1 ᠳ᠋ᠤᠭᠡᠷ ᠰᠠᠷ᠎ᠠ ᠵᠢᠨ 20ᠤ ᠡᠳᠦᠷ᠂ ᠪᠦᠬᠦ ᠣᠷᠣᠨᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯᠤᠨ ᠬᠤᠷᠠᠯ ᠬᠤᠷᠠᠯᠳᠤᠪᠠ᠃ ᠬᠤᠷᠠᠯᠨᠢ ᠰᠢᠵᠢᠨᠫᠢᠩᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰᠤᠨ ᠣᠨᠴᠠᠯᠢᠭ ᠪᠦᠬᠦᠢ ᠨᠡᠶ᠋ᠢᠭᠡᠮ ᠵᠢᠷᠤᠮᠤᠨ ᠦᠵᠡᠯ ᠰᠠᠨᠠᠭᠠᠪᠠᠷ ᠵᠢᠯᠤᠭᠤᠳᠤᠯᠭ᠎ᠠ ᠪᠣᠯᠭ᠋ᠠᠵᠤ᠂ ᠨᠠᠮᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨᠤ ᠤᠳᠠᠭ᠎ᠠ ᠪᠦᠷᠢ ᠵᠢᠨ ᠪᠦᠬᠦᠳᠡ ᠬᠤᠷᠠᠯᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪᠤᠨ ᠠᠵᠤ ᠠᠬᠤᠢ ᠵᠢᠨ ᠠᠵᠢᠯᠤᠨ ᠬᠤᠷᠠᠯ᠂ ᠲᠥᠪᠤᠨ ᠬᠤᠳᠠ ᠵᠢᠨ ᠠᠵᠢᠯᠤᠨ ᠬᠤᠷᠠᠯ ᠵᠢᠴᠢ ᠪᠦᠬᠦ ᠤᠯᠤᠰᠤᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯᠤᠨ ᠬᠤᠷᠠᠯᠤᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨᠤ ᠨᠠᠮᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨᠤ ᠠᠷᠪᠠᠨ ᠨᠢᠭᠡᠳᠦᠭᠡᠷ ᠤᠳᠠᠭ᠎ᠠ ᠵᠢᠨ ᠪᠦᠬᠦᠳᠡ ᠬᠤᠷᠠᠯ ᠵᠢᠴᠢ ᠪᠦᠬᠦ ᠣᠷᠣᠨᠤ ᠠᠵᠤ ᠠᠬᠤᠢ ᠵᠢᠨ ᠠᠵᠢᠯᠤᠨ ᠬᠤᠷᠠᠯ᠂ ᠥᠪᠡᠷᠲᠡᠭᠡᠨ ᠵᠠᠰᠠᠬᠤ ᠣᠷᠣᠨᠤ ᠨᠠᠮᠤᠨ ᠬᠤᠷᠢᠶ᠎ᠠ ᠵᠢᠨ ᠬᠤᠳᠠ ᠵᠢᠨ ᠠᠵᠢᠯᠤᠨ ᠬᠤᠷᠠᠯᠤᠨ ᠱᠠᠭ᠋ᠠᠷᠳᠠᠯᠭ᠎ᠠ ᠵᠢ ᠪᠦᠬᠦ ᠲᠠᠯᠠᠪᠠᠷ ᠲᠤᠭᠤᠰᠢᠯᠠᠭᠤᠯᠵᠤ᠂ 2025 ᠣᠨ ᠵᠢᠴᠢ 《ᠠᠷᠪᠠᠨ ᠳᠥᠷᠪᠡᠳᠦᠭᠡᠷ ᠲᠠᠪᠤᠨ ᠵᠢᠯ》ᠤᠨ ᠬᠤᠭᠤᠴᠠᠭ᠋ᠠᠨᠳᠠᠬᠢ ᠪᠦᠬᠦ ᠣᠷᠣᠨᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯᠢ ᠳ᠋ᠦᠩᠨᠡᠵᠦ᠂ ᠣᠳᠣᠬᠠᠨᠤ ᠪᠠᠶ᠋ᠢᠳᠠᠯ ᠪᠣᠯᠤᠨ ᠠᠰᠠᠭᠤᠳᠠᠯᠢ ᠵᠠᠳᠠᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》ᠤᠨ ᠲᠦᠯᠦᠪᠵᠢᠭᠦᠯᠭᠡ ᠵᠢᠨ ᠬᠤᠭᠤᠴᠠᠭ᠎ᠠ ᠪᠣᠯᠤᠨ 2026 ᠣᠨᠤ ᠭᠤᠣᠯᠳᠠᠯᠭᠠᠲᠠᠢ ᠡᠭᠦᠷᠭᠡ ᠵᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮᠤᠨ ᠨᠠᠮᠤᠨ ᠤᠳᠤᠷᠢᠳᠬᠤ ᠳᠤᠭᠤᠶ᠋ᠢᠯᠠᠩᠤᠨ ᠱᠦᠵᠢ᠂ ᠲᠢᠩᠬᠢᠮᠤᠨ ᠳᠠᠷᠤᠭ᠎ᠠ ᠶᠦᠨ ᠴᠦᠨ ᠱᠧᠩ ᠠᠵᠢᠯᠤᠨ ᠮᠡᠳᠡᠭᠦᠯᠦᠯᠲᠡ ᠬᠢᠪᠠ᠃

ᠬᠤᠷᠠᠯᠠᠴᠠ ᠥᠪᠡᠷᠲᠡᠭᠡᠨ ᠵᠠᠰᠠᠬᠤ ᠣᠷᠣᠨᠤ ᠳᠡᠳ᠋ ᠲᠡᠷᠢᠭᠦᠯᠡᠭᠴᠢ ᠶᠣᠣ ᠶᠦᠩ ᠪᠥᠸᠧ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯᠤᠨ ᠲᠤᠬᠠᠶ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠵᠤ᠂ ᠪᠥᠬᠦ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮᠤᠨ ᠥᠪᠡᠷᠲᠡᠭᠡᠨ ᠵᠠᠰᠠᠬᠤ ᠣᠷᠣᠨᠤ 《1571》 ᠠᠵᠢᠯᠤᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠴᠢᠨᠠᠷ ᠰᠠᠶ᠋ᠢᠲᠠᠶ ᠬᠥᠭᠵᠢᠯᠲᠡ᠂ ᠪᠠᠷᠢᠯᠭ᠎ᠠ ᠵᠢᠨ ᠦᠢ᠍ᠯᠡᠰᠤᠨ ᠶᠠᠰᠤ ᠴᠢᠨᠠᠷᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠬᠤᠲᠠ ᠵᠢᠨ ᠰᠢᠨᠡᠴᠢᠯᠡᠯᠲᠡ ᠵᠡᠷᠭᠡ ᠭᠤᠤᠯᠳᠠᠯᠭᠠᠲᠠᠢ ᠡᠭᠦᠷᠭᠡᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰᠤᠨ ᠳᠠᠬᠢᠨ ᠰᠢᠨ᠎ᠡ ᠳᠡᠭᠲᠡᠷᠲᠤ ᠭᠠᠷᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨᠤ 《ᠠᠷᠪᠠᠨ ᠲᠠᠪᠤᠳᠤᠭ᠋ᠠᠷ ᠲᠠᠪᠤᠨ ᠵᠢᠯ》ᠤᠨ ᠲᠦᠯᠦᠪᠵᠢᠭᠦᠯᠭᠡ ᠵᠢᠨ ᠰᠠᠶ᠋ᠢᠨ ᠰᠠᠶ᠋ᠢᠬᠠᠨ ᠡᠬᠢᠯᠡᠯᠲᠡ ᠵᠢ ᠪᠡᠶᠡᠯᠡᠭᠦᠯᠬᠦᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠱᠠᠭ᠋ᠠᠷᠳᠠᠪᠠ᠃
ᠬᠤᠷᠠᠯᠠᠴᠠ ᠪᠥᠬᠦ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮᠤᠨ ᠥᠩᠭᠡᠷᠡᠭᠰᠡᠨ ᠲᠠᠪᠤᠨ ᠵᠢᠯᠤᠨ ᠠᠵᠢᠯᠤᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》ᠤᠨ ᠲᠦᠯᠦᠪᠵᠢᠭᠦᠯᠭᠡ ᠵᠢᠨ ᠬᠤᠭᠤᠴᠠᠭ᠋ᠠᠨᠳᠤ ᠪᠥᠬᠦ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮᠤᠨᠬᠢᠨ ᠬᠥᠭᠵᠢᠯᠲᠡ ᠵᠢᠨ ᠬᠠᠷᠠᠯᠲᠠ ᠵᠢᠨ ᠲᠣᠭᠤᠷᠢᠨᠳᠤ᠂ ᠣᠯᠠᠨ ᠲᠦᠮᠡᠨᠤ ᠠᠩᠬᠠᠷᠴᠤ ᠪᠠᠶ᠋ᠢᠭ᠎ᠠ ᠠᠰᠠᠭᠤᠳᠠᠯᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳᠤᠨ ᠠᠮᠢᠳᠤᠷᠠᠯᠤᠨ ᠬᠤᠷᠢᠭ᠎ᠠ ᠱᠤᠭᠤᠮᠢ ᠪᠠᠲᠤ ᠰᠠᠬᠢᠵᠤ᠂ ᠶᠡᠭᠡ ᠬᠠᠨᠳᠤᠰᠢ ᠵᠢ ᠡᠵᠡᠮᠳᠡᠵᠦ᠂ ᠬᠦᠴᠢᠷᠢ ᠲᠤᠭᠤᠯᠤᠨ ᠪᠡᠷᠬᠡ ᠵᠢ ᠳᠠᠪᠠᠵᠤ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰᠤᠨ ᠠᠯᠢ ᠣᠯᠠᠨ ᠴᠢᠬᠤᠯᠠ ᠶᠡᠭᠡ ᠠᠮᠵᠢᠯᠲᠠ ᠤᠯᠬᠤ ᠵᠢ ᠠᠬᠢᠭᠤᠯᠪᠠ᠃
ᠬᠤᠷᠠᠯᠠᠴᠠ᠂ 《ᠠᠷᠪᠠᠨ ᠲᠠᠪᠤᠳᠤᠭ᠋ᠠᠷ ᠲᠠᠪᠤᠨ ᠵᠢᠯ》ᠤᠨ ᠲᠦᠯᠦᠪᠵᠢᠭᠦᠯᠭᠡ ᠵᠢᠨ ᠬᠤᠭᠤᠴᠠᠭ᠋ᠠᠨᠤ ᠰᠢᠨ᠎ᠡ ᠠᠶᠠᠨ ᠵᠠᠮᠳᠤ᠂ ᠪᠥᠬᠦ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮᠤᠨᠬᠢᠨ ᠤᠯᠤᠰᠤᠨ ᠪᠠᠶ᠋ᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨᠤ ᠶᠡᠭᠡ ᠲᠠᠯᠠᠳᠤ ᠦᠢ᠍ᠯᠡᠴᠢᠯᠡᠬᠦ ᠳᠤᠮᠳᠠ ᠪᠠᠶ᠋ᠢᠷᠢ ᠲᠣᠭᠲᠠᠭ᠋ᠠᠯᠲᠠᠪᠠᠨ ᠣᠨᠣᠪᠴᠢᠲᠠᠶ ᠣᠯᠵᠤ᠂ ᠣᠯᠠᠨ ᠲᠦᠮᠡᠨᠤ ᠬᠦᠰᠡᠯ ᠱᠠᠭ᠋ᠠᠷᠳᠠᠯᠭᠠᠳᠤ ᠢᠳᠡᠪᠬᠢᠲᠡᠶ ᠬᠠᠷᠢᠭᠤᠯᠲᠠ ᠥᠭᠴᠦ᠂ ᠠᠰᠢᠭᠲᠠᠶ ᠴᠠᠭ ᠲᠣᠬᠢᠶᠠᠯ᠂ ᠠᠰᠢᠭᠲᠠᠶ ᠨᠥᠬᠦᠴᠡᠯᠢ ᠴᠢᠳᠠᠮᠠᠭ᠋ᠠᠶ ᠡᠵᠡᠮᠳᠡᠨ ᠬᠡᠷᠡᠭᠯᠡᠵᠦ᠂ ᠠᠶᠤᠯ ᠲᠦᠭᠰᠢᠭᠦᠷᠢ ᠪᠠ ᠥᠷᠢᠰᠥᠯᠳᠦᠭᠡᠨᠢ ᠪᠦᠲᠦᠮᠵᠢᠲᠡᠶ ᠠᠷᠭ᠋ᠠᠴᠠᠭ᠋ᠠᠵᠤ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰᠤᠨ ᠴᠢᠨᠠᠷ ᠰᠠᠶ᠋ᠢᠲᠠᠶ ᠬᠥᠭᠵᠢᠯᠲᠡ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯᠠᠴᠠ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠥᠬᠦ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮᠤᠨᠬᠢᠨ ᠶᠡᠷᠦᠩᠬᠡᠶ ᠱᠦᠵᠢ ᠰᠢᠵᠢᠨᠫᠢᠩᠤᠨ ᠥᠪᠥᠷ ᠮᠣᠩᠭᠤᠯ ᠵᠢᠴᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮᠤᠨ ᠲᠥᠪ ᠬᠤᠷᠢᠶ᠎ᠠ᠂ ᠲᠥᠷᠥ ᠵᠢᠨ ᠶᠠᠪᠤᠳᠠᠯᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨᠤ ᠨᠠᠮᠤᠨ ᠬᠤᠷᠢᠶ᠎ᠠ᠂ ᠵᠠᠰᠠᠭᠤᠨ ᠣᠷᠳᠣᠨᠤ ᠡᠯ᠎ᠡ ᠵᠦᠢ᠍ᠯᠤᠨ ᠪᠠᠶ᠋ᠢᠷᠢᠯᠠᠭᠤᠯᠤᠯᠲᠠ ᠵᠢ ᠪᠥᠬᠦ ᠲᠠᠯᠠᠪᠠᠷ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨᠤ ᠬᠠᠮᠲᠤ ᠵᠢᠨ ᠴᠣᠭᠴᠠ ᠵᠢᠨ ᠤᠬᠠᠮᠰᠠᠷᠢ ᠪᠠᠲᠤ ᠴᠣᠭᠴᠠᠯᠠᠬᠤ ᠭᠤᠤᠯ ᠱᠤᠭᠤᠮᠲᠠᠢ ᠨᠢᠭᠲᠠ ᠤᠶᠠᠯᠳᠤᠭᠤᠯᠤᠨ᠂ ᠨᠡᠮᠡᠭᠳᠡᠯᠢ ᠲᠣᠭᠲᠠᠪᠤᠷᠢᠵᠢᠭᠤᠯᠬᠤ᠂ ᠠᠷᠠᠳᠤᠨ ᠠᠮᠢᠳᠤᠷᠠᠯᠢ ᠪᠠᠲᠤᠯᠠᠬᠤ᠂ ᠠᠶᠤᠯ ᠲᠦᠭᠰᠢᠭᠦᠷᠢ ᠵᠢ ᠰᠡᠷᠭᠡᠶ᠋ᠢᠯᠡᠬᠦ᠂ ᠬᠡᠯᠪᠡᠷᠢ ᠬᠤᠪᠢᠷᠠᠭᠤᠯᠬᠤ ᠵᠢ ᠠᠬᠢᠭᠤᠯᠬᠤ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠯ᠎ᠡ ᠵᠦᠢ᠍ᠯᠤᠨ ᠠᠵᠢᠯᠳᠤ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠪᠠ᠃
ᠬᠤᠷᠠᠯᠠᠴᠠ᠂ 2026 ᠣᠨ ᠪᠣᠯ 《ᠠᠷᠪᠠᠨ ᠲᠠᠪᠤᠳᠤᠭ᠋ᠠᠷ ᠲᠠᠪᠤᠨ ᠵᠢᠯ》ᠤᠨ ᠲᠦᠯᠦᠪᠵᠢᠭᠦᠯᠭᠡ ᠵᠢᠨ ᠬᠤᠭᠤᠴᠠᠭ᠋ᠠᠨᠤ ᠡᠬᠢᠯᠡᠯᠲᠡ ᠵᠢᠨ ᠵᠢᠯ ᠪᠣᠯᠤᠨ᠎ᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯᠢ ᠰᠠᠶ᠋ᠢᠲᠤᠷ ᠬᠢᠬᠦᠨᠢ ᠴᠢᠬᠤᠯᠠ ᠶᠡᠭᠡ ᠠᠴᠢ ᠬᠤᠯᠪᠣᠭᠳᠠᠯᠲᠠᠢ ᠶᠤᠮ᠃ ᠪᠥᠬᠦ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠢᠰᠲ᠋ᠧᠮᠤᠨᠬᠢᠨ ᠥᠪᠡᠷᠲᠡᠭᠡᠨ ᠵᠠᠰᠠᠬᠤ ᠣᠷᠣᠨᠤ 《1571》 ᠠᠵᠢᠯᠤᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨᠤ ᠬᠠᠮᠲᠤ ᠵᠢᠨ ᠴᠣᠭᠴᠠ ᠵᠢᠨ ᠤᠬᠠᠮᠰᠠᠷᠤᠨ ᠭᠤᠤᠯ ᠰᠢᠵᠢᠮᠢ ᠪᠠᠲᠤ ᠴᠣᠭᠴᠠᠯᠠᠵᠤ᠂ ᠰᠢᠨ᠎ᠡ ᠵᠢ ᠡᠭᠦᠳᠬᠦ᠂ ᠣᠷᠣᠰᠢᠨ ᠰᠠᠭᠤᠬᠤᠳᠤ ᠲᠣᠬᠢᠷᠠᠮᠵᠢᠲᠠᠶ᠂ ᠦᠵᠡᠰᠬᠦᠯᠡᠩᠲᠦ ᠰᠠᠶ᠋ᠢᠬᠠᠨ᠂ ᠤᠶᠠᠨ ᠬᠠᠳᠠᠨ᠂ ᠪᠣᠯᠪᠠᠰᠤᠨ᠂ ᠣᠶᠤᠨᠴᠢ ᠣᠳᠣᠬᠢᠴᠢᠯᠠᠭᠰᠠᠨ ᠠᠷᠠᠳᠤᠨ ᠬᠤᠲᠠ ᠵᠢ ᠬᠦᠴᠦᠯᠡᠨ ᠪᠠᠶ᠋ᠢᠭᠤᠯᠵᠤ᠂ ᠬᠤᠲᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠦᠨ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠪᠠᠷᠢᠯᠭ᠎ᠠ ᠵᠢᠨ ᠦᠢ᠍ᠯᠡᠰᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠤᠨ᠂ 《ᠰᠠᠶ᠋ᠢᠨ ᠬᠡᠷ ᠪᠠᠶ᠋ᠢᠰᠢᠩ᠂ ᠰᠠᠶ᠋ᠢᠨ ᠤᠷᠤᠨ ᠰᠠᠭᠤᠴᠠ ᠵᠢᠨ ᠲᠣᠭᠤᠷᠢᠭ᠂ ᠰᠠᠶ᠋ᠢᠨ ᠨᠡᠶ᠋ᠢᠭᠡᠮ ᠲᠣᠭᠤᠷᠢᠭ᠂ ᠰᠠᠶ᠋ᠢᠨ ᠬᠤᠲᠠ ᠲᠣᠭᠤᠷᠢᠭ》ᠤᠨ ᠪᠥᠲᠥᠭᠡᠨ ᠪᠠᠶ᠋ᠢᠭᠤᠯᠤᠯᠲᠠ ᠵᠢ ᠰᠢᠰᠲ᠋ᠧᠮᠲᠠᠢ ᠠᠬᠢᠭᠤᠯᠵᠤ᠂ ᠣᠷᠣᠰᠢᠨ ᠰᠠᠭᠤᠬᠤᠳᠤ ᠲᠣᠬᠢᠷᠠᠮᠵᠢᠲᠠᠶ ᠠᠵᠢᠯ ᠦᠢ᠍ᠯᠡᠰ ᠡᠷᠭᠢᠯᠡᠬᠦᠳᠤ ᠲᠣᠬᠢᠷᠠᠮᠵᠢᠲᠠᠶ ᠪᠠ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨᠢ ᠪᠥᠲᠥᠭᠡᠨ ᠪᠠᠶ᠋ᠢᠭᠤᠯᠵᠤ᠂ ᠠᠮᠤᠷ ᠲᠦᠪᠰᠢᠨ ᠲᠣᠭᠲᠠᠭᠤᠨᠤ ᠰᠡᠷᠭᠡᠶ᠋ᠢᠯᠡᠯᠲᠡ ᠵᠢᠨ ᠱᠤᠭᠤᠮᠢ ᠪᠠᠬᠢᠵᠢᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠪᠠᠶ᠋ᠢᠳᠠᠯᠢ ᠴᠢᠷᠮᠠᠶ᠋ᠢᠨ ᠡᠭᠦᠳᠴᠦ᠂ ᠳᠤᠮᠳᠠᠳᠤ ᠤᠯᠤᠰᠤᠨ ᠮᠠᠶᠢᠭᠤᠨ ᠣᠳᠣᠬᠢᠴᠢᠯᠠᠭᠰᠠᠨ ᠥᠪᠥᠷ ᠮᠣᠩᠭᠤᠯᠤᠨ ᠰᠢᠨ᠎ᠡ ᠬᠠᠭᠤᠳᠠᠰᠤ ᠵᠢ ᠪᠢᠴᠢᠭᠯᠡᠬᠦᠳᠤ ᠣᠷᠣᠨ ᠰᠠᠭᠤᠴᠠ ᠪᠠ ᠬᠤᠳᠠ ᠬᠦᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠨᠠᠢ᠍ᠮᠠᠨ ᠲᠠᠯ᠎ᠠ ᠵᠢᠨ ᠠᠵᠢᠯᠢ ᠭᠤᠤᠯᠳᠠᠯᠭᠠᠲᠠᠢ ᠰᠠᠶ᠋ᠢᠲᠤᠷ ᠠᠳᠬᠤᠨ᠎ᠠ᠄
ᠨᠢᠭᠡᠳᠤ᠂ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨᠤ ᠨᠠᠮᠤᠨ ᠬᠤᠷᠢᠶ᠎ᠠ᠂ ᠵᠠᠰᠠᠭᠤᠨ ᠣᠷᠳᠣᠨᠤ 《ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》ᠢ ᠪᠥᠬᠦ ᠲᠠᠯᠠᠪᠠᠷ ᠨᠠᠶ᠋ᠢᠳᠠᠪᠤᠷᠢᠵᠢᠭᠤᠯᠵᠤ᠂ ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠬᠢᠭᠡᠳ ᠬᠤᠲᠠ ᠵᠢᠨ ᠰᠢᠨᠡᠴᠢᠯᠡᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ 《ᠳᠥᠷᠪᠡᠨ ᠲᠥᠷᠥᠯᠤᠨ ᠬᠤᠭᠤᠯᠠᠶ ᠲᠣᠣᠷ》ᠤᠨ ᠨᠡᠶ᠋ᠢᠳᠡᠮ ᠪᠠᠶ᠋ᠢᠴᠠᠭ᠋ᠠᠯᠲᠠ ᠵᠢ ᠡᠮᠬᠢ ᠵᠢᠷᠤᠮᠲᠠᠢ ᠥᠷᠨᠢᠭᠦᠯᠵᠦ᠂ ᠬᠤᠲᠠ ᠪᠠᠯᠭ᠋ᠠᠰᠤ ᠵᠢᠨ ᠬᠠᠭᠤᠴᠢᠨ ᠤᠷᠤᠨ ᠰᠠᠭᠤᠴᠠ ᠵᠢᠨ ᠲᠣᠭᠤᠷᠢᠭ᠂ ᠬᠠᠭᠤᠴᠢᠨ ᠵᠡᠭᠡᠯᠢ ᠲᠣᠭᠤᠷᠢᠭ (ᠦᠢ᠍ᠯᠡᠳᠪᠦᠷᠢ ᠵᠢᠨ ᠲᠣᠭᠤᠷᠢᠭ)ᠤᠨ ᠥᠭᠡᠷᠡᠴᠢᠯᠡᠯᠲᠡ ᠵᠢ ᠯᠠᠪᠳᠠᠭᠤᠨ ᠵᠶ᠋ᠠᠷ ᠠᠬᠢᠭᠤᠯᠤᠨ᠎ᠠ᠃ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨᠳᠠᠬᠢ ᠠᠮᠢ ᠠᠬᠤᠶ ᠵᠢᠨ ᠣᠷᠴᠢᠨ ᠲᠣᠭᠣᠷᠢᠨᠤ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠶ᠃ ᠲᠡᠦᠬᠡ ᠰᠣᠶᠣᠯᠢ ᠬᠠᠮᠠᠭ᠋ᠠᠯᠠᠨ ᠤᠯᠠᠮᠵᠢᠯᠠᠬᠤ ᠵᠢ ᠴᠢᠩᠭ᠋ᠠᠳᠬᠠᠨ᠎ᠠ᠃ ᠬᠤᠲᠠ ᠵᠢᠨ ᠬᠠᠮᠢᠶᠠᠷᠤᠯᠲᠠ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠪᠠᠶ᠋ᠢᠭᠤᠯᠬᠤ ᠵᠢ ᠠᠬᠢᠭᠤᠯᠵᠤ᠂ 《ᠨᠢᠭᠡ ᠵᠥᠪᠯᠡᠯ ᠨᠢᠭᠡ ᠠᠯᠪᠠᠨ ᠬᠡᠷ ᠨᠢᠭᠡ ᠲᠠᠪᠴᠠᠩ》ᠤᠨ ᠦᠢ᠍ᠯᠡᠳᠦᠯᠢ ᠪᠠᠳᠠᠷᠠᠭᠤᠯᠤᠨ᠂ ᠬᠤᠲᠠ ᠵᠢᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠡᠩᠨᠡᠭᠡ ᠵᠢᠨ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ᠃
ᠬᠤᠶᠠᠷᠲᠤ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷᠢ ᠬᠦᠴᠦᠯᠡᠨ ᠲᠣᠭᠲᠠᠪᠤᠷᠢᠵᠢᠭᠤᠯᠤᠨ᠎ᠠ᠃ ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷᠢ ᠲᠦᠷᠭᠡᠳᠬᠡᠨ ᠪᠠᠶ᠋ᠢᠭᠤᠯᠵᠤ᠂ ᠬᠡᠷᠡᠭᠴᠡᠭᠡ ᠱᠠᠭ᠋ᠠᠷᠳᠠᠯᠭ᠎ᠠ ᠵᠢ ᠪᠠᠳᠠᠷᠠᠭᠤᠯᠬᠤ᠂ ᠬᠠᠩᠭ᠋ᠠᠯᠭ᠎ᠠ ᠵᠢ ᠰᠠᠶ᠋ᠢᠵᠢᠷᠠᠭᠤᠯᠬᠤ᠂ ᠬᠡᠯᠪᠡᠷᠢ ᠬᠤᠪᠢᠷᠠᠭᠤᠯᠬᠤ ᠵᠢ ᠠᠬᠢᠭᠤᠯᠬᠤ ᠵᠢᠨ ᠲᠣᠭᠤᠷᠢᠨᠳᠤ ᠦᠷᠭᠦᠯᠵᠢᠯᠡᠨ ᠬᠦᠴᠦᠯᠡᠨ᠎ᠡ᠃ ᠬᠡᠷ ᠪᠠᠶ᠋ᠢᠰᠢᠩᠤᠨ ᠶᠠᠰᠤ ᠴᠢᠨᠠᠷᠢ ᠳᠡᠭᠡᠭᠰᠢᠯᠡᠭᠦᠯᠬᠦ ᠢᠨᠵᠧᠨᠧᠷᠢᠩᠢ ᠬᠡᠷᠡᠭᠵᠢᠭᠦᠯᠵᠦ᠂ 《ᠰᠠᠶ᠋ᠢᠨ ᠬᠡᠷ ᠪᠠᠶ᠋ᠢᠰᠢᠩ》ᠤᠨ ᠠᠵᠢᠯᠯᠠᠭ᠎ᠠ ᠵᠢᠨ ᠲᠥᠰᠦᠯ ᠪᠠ ᠮᠡᠷᠭᠡᠵᠢᠯᠤᠨ ᠪᠠᠷᠢᠮᠵᠢᠶ᠎ᠠ ᠵᠢ ᠨᠡᠶ᠋ᠢᠲᠡᠯᠡᠵᠦ᠂ ᠵᠢᠷᠤᠵᠤ ᠲᠥᠯᠥᠪᠯᠡᠬᠦ᠂ ᠪᠠᠷᠢᠮᠵᠢᠶ᠎ᠠ᠂ ᠮᠠᠲ᠋ᠧᠷᠢᠶᠠᠯ᠂ ᠪᠥᠲᠥᠭᠡᠨ ᠪᠠᠶ᠋ᠢᠭᠤᠯᠬᠤ᠂ ᠠᠵᠢᠯᠯᠠᠭᠤᠯᠬᠤ ᠪᠠ ᠬᠠᠮᠠᠭ᠋ᠠᠯᠠᠬᠤ ᠪᠥᠬᠦ ᠬᠡᠯᠬᠢᠶᠡᠪᠠᠷ ᠳᠡᠭᠡᠭᠰᠢᠯᠡᠭᠦᠯᠬᠦ ᠵᠢ ᠪᠡᠶᠡᠯᠡᠭᠦᠯᠦᠨ᠎ᠡ᠃ ᠭᠡᠷ ᠪᠠᠶ᠋ᠢᠰᠢᠩ ᠭᠠᠵᠠᠷ ᠬᠦᠷᠦᠩᠭᠡ ᠵᠢᠨ ᠨᠡᠭᠡᠭᠡᠯᠲᠡ᠂ ᠪᠡᠯᠡ ᠲᠣᠬᠢᠷᠠᠭᠤᠯᠭ᠎ᠠ᠂ ᠪᠣᠷᠤᠯᠠᠭᠤᠯᠭ᠎ᠠ ᠵᠢᠨ ᠳᠦᠷᠢᠮᠤᠨ ᠦᠭᠡᠷᠡᠴᠢᠯᠡᠯᠲᠡ ᠵᠢᠨ ᠡᠭᠦᠷᠭᠡ ᠵᠢ ᠭᠤᠣᠯᠳᠠᠯᠭᠠᠲᠠᠢ ᠨᠠᠶ᠋ᠢᠳᠠᠪᠤᠷᠢᠵᠢᠭᠤᠯᠵᠤ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠨᠡᠭᠡᠭᠡᠯᠲᠡ ᠵᠢᠨ ᠵᠢᠭᠡᠯᠡᠯᠭᠡ ᠵᠢᠨ ᠲᠦᠷᠦᠯ ᠵᠦᠢ᠍ᠯᠳᠤ 《ᠴᠠᠭ᠋ᠠᠨ ᠨᠡᠷᠡᠰ》ᠤᠨ ᠳᠦᠷᠢᠮᠢ ᠬᠡᠷᠡᠭᠵᠢᠭᠦᠯᠦᠨ᠎ᠡ᠃ ᠪᠡᠯᠡᠨ ᠭᠡᠷ ᠪᠠᠶ᠋ᠢᠰᠢᠩ ᠪᠣᠷᠣᠯᠠᠭᠤᠯᠬᠤ ᠲᠤᠷᠰᠢᠯᠲᠠ ᠵᠢ ᠵᠣᠬᠢᠰᠲᠠᠶ ᠥᠷᠭᠡᠳᠬᠡᠨ᠂ ᠪᠣᠷᠤᠯᠠᠭᠤᠯᠭ᠎ᠠ ᠵᠢᠨ ᠵᠠᠭᠪᠤᠷᠤᠨ ᠬᠤᠪᠢᠷᠠᠭᠤᠯᠤᠯᠲᠠ ᠵᠢ ᠲᠦᠯᠬᠢᠨ ᠠᠬᠢᠭᠤᠯᠤᠨ᠎ᠠ᠃
ᠭᠤᠷᠪᠠᠳᠤ᠂ ᠣᠷᠣᠨ ᠰᠠᠭᠤᠴᠠ ᠵᠢᠨ ᠪᠠᠲᠤᠯᠠᠭ᠎ᠠ ᠵᠢᠨ ᠰᠢᠰᠲ᠋ᠧᠮᠢ ᠲᠡᠭᠦᠯᠳᠡᠷᠵᠢᠭᠦᠯᠦᠨ᠎ᠡ᠃ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠮᠵᠢᠲᠡᠶ ᠬᠠᠩᠭ᠋ᠠᠯᠭ᠎ᠠ ᠵᠢ ᠦᠷᠭᠦᠯᠵᠢᠯᠡᠨ ᠨᠡᠮᠡᠭᠳᠡᠭᠦᠯᠵᠦ᠂ ᠬᠤᠲᠠ ᠵᠢᠨ ᠨᠤᠷᠠᠬᠤ ᠠᠶᠤᠯᠲᠠᠶ ᠬᠠᠭᠤᠴᠢᠨ ᠭᠡᠷ ᠪᠠᠶ᠋ᠢᠰᠢᠩᠢ ᠥᠭᠡᠷᠡᠴᠢᠯᠡᠨ ᠰᠢᠨᠡᠳᠬᠡᠬᠦ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠬᠤᠲᠠ ᠵᠢᠨ ᠲᠤᠮᠳᠠᠬᠢ ᠲᠣᠰᠬᠤᠨᠤ ᠥᠭᠡᠷᠡᠴᠢᠯᠡᠯᠲᠡ ᠵᠢ ᠢᠳᠡᠪᠬᠢᠲᠡᠶᠪᠠᠷ ᠲᠦᠯᠬᠢᠨ ᠠᠬᠢᠭᠤᠯᠵᠤ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠲᠡᠮᠵᠢᠯᠭᠡ ᠵᠢᠨ ᠦᠢ᠍ᠯᠡᠳᠦᠯᠢ ᠭᠦᠢ᠍ᠴᠡᠳ ᠪᠠᠳᠠᠷᠠᠭᠤᠯᠤᠨ᠂ ᠱᠠᠲᠤ ᠲᠥᠷᠥᠯ ᠬᠤᠪᠢᠶᠠᠬᠤ᠂ ᠣᠯᠠᠨ ᠡᠰᠢᠵᠢᠭᠦᠯᠦᠨ ᠬᠠᠩᠭ᠋ᠠᠬᠤ ᠣᠷᠣᠨ ᠰᠠᠭᠤᠴᠠ ᠵᠢᠨ ᠪᠠᠲᠤᠯᠠᠭ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠣᠷᠣᠨ ᠰᠠᠭᠤᠴᠠ ᠵᠢᠨ ᠪᠠᠲᠤᠯᠠᠭ᠎ᠠ ᠵᠢᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃
ᠳᠥᠷᠪᠡᠳᠤ᠂ ᠪᠠᠷᠢᠯᠭ᠎ᠠ ᠵᠢᠨ ᠦᠢ᠍ᠯᠡᠰᠤᠨ ᠶᠠᠰᠤ ᠴᠢᠨᠠᠷᠢ ᠳᠡᠭᠡᠭᠰᠢᠯᠡᠭᠦᠯᠦᠨ ᠦᠷ᠎ᠡ ᠠᠰᠢᠭᠢ ᠨᠡᠮᠡᠭᠳᠡᠭᠦᠯᠬᠦ ᠵᠢ ᠠᠬᠢᠭᠤᠯᠤᠨ᠎ᠠ᠃ ᠪᠠᠷᠢᠯᠭ᠎ᠠ ᠵᠢᠨ ᠦᠢ᠍ᠯᠡᠰᠤᠨ ᠠᠵᠤ ᠦᠢ᠍ᠯᠡᠳᠪᠦᠷᠢᠵᠢᠯᠲᠡ᠂ ᠲᠣᠭ᠋ᠠᠴᠢᠯᠠᠯᠲᠠ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠵᠢ ᠠᠬᠢᠭᠤᠯᠵᠤ᠂ ᠪᠦᠳᠦᠭᠡᠨ ᠪᠠᠶ᠋ᠢᠭᠤᠯᠬᠤ ᠬᠢᠷᠢ ᠲᠦᠪᠰᠢᠨ ᠪᠠ ᠪᠠᠷᠢᠯᠭ᠎ᠠ ᠵᠢᠨ ᠶᠠᠰᠤ ᠴᠢᠨᠠᠷᠢ ᠳᠡᠭᠡᠭᠰᠢᠯᠡᠭᠦᠯᠦᠨ᠎ᠡ᠃ ᠠᠵᠤ ᠠᠬᠤᠶ᠋ᠢᠯᠠᠯᠤᠨ ᠬᠢᠷᠢ ᠬᠡᠮᠤᠨ ᠳᠡᠰ ᠳᠡᠪᠰᠢᠬᠦ ᠪᠠ 《ᠭᠠᠳᠠᠭᠰᠢ ᠭᠠᠷᠬᠤ》 ᠬᠥᠭᠵᠢᠯᠲᠡ ᠵᠢ ᠳᠡᠮᠵᠢᠨ᠎ᠡ᠃ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯᠤᠨ ᠬᠢᠨᠠᠨ ᠵᠥᠪᠰᠢᠶᠡᠷᠡᠬᠦ ᠵᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠵᠢ ᠲᠦᠯᠬᠢᠨ ᠠᠬᠢᠭᠤᠯᠵᠤ᠂ 《ᠥᠨᠳᠥᠷ ᠪᠦᠲᠦᠮᠵᠢᠲᠡᠶᠪᠠᠷ ᠨᠢᠭᠡ ᠶᠠᠪᠤᠳᠠᠯ ᠪᠦᠳᠦᠭᠡᠬᠦ》 ᠵᠢ ᠨᠠᠶ᠋ᠢᠳᠠᠪᠤᠷᠢᠵᠢᠭᠤᠯᠤᠨᠠ᠃ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠲᠣᠭᠲᠠᠴᠠ ᠵᠢ ᠰᠠᠢ᠌ᠳᠦᠷ ᠬᠡᠷᠡᠭᠯᠡᠵᠦ᠂ ᠴᠢᠬᠤᠯᠠ ᠶᠡᠭᠡ ᠲᠥᠷᠥᠯ ᠵᠦᠢ᠍ᠯᠢ ᠲᠦᠷᠭᠡᠨ ᠨᠡᠭᠡᠭᠡᠵᠦ ᠲᠦᠷᠭᠡᠨ ᠪᠠᠢ᠌ᠭᠤᠯᠬᠤ ᠵᠢ ᠠᠬᠢᠭᠤᠯᠤᠨ᠎ᠠ᠃ ᠢᠲᠡᠭᠡᠮᠵᠢᠪᠠᠷ ᠰᠠᠭᠤᠷᠢ ᠪᠣᠯᠭ᠋ᠠᠭᠰᠠᠨ ᠰᠢᠨ᠎ᠡ ᠮᠠᠶᠢᠭᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠲᠦᠷᠭᠡᠳᠬᠡᠨ ᠪᠠᠢ᠌ᠭᠤᠯᠤᠨ᠎ᠠ᠃ᠲᠠᠪᠤᠳᠤ᠂ ᠠᠳᠠᠯ ᠠᠬᠤᠶ ᠵᠢᠨ ᠦᠢ᠍ᠯᠡᠴᠢᠯᠡᠭᠡᠨᠤ ᠶᠠᠰᠤ ᠴᠢᠨᠠᠷᠢ ᠳᠡᠭᠡᠭᠰᠢᠯᠡᠭᠦᠯᠦᠨ᠎ᠡ᠃ ᠣᠷᠣᠨ ᠰᠠᠭᠤᠴᠠ ᠵᠢᠨ ᠠᠳᠠᠯ ᠠᠬᠤᠢ ᠵᠢᠨ ᠦᠢ᠍ᠯᠡᠴᠢᠯᠡᠭᠡᠨᠤ ᠶᠠᠰᠤ ᠴᠢᠨᠠᠷᠢ ᠳᠡᠭᠡᠭᠰᠢᠯᠡᠭᠦᠯᠬᠦ ᠭᠤᠷᠪᠠᠨ ᠵᠢᠯᠤᠨ ᠠᠵᠢᠯᠯᠠᠭ᠎ᠠ ᠵᠢ ᠬᠡᠷᠡᠭᠵᠢᠭᠦᠯᠵᠦ᠂ ᠠᠳᠠᠯ ᠠᠬᠤᠢ ᠵᠢᠨ ᠬᠠᠮᠢᠶᠠᠷᠤᠯᠲᠠ ᠵᠢᠨ ᠰᠢᠨ᠎ᠡ ᠠᠷᠭ᠎ᠠ ᠵᠠᠮ᠂ ᠰᠢᠨ᠎ᠡ ᠵᠠᠭᠪᠤᠷᠢ ᠰᠦᠪᠡᠭᠴᠢᠯᠡᠨ᠎ᠡ᠃ ᠨᠠᠮᠤᠨ ᠪᠠᠶ᠋ᠢᠭᠤᠯᠤᠯᠲᠠᠪᠠᠷ ᠠᠳᠠᠯ ᠠᠬᠤᠢ ᠵᠢᠨ ᠵᠠᠰᠠᠯᠲᠠ ᠵᠢ ᠬᠥᠲᠥᠯᠥᠨ ᠳᠠᠭ᠋ᠠᠭᠤᠯᠵᠤ ᠦᠨᠳᠦᠰᠦᠨ ᠱᠠᠲᠤᠨᠤ ᠨᠠᠮᠤᠨ ᠪᠠᠶ᠋ᠢᠭᠤᠯᠤᠯᠲᠠ ᠵᠢᠨ ᠰᠢᠰᠲ᠋ᠧᠮᠵᠢᠳᠤ ᠠᠭᠤᠰᠤᠯᠴᠠᠭᠤᠯᠬᠤ ᠵᠢ ᠠᠬᠢᠭᠤᠯᠵᠤ᠂ ᠠᠳᠠᠯ ᠠᠬᠤᠢ ᠵᠢᠨ ᠦᠢ᠍ᠯᠡᠴᠢᠯᠡᠭᠡᠨᠤ ᠭᠡᠷ᠎ᠡ ᠵᠢ ᠭᠦᠢ᠍ᠴᠡᠳᠭᠡᠭᠰᠡᠨ ᠵᠶ᠋ᠠᠷ ᠦᠯᠦ ᠬᠦᠷᠦᠯᠴᠡᠬᠦ ᠵᠢ ᠲᠤᠰᠬᠠᠢ ᠴᠡᠭᠴᠡᠯᠡᠨ ᠵᠠᠰᠠᠯᠲᠠ ᠵᠢ ᠦᠷᠭᠦᠯᠵᠢᠯᠡᠨ ᠦᠷᠨᠢᠭᠦᠯᠵᠦ᠂ ᠵᠠᠬ᠎ᠠ ᠳᠡᠯᠭᠡᠭᠦᠷᠤᠨ ᠬᠢᠨᠠᠯᠲᠠ ᠬᠠᠮᠢᠶᠠᠷᠤᠯᠲᠠ ᠪᠠ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠠᠤᠯᠢ ᠬᠡᠷᠡᠭᠵᠢᠭᠦᠯᠦᠯᠲᠡ ᠵᠢ ᠨᠡᠶ᠋ᠢᠭᠡᠮ ᠲᠣᠭᠤᠷᠢᠭ᠂ ᠤᠷᠤᠨ ᠰᠠᠭᠤᠴᠠ ᠵᠢᠨ ᠲᠣᠭᠤᠷᠢᠭᠲᠤ ᠣᠷᠣᠭᠤᠯᠬᠤ ᠵᠢ ᠠᠬᠢᠭᠤᠯᠵᠤ᠂ ᠠᠳᠠᠯ ᠠᠬᠤᠢ ᠵᠢᠨ ᠬᠠᠤᠯᠢ ᠲᠣᠭᠲᠠᠭ᠋ᠠᠯᠠᠴᠠ ᠵᠦᠷᠢᠴᠡᠭᠰᠡᠨ ᠦᠢ᠍ᠯᠡ ᠠᠵᠢᠯᠯᠠᠭᠠᠳᠤ ᠬᠠᠤᠯᠢ ᠬᠡᠷᠡᠭᠵᠢᠭᠦᠯᠬᠦ ᠡᠷᠴᠢᠮᠢ ᠴᠢᠩᠭ᠋ᠠᠷᠠᠭᠤᠯᠤᠨᠠ᠃ ᠣᠷᠣᠨ ᠰᠠᠭᠤᠴᠠ ᠵᠢᠨ ᠲᠣᠭᠤᠷᠢᠭᠤᠨ ᠠᠮᠤᠷ ᠲᠦᠪᠰᠢᠨᠤ ᠳᠠᠯᠳᠠ ᠭᠡᠮᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠪᠠᠶ᠋ᠢᠩᠭᠤᠵᠢᠭᠤᠯᠤᠨ ᠥᠷᠨᠢᠭᠦᠯᠵᠦ᠂ ᠰᠡᠯᠪᠢᠨ ᠵᠠᠰᠠᠬᠤ ᠪᠡᠯᠡ ᠮᠥᠩᠭᠦ ᠵᠢᠨ ᠬᠠᠮᠢᠶᠠᠷᠤᠯᠲᠠ ᠵᠢ ᠵᠢᠷᠤᠮᠵᠢᠭᠤᠯᠤᠨ᠎ᠠ᠃
ᠵᠢᠷᠭᠤᠭᠠᠳᠤ᠂ ᠠᠮᠤᠷ ᠲᠦᠪᠰᠢᠨ ᠲᠣᠭᠲᠠᠭᠤᠨᠤ ᠰᠡᠷᠭᠡᠶ᠋ᠢᠯᠡᠯᠲᠡ ᠵᠢᠨ ᠱᠤᠭᠤᠮᠢ ᠪᠠᠲᠤ ᠴᠣᠭᠴᠠᠯᠠᠨ᠎ᠠ᠃ ᠭᠡᠷ ᠪᠠᠶ᠋ᠢᠰᠢᠩ ᠬᠤᠳᠠ ᠵᠢᠨ ᠶᠠᠪᠤᠳᠠᠯᠤᠨ ᠢᠨᠵᠧᠨᠧᠷᠢᠩᠤᠨ ᠠᠶᠤᠯᠭᠦᠢ ᠦᠢ᠍ᠯᠡᠳᠪᠦᠷᠢᠯᠡᠯᠤᠨ ᠦᠨᠳᠦᠰᠦᠨᠠᠴᠠᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ᠂ ᠬᠦᠨᠳᠦ ᠶᠡᠭᠡ ᠠᠳᠡᠯᠤᠨ ᠬᠡᠮ ᠰᠣᠭᠤᠭᠢ ᠠᠷᠢᠯᠭ᠋ᠠᠬᠤ ᠪᠢᠲᠡᠭᠦᠮᠵᠢᠯᠡᠭᠰᠡᠨ ᠲᠣᠭᠲᠠᠴᠠ ᠵᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠪᠠ ᠠᠳᠡᠯᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠵᠢ ᠡᠷᠡᠰ ᠬᠤᠷᠢᠭᠯᠠᠨ᠎ᠠ᠃ ᠥᠨᠳᠥᠷ ᠳᠠᠪᠬᠤᠷᠭ᠋ᠠᠲᠤ ᠪᠠᠷᠢᠯᠭ᠎ᠠ ᠵᠢᠨ ᠭᠠᠯᠤᠨ ᠠᠶᠤᠯᠤᠨ ᠳᠠᠯᠳᠠ ᠭᠡᠮᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠪᠠᠯᠭ᠋ᠠᠰᠤ ᠵᠢᠨ ᠰᠢᠲᠠᠮᠠᠬᠠᠶ ᠬᠡᠢ ᠵᠢᠨ ᠠᠮᠤᠷ ᠲᠦᠪᠰᠢᠨᠢ ᠪᠥᠬᠦ ᠬᠡᠯᠬᠢᠶᠡᠪᠠᠷ ᠴᠡᠭᠴᠡᠯᠡᠨ ᠵᠠᠰᠠᠬᠤ ᠵᠢ ᠦᠷᠭᠦᠯᠵᠢᠯᠡᠨ ᠥᠷᠨᠢᠭᠦᠯᠦᠨ᠎ᠡ᠃ ᠭᠠᠮᠰᠢᠭᠳᠠᠭᠰᠠᠨ ᠤᠷᠤᠨᠤ ᠭᠡᠷ ᠪᠠᠶ᠋ᠢᠰᠢᠩᠢ ᠲᠠᠬᠢᠨ ᠪᠦᠲᠦᠭᠡᠨ ᠪᠠᠶ᠋ᠢᠭᠤᠯᠬᠤ ᠠᠵᠢᠯᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠨᠥᠬᠦᠴᠡᠯᠳᠤ ᠨᠡᠶ᠋ᠢᠴᠡᠬᠦ ᠵᠢᠨᠢ ᠨᠤᠷᠠᠬᠤ ᠠᠶᠤᠯᠲᠠᠢ ᠭᠡᠷ ᠪᠠᠶ᠋ᠢᠰᠢᠩᠤᠨ ᠦᠭᠡᠷᠡᠴᠢᠯᠡᠯᠳᠡ ᠰᠢᠨᠡᠴᠢᠯᠡᠯᠳᠡ ᠵᠢᠨ ᠬᠡᠪᠴᠢᠶᠡᠨᠳᠤ ᠣᠷᠣᠭᠤᠯᠤᠨ᠎ᠠ᠃ ᠴᠢᠯᠠᠭᠤᠨ ᠲᠣᠰᠣ ᠪᠣᠯᠤᠨ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃
ᠳᠣᠯᠤᠭᠠᠳᠤ᠂ 《ᠠᠷᠪᠠᠨ ᠲᠠᠪᠤᠳᠤᠭ᠋ᠠᠷ ᠲᠠᠪᠤᠨ ᠵᠢᠯ》ᠤᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢᠪᠠᠷ ᠨᠠᠶ᠋ᠢᠷᠠᠭᠤᠯᠤᠨ ᠵᠣᠬᠢᠶᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨᠤ ᠲᠥᠯᠥᠪᠵᠢᠭᠦᠯᠭᠡᠪᠠᠷ ᠪᠠᠷᠢᠮᠵᠢᠶᠠᠯᠠᠨ᠂ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠰᠤᠨ ᠴᠢᠨᠠᠷ ᠰᠠᠶ᠋ᠢᠲᠠᠶ ᠬᠥᠭᠵᠢᠯᠲᠡ ᠵᠢᠨ 〈ᠠᠷᠪᠠᠨ ᠲᠠᠪᠤᠳᠤᠭ᠋ᠠᠷ ᠲᠠᠪᠤᠨ ᠵᠢᠯ〉ᠤᠨ ᠲᠥᠯᠥᠪᠵᠢᠭᠦᠯᠭᠡ》 ᠪᠠ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ 〈ᠠᠷᠪᠠᠨ ᠲᠠᠪᠤᠳᠤᠭ᠋ᠠᠷ ᠲᠠᠪᠤᠨ ᠵᠢᠯ〉ᠤᠨ ᠬᠤᠲᠠ ᠵᠢᠨ ᠰᠢᠨᠡᠴᠢᠯᠡᠯᠳᠡ ᠵᠢᠨ ᠲᠤᠰᠬᠠᠶ ᠲᠥᠯᠥᠪᠵᠢᠭᠦᠯᠭᠡ》 ᠵᠢ ᠴᠢᠨᠠᠷ ᠰᠠᠶ᠋ᠢᠲᠠᠶ ᠨᠠᠶ᠋ᠢᠷᠠᠭᠤᠯᠤᠨ ᠵᠣᠬᠢᠶᠠᠵᠤ᠂ ᠲᠥᠯᠥᠪᠵᠢᠭᠦᠯᠭᠡ ᠵᠢᠨ ᠭᠠᠷᠴᠠᠭᠤᠨ ᠨᠠᠷᠢᠨ ᠬᠠᠭᠤᠳᠠᠰᠤ ᠵᠢ ᠲᠣᠭᠲᠠᠭ᠋ᠠᠨ᠂ ᠭᠠᠵᠠᠷ ᠳᠣᠤᠷᠠᠬᠢ ᠬᠤᠭᠤᠯᠠᠶ ᠲᠣᠤᠷᠤᠨ ᠪᠥᠲᠥᠭᠡᠨ ᠪᠠᠶ᠋ᠢᠭᠤᠯᠤᠯᠲᠠ ᠵᠢᠨ ᠥᠭᠡᠷᠡᠴᠢᠯᠡᠯᠲᠡ᠂ ᠬᠤᠲᠠ ᠬᠥᠳᠡᠭᠡ ᠵᠢᠨ ᠪᠣᠬᠢᠷ ᠤᠰᠤ ᠬᠤᠭ ᠨᠣᠪᠰᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠥᠭᠡᠷᠡᠴᠢᠯᠡᠯᠲᠡ᠂ ᠬᠠᠭᠤᠴᠢᠨ ᠵᠡᠭᠡᠯᠢ ᠲᠣᠭᠤᠷᠢᠭ᠂ ᠦᠢ᠍ᠯᠡᠳᠪᠦᠷᠢ ᠵᠢᠨ ᠲᠣᠭᠤᠷᠢᠭᠢ ᠰᠢᠨᠡᠳᠬᠡᠨ ᠥᠭᠡᠷᠡᠴᠢᠯᠡᠬᠦ ᠵᠡᠷᠭᠡ ᠴᠢᠬᠤᠯᠠ ᠶᠡᠭᠡ ᠲᠥᠷᠥᠯ ᠵᠦᠢ᠍ᠯᠢ ᠤᠯᠤᠰᠤᠨ 《ᠲᠤᠮᠦ ᠶᠠᠪᠤᠳᠠᠯ》ᠳᠤ ᠣᠷᠣᠭᠤᠯᠬᠤᠪᠠᠷ ᠢᠳᠡᠪᠬᠢᠲᠡᠶ ᠴᠢᠷᠮᠠᠶ᠋ᠢᠨᠠ᠃
ᠨᠠᠢ᠍ᠮᠠᠳᠤ᠂ ᠲᠤᠰ ᠪᠡᠶ᠎ᠡ ᠵᠢᠨ ᠪᠠᠶ᠋ᠢᠭᠤᠯᠤᠯᠲᠠᠪᠠᠨ ᠴᠢᠩᠭ᠋ᠠᠳᠬᠠᠨ᠎ᠠ᠃ ᠰᠢᠵᠢᠨᠫᠢᠩᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰᠤᠨ ᠣᠨᠴᠠᠯᠢᠭᠲᠠᠢ ᠨᠡᠶ᠋ᠢᠭᠡᠮ ᠵᠢᠷᠤᠮᠤᠨ ᠦᠵᠡᠯ ᠰᠠᠨᠠᠭᠠᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦᠪᠠᠨ ᠱᠤᠭᠤᠬᠤ ᠵᠢ ᠴᠥᠬᠦᠷᠡᠰᠢ ᠦᠭᠡᠢ ᠪᠠᠷᠢᠮᠲᠠᠯᠠᠵᠤ᠂ 《ᠬᠤᠶᠠᠷᠢ ᠲᠤᠭᠳᠠᠭ᠋ᠠᠭᠰᠠᠨ》 ᠵᠢ ᠡᠷᠡᠰ ᠬᠦᠷᠢᠶᠡᠯᠡᠵᠦ᠂ 《ᠬᠤᠶᠠᠷᠢ ᠬᠦᠷᠢᠶᠡᠯᠡᠬᠦ》 ᠵᠢ ᠡᠷᠡᠰ ᠪᠡᠶᠡᠯᠡᠭᠦᠯᠬᠦ ᠬᠡᠷᠡᠭᠲᠡᠢ᠃ ᠲᠥᠪᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠢᠯᠢᠳᠡᠭ ᠰᠤᠷᠲᠠᠯ ᠵᠶ᠋ᠠᠷ ᠨᠠᠶ᠋ᠢᠳᠠᠪᠤᠷᠢᠵᠢᠭᠤᠯᠬᠤ ᠵᠢ ᠪᠠᠳᠤᠯᠠᠨ᠎ᠠ᠃ ᠰᠢᠨ᠎ᠡ ᠴᠠᠭ ᠦᠶ᠎ᠡ ᠵᠢᠨ ᠰᠠᠶ᠋ᠢᠨ ᠺᠠᠳ᠋ᠷᠤᠨ ᠪᠠᠷᠢᠮᠵᠢᠶ᠎ᠠ ᠵᠢ ᠲᠤᠭᠤᠰᠢᠯᠠᠭᠤᠯᠵᠤ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠵᠢ ᠪᠤᠢ ᠪᠣᠯᠭ᠋ᠠᠵᠤ᠂ ᠡᠩᠨᠡᠭᠡᠨᠤ ᠪᠦᠲᠦᠴᠡ ᠵᠢ ᠰᠢᠯᠢᠳᠡᠭᠵᠢᠭᠦᠯᠵᠦ᠂ ᠺᠠᠳ᠋ᠷᠤᠨ ᠬᠡᠪ ᠴᠢᠨᠠᠷᠢ ᠳᠡᠭᠡᠭᠰᠢᠯᠡᠭᠦᠯᠦᠨ᠎ᠡ᠃ ᠬᠠᠤᠯᠢ᠎ᠪᠠᠷ ᠵᠠᠰᠠᠬᠤ ᠵᠠᠰᠠᠭᠤᠨ ᠣᠷᠳᠣᠨᠤ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠤᠨ᠎ᠠ᠃
ᠬᠤᠷᠠᠯ ᠳᠡᠭᠡᠷ᠎ᠡ᠂ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ᠂ ᠤᠯᠠᠭ᠋ᠠᠨᠬᠠᠳᠠ ᠬᠤᠲᠠ᠂ ᠣᠷᠳᠣᠰ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠴᠢ ᠥᠪᠡᠷᠲᠡᠭᠡᠨ ᠵᠠᠰᠠᠬᠤ ᠣᠷᠣᠨᠤ ᠪᠠᠷᠢᠯᠭ᠎ᠠ ᠵᠢᠨ ᠦᠢ᠍ᠯᠡᠰᠤᠨ ᠨᠡᠶ᠋ᠢᠭᠡᠮᠯᠢᠭ᠂ ᠠᠳᠠᠯ ᠠᠬᠤᠶ ᠵᠢᠨ ᠬᠠᠮᠢᠶᠠᠷᠤᠯᠲᠠ ᠵᠢᠨ ᠨᠡᠶ᠋ᠢᠭᠡᠮᠯᠢᠭᠤᠨ ᠲᠦᠯᠦᠭᠡᠯᠡᠭᠴᠢ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠠᠢ᠃
ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮᠤᠨ ᠤᠳᠤᠷᠢᠳᠬᠤ ᠪᠠᠭᠤᠨ ᠪᠦᠷᠢᠯᠳᠦᠬᠦᠨ᠂ ᠲᠢᠩᠬᠢᠮ ᠪᠠᠶ᠋ᠢᠭᠤᠯᠭ᠎ᠠ ᠵᠢᠨ ᠪᠥᠬᠦ ᠠᠵᠢᠯᠲᠠᠨ᠂ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭᠤᠨ ᠪᠦᠷᠢᠯᠳᠦᠬᠦᠨ᠂ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ᠂ ᠬᠥᠬᠡᠬᠤᠲᠠ᠂ ᠪᠤᠭᠤᠲᠤ ᠬᠤᠲᠠ ᠵᠢᠨ ᠬᠤᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ᠂ ᠮᠠᠨᠵᠤᠤᠷ ᠬᠤᠲᠠ᠂ ᠡᠷᠢᠶᠡᠨ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠬᠤᠲᠠ ᠵᠢᠨ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ᠂ ᠬᠡᠰᠡᠭ ᠠᠶ᠋ᠢᠮᠠᠭ ᠬᠤᠲᠠ ᠵᠢᠨ ᠴᠡᠴᠡᠷᠯᠢᠭ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠨᠥᠬᠦᠳ ᠬᠤᠷᠠᠯᠳᠤ ᠣᠷᠣᠯᠴᠠᠵᠠᠶ᠃