《 ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠵᠥᠪᠰᠢᠶᠡᠷᠡᠯ᠎ᠤᠨ ᠬᠠᠤᠯᠢ 》 ᠵᠢᠴᠢ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠬᠦᠷᠢᠶᠡᠨ᠎ᠳᠠᠬᠢ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶᠢᠨ ᠬᠣᠯᠪᠣᠭᠳᠠᠯ ᠪᠥᠬᠦᠶ ᠲᠣᠭᠲᠠᠭᠠᠯ ᠶᠣᠰᠣᠭᠠᠷ ᠂ ᠮᠠᠨ᠎ᠤ ᠲᠢᠩᠬᠢᠮ᠎ᠠᠴᠠ 2026 ᠣᠨ᠎ᠤ ᠨᠢᠭᠡᠳᠦᠭᠡᠷ ᠪᠦᠯᠦᠭ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠵᠦᠢᠯᠡᠰ᠎ᠤᠨ ᠭᠤᠶᠤᠴᠢᠯᠠᠨ ᠮᠡᠳᠡᠭᠦᠯᠬᠦ ᠮᠠᠲᠧᠷᠢᠶᠠᠯ᠎ᠢ ᠬᠢᠨᠠᠨ ᠪᠠᠶ᠋ᠢᠴᠠᠭᠠᠵᠤ ᠂ ᠣᠳᠣ᠌ 34 ᠪᠠᠷᠢᠯᠭ᠎ᠠ᠎ᠶᠢᠨ ᠦᠢᠯᠡᠰ᠎ᠦᠨ ᠠᠵᠤ ᠠᠬᠤᠢᠯᠠᠯ᠂ 4 ᠬᠢᠨᠠᠨ ᠬᠠᠮᠢᠶᠠᠷᠬᠤ ᠠᠵᠤ ᠠᠬᠤᠢᠯᠠᠯ᠂ 24 ᠪᠠᠷᠢᠯᠭ᠎ᠠ᠎ᠶᠢᠨ ᠦᠢᠯᠡᠰ᠎ᠦᠨ ᠠᠵᠤ ᠠᠬᠤᠢᠯᠠᠯ᠎ᠦᠨ ᠠᠶᠤᠯ ᠦᠭᠡᠢ ᠦᠢᠯᠡᠳᠪᠦᠷᠢᠯᠡᠯ᠎ᠦᠨ ᠵᠥᠪᠰᠢᠶᠡᠷᠡᠯ᠎ᠦᠨ ᠦᠨᠡᠮᠯᠡᠯ᠂ 3 ᠬᠠᠢᠨ ᠪᠠᠢᠴᠠᠭᠠᠵᠤ ᠵᠢᠷᠤᠵᠤ ᠲᠥᠯᠥᠪᠯᠡᠬᠦ ᠠᠵᠤ ᠠᠬᠤᠢᠯᠠᠯ ᠂ 5 ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠢ ᠪᠠᠢᠴᠠᠭᠠᠨ ᠬᠡᠮᠵᠢᠬᠦ ᠪᠠᠢᠭᠤᠯᠤᠮᠵᠢ ᠶ᠋ᠢᠨ ᠬᠢᠨᠠᠨ ᠪᠠᠢᠴᠠᠭᠠᠭᠰᠠᠨ ᠰᠠᠨᠠᠯ᠎ᠤᠨ ᠨᠡᠷᠡᠰ᠎ᠢ ᠨᠡᠢᠲᠡᠯᠡᠵᠦ ( ᠳᠠᠭᠠᠯᠳᠤᠭᠤᠯᠤᠯ᠎ᠳᠤ ᠦᠵᠡ) ᠂ ᠬᠢᠨᠠᠨ ᠪᠠᠶ᠋ᠢᠴᠠᠭᠠᠭᠰᠠᠨ ᠰᠠᠨᠠᠯ᠎ᠢ 2026 ᠣᠨ᠎ᠤ 1 ᠳ᠋ᠤᠭ᠋ᠠᠷ ᠰᠠᠷ᠎ᠠ᠎ᠶᠢᠨ 15 ᠤ ᠡᠳᠦᠷ᠎ᠤᠨ 17 ᠴᠠᠭ 30 ᠮᠢᠨᠦ᠋ᠲ ᠬᠦᠷᠲᠡᠯ᠎ᠡ ᠨᠡᠢᠲᠡᠯᠡᠨ᠎ᠡ ᠃ ᠨᠡᠶ᠋ᠢᠲᠡᠯᠡᠭᠰᠡᠨ ᠰᠠᠨᠠᠯ᠎ᠳᠤ ᠣᠨᠳᠣᠤ ᠰᠠᠨᠠᠯ᠎ᠲᠠᠢ ᠪᠤᠶᠤ ᠠᠰᠠᠭᠤᠳᠠᠯ᠎ᠲᠠᠢ ᠪᠠᠶ᠋ᠢᠪᠠᠯ ᠂ ᠵᠥᠪᠳᠡᠭᠡᠨ ᠲᠣᠳᠣᠷᠬᠠᠶ᠋ᠢᠯᠠᠬᠤ᠎ᠪᠠᠷ ᠳᠤᠷᠠᠳᠴᠤ ᠪᠣᠯᠤᠨ᠎ᠠ ᠂ ᠬᠢᠨᠠᠨ ᠪᠠᠶ᠋ᠢᠴᠠᠭᠠᠭᠰᠠᠨ ᠰᠠᠨᠠᠯ᠎ᠳᠤ ᠪᠠᠲᠤᠯᠠᠭᠳᠠᠭᠰᠠᠨ ᠥᠬᠡᠶ ᠠᠵᠤ ᠠᠬᠤᠶ᠋ᠢᠯᠠᠯ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠰᠢᠰᠲᠧᠮ᠎ᠠᠴᠠ ᠪᠣᠳᠠᠲᠠᠶ ᠰᠠᠨᠠᠯ᠎ᠢ ᠦᠵᠡᠵᠦ ᠪᠣᠯᠤᠨ᠎ᠠ ᠃
ᠶᠠᠮᠠᠷᠪᠠ ᠬᠣᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠎ᠠᠴᠠ ᠬᠡᠷᠪᠡ ᠠᠵᠤ ᠠᠬᠤᠶ᠋ᠢᠯᠠᠯ᠎ᠤᠨ ᠮᠡᠳᠡᠭᠦᠯᠦᠭᠰᠡᠨ ᠬᠢᠷᠢ ᠬᠡᠮ᠎ᠤᠨ ᠪᠠᠶ᠋ᠢᠳᠠᠯ᠎ᠳᠤ ᠣᠨᠳᠣᠤ ᠰᠠᠨᠠᠯ᠎ᠲᠠᠢ ᠪᠠᠶ᠋ᠢᠪᠠᠯ ᠂ ᠴᠥᠮ ᠮᠠᠨ᠎ᠤ ᠲᠢᠩᠬᠢᠮ᠎ᠳᠤ ᠪᠠᠶ᠋ᠢᠳᠠᠯ᠎ᠢᠶᠠᠨ ᠲᠤᠰᠬᠠᠵᠤ ᠪᠣᠯᠤᠨ᠎ᠠ ᠂ ᠨᠢᠭᠡᠴᠢ᠎ᠠᠴᠠ ᠪᠠᠶ᠋ᠢᠳᠠᠯ᠎ᠢᠶᠠᠨ ᠲᠤᠰᠬᠠᠬᠤ᠎ᠳᠤ ᠠᠯᠪᠠᠨ ᠲᠠᠮᠠᠭ᠎ᠠ᠎ᠪᠠᠨ ᠳᠠᠷᠤᠬᠤ ᠴᠢᠬᠤᠯᠠᠲᠠᠶ ᠂ ᠬᠤᠪᠢ ᠬᠥᠮᠦᠨ᠎ᠠᠴᠠ ᠪᠠᠶ᠋ᠢᠳᠠᠯ᠎ᠢᠶᠠᠨ ᠲᠤᠰᠬᠠᠬᠤ᠎ᠳᠤ ᠦᠨᠡᠨ ᠪᠣᠳᠠᠲᠠᠶ ᠣᠪᠣᠭ ᠨᠡᠷ᠎ᠡ᠎ᠶᠢᠨ ᠭᠠᠷᠤᠨ ᠦᠰᠦᠭ ᠵᠢᠷᠤᠬᠤ᠎ᠶᠢᠨ ᠬᠠᠮᠲᠤ ᠬᠠᠷᠢᠯᠴᠠᠬᠤ ᠤᠲᠠᠰᠤ ᠂ ᠬᠠᠶᠢᠭ᠋ ᠪᠠ ᠰᠢᠤᠳᠠᠨ᠎ᠤ ᠳ᠋ᠤᠭᠠᠷ᠎ᠢᠶᠠᠨ ᠦᠯᠡᠳᠡᠭᠡᠬᠦ ᠬᠡᠷᠡᠭᠲᠡᠶ ᠃ ᠮᠠᠲᠧᠷᠢᠶᠠᠯ᠎ᠢᠶᠠᠨ ᠰᠢᠦᠳᠠᠨ᠎ᠢᠶᠠᠷ ᠢᠯᠡᠭᠡᠨ ᠮᠡᠳᠡᠭᠦᠯᠦᠨ ᠬᠦᠷᠭᠡᠭᠰᠡᠨ ᠠᠵᠤ ᠠᠬᠤᠶ᠋ᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ᠎ᠪᠠᠨ ᠦᠯᠡᠳᠡᠭᠡᠵᠦ ᠂ ᠬᠡᠷᠡᠭᠴᠡᠭᠡ᠎ᠳᠤ᠎ᠪᠠᠨ ᠪᠡᠯᠡᠳᠬᠡᠬᠦ ᠬᠡᠷᠡᠭᠲᠡᠶ ᠃
ᠬᠠᠷᠢᠯᠴᠠᠬᠤ ᠤᠲᠠᠰᠤ ᠄ 0471-6944058 ᠂ 0471-6944062
ᠬᠠᠷᠢᠯᠴᠠᠬᠤ ᠬᠠᠶᠢᠭ᠋ ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ᠎ᠶᠢᠨ ᠰᠠᠶ᠋ᠢᠬᠠᠨ ᠲᠣᠭᠤᠷᠢᠭ᠋᠎ᠤᠨ ᠴᠡᠯᠡᠭᠡᠷ ᠲᠠᠯ᠎ᠠ ᠶᠡᠭᠡ ᠵᠡᠭᠡᠯᠢ᠎ᠶᠢᠨ 6 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠣᠪᠴᠢᠶ᠎ᠠ᠎ᠶᠢᠨ 12 ᠳ᠋ᠤᠭᠠᠷ ᠳᠠᠪᠬᠤᠷᠯᠢᠭ᠋᠎ᠤᠨ ᠶᠡᠷᠦᠩᠬᠡᠶ᠋ᠢᠯᠡᠭᠰᠡᠨ ᠴᠣᠩᠬᠤ
ᠳᠠᠭᠠᠯᠳᠤᠭᠤᠯᠤᠯ ᠄
1. ᠨᠢᠭᠡᠳᠦᠭᠡᠷ ᠪᠦᠯᠦᠭ ᠪᠠᠷᠢᠯᠭ᠎ᠠ᠎ᠶᠢᠨ ᠦᠢᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠪᠠᠶ᠋ᠢᠴᠠᠭᠠᠭᠰᠠᠨ ᠰᠠᠨᠠᠯ
2. ᠨᠢᠭᠡᠳᠦᠭᠡᠷ ᠪᠦᠯᠦᠭ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠬᠢᠨᠠᠨ ᠬᠠᠮᠢᠶᠠᠷᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠪᠠᠢᠴᠠᠭᠠᠭᠰᠠᠨ ᠰᠠᠨᠠᠯ
3. ᠨᠢᠭᠡᠳᠦᠭᠡᠷ ᠪᠦᠯᠦᠭ ᠪᠠᠷᠢᠯᠭ᠎ᠠ᠎ᠶᠢᠨ ᠦᠢᠯᠡᠰ᠎ᠤᠨ ᠠᠵᠤ ᠠᠬᠤᠶ᠋ᠢᠯᠠᠯ᠎ᠤᠨ ᠠᠶᠤᠯ ᠦᠭᠡᠢ ᠦᠢᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯᠤᠨᠬᠢᠷᠢ ᠬᠡᠮ᠎ᠢ ᠬᠢᠨᠠᠨ ᠪᠠᠶ᠋ᠢᠴᠠᠭᠠᠭᠰᠠᠨ ᠰᠠᠨᠠᠯ
4. ᠨᠢᠭᠡᠳᠦᠭᠡᠷ ᠪᠦᠯᠦᠭ ᠬᠠᠶ᠋ᠢᠨ ᠪᠠᠶ᠋ᠢᠴᠠᠭᠠᠵᠤ ᠵᠢᠷᠤᠵᠤ ᠲᠥᠯᠥᠪᠯᠡᠬᠦ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠪᠠᠶ᠋ᠢᠴᠠᠭᠠᠭᠰᠠᠨ ᠰᠠᠨᠠᠯ
5.ᠨᠢᠭᠡᠳᠦᠭᠡᠷ ᠪᠦᠯᠦᠭ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠶᠠᠰᠤ ᠴᠢᠨᠠᠷ᠎ᠢ ᠪᠠᠢᠴᠠᠭᠠᠨ ᠬᠡᠮᠵᠢᠬᠦ ᠪᠠᠢᠭᠤᠯᠤᠮᠵᠢ ᠶ᠋ᠢᠨ ᠬᠢᠷᠢ ᠬᠡᠮ᠎ᠢ ᠬᠢᠨᠠᠨ ᠪᠠᠢᠴᠠᠭᠠᠭᠰᠠᠨ ᠰᠠᠨᠠᠯ
2026 ᠣᠨ᠎ᠤ 1 ᠳ᠋ᠦ᠍ᠭᠡᠷ ᠰᠠᠷ᠎ᠠ᠎ᠶᠢᠨ 9 ᠦ ᠡᠳᠦᠷ