ ᠬᠡᠷᠡᠭ᠌ᠲᠡᠶ᠃ ᠨᠢᠭᠡᠴᠢ᠎ᠶ᠋ᠢᠨ ᠨᠡᠷ᠎ᠡ᠎ᠪᠠᠷ ᠪᠠᠢᠳᠠᠯ᠎ᠢ ᠲᠤᠰᠭᠠᠭ᠍ᠰᠠᠨ ᠪᠠᠢᠪᠠᠯ᠂ ᠨᠢᠭᠡᠴᠢ᠎ᠶ᠋ᠢᠨ ᠠᠯᠪᠠᠨ ᠲᠠᠮᠠᠭ᠎ᠠ᠎ᠶ᠋ᠢ ᠳᠠᠷᠤᠬᠤ ᠬᠡᠷᠡᠭ᠌ᠲᠡᠢ᠂ ᠬᠤᠪᠢ ᠬᠥᠮᠦᠨ᠎ᠤ ᠨᠡᠷ᠎ᠡ᠎ᠪᠠᠷ ᠪᠠᠢᠳᠠᠯ᠎ᠢ ᠲᠤᠰᠭᠠᠭ᠍ᠰᠠᠨ ᠪᠠᠢᠪᠠᠯ᠂ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠤᠲᠠᠰᠤ᠎ᠪᠠᠨ ᠪᠢᠴᠢᠬᠦ᠌ ᠬᠡᠷᠡᠭ᠌ᠲᠡᠶ᠃

ᠬᠠᠷᠢᠯᠴᠠᠬᠤ ᠤᠲᠠᠰᠤ᠄ 0471 - 6610269

ᠬᠠᠷᠢᠯᠴᠠᠬᠤ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶ᠋ᠢᠨ ᠱᠢᠨ᠎ᠡ ᠬᠤᠲᠠ ᠲᠣᠭᠤᠷᠢᠭ᠎ᠤᠨ ᠴᠢᠩᠭᠢᠰ ᠬᠠᠭᠠᠨ ᠶᠡᠭᠡ ᠵᠡᠭᠡᠯᠢ᠎ᠶ᠋ᠢᠨ 15 ᠳ᠋ᠤᠭᠠᠷ ᠨᠣᠮᠧᠷ᠎ᠤᠨ ᠪᠥᠲᠥᠭᠡᠨ ᠪᠠᠢᠭᠤᠯᠤᠯᠲᠠ᠎ᠶ᠋ᠢᠨ ᠲᠣᠮᠣ ᠠᠰᠠᠷ᠎ᠤᠨ 619 ᠳ᠋ᠤᠭᠠᠷ ᠥᠷᠥᠭᠡ

ᠳᠠᠭᠠᠯᠳᠤᠭᠤᠯᠤᠯ᠄ 2024 ᠣᠨ᠎ᠤ ᠠᠩᠬᠠᠳᠤᠭᠠᠷ ᠪᠦᠯᠦᠭ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《 ᠲᠠᠯ᠎ᠠ ᠨᠤᠲᠤᠭ ᠬᠤᠨᠳᠠᠭᠠᠲᠤ 》 ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ᠎ᠤᠨ ᠲᠥᠷᠥᠯ ᠵᠦᠢᠯ᠎ᠤᠨ ᠨᠡᠷᠡᠰ

2025 ᠣᠨ᠎ᠤ 7 ᠳ᠋ᠤᠭᠠᠷ ᠰᠠᠷ᠎ᠠ᠎ᠶ᠋ᠢᠨ 16 ᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ