ᠲᠠᠪᠤᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠶᠡᠭᠡ ᠬᠤᠷᠠᠯ ᠬᠥᠬᠡᠬᠤᠲᠠ᠎ᠳᠤ ᠬᠤᠷᠠᠯᠳᠤᠪᠠ
2025-11-04

11 ᠳ᠋ᠤᠭᠡᠷ ᠰᠠᠷ᠎ᠠ ᠵᠢᠨ 1᠎ᠤ ᠡᠳᠦᠷ᠂ 《ᠪᠣᠬᠢᠷᠲᠤᠯ ᠦᠭᠡᠢ ᠣᠶᠤᠨᠴᠢ ᠪᠠᠶ᠋ᠢᠭᠤᠯᠤᠯᠲᠠ · ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ》᠎ᠪᠠᠷ ᠭᠤᠣᠯ ᠰᠡᠳᠦᠪ ᠪᠣᠯᠭ᠋ᠠᠭᠰᠠᠨ ᠲᠠᠪᠤᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠶᠡᠭᠡ ᠬᠤᠷᠠᠯ ᠬᠥᠬᠡᠬᠤᠲᠠ᠎ᠳᠤ ᠬᠤᠷᠠᠯᠳᠤᠪᠠ᠃ ᠶᠡᠭᠡ ᠬᠤᠷᠠᠯ᠎ᠨᠢ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠪᠠ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠥᠷ ᠮᠣᠩᠭᠤᠯ᠎ᠢ 《ᠪᠠᠷᠢᠯᠭ᠎ᠠ ᠵᠢᠨ ᠲᠣᠮᠣ ᠣᠷᠣᠨ》᠎ᠠᠴᠠ 《ᠪᠠᠷᠢᠯᠭ᠎ᠠ ᠵᠢᠨ ᠬᠦᠴᠦᠷᠬᠡᠭ ᠣᠷᠣᠨ》 ᠳᠠᠰᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠬᠤ᠎ᠪᠠᠷ ᠵᠣᠷᠢᠯᠭ᠎ᠠ ᠪᠤᠯᠭ᠋ᠠᠭᠰᠠᠨ ᠶᠤᠮ᠃

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠠᠩ ᠵᠢᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠵᠢᠨ ᠲᠡᠷᠢᠭᠦᠯᠡᠭᠴᠢ ᠠᠨ ᠷᠦᠨ ᠱᠧᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠰᠢᠤᠸᠠᠢ ᠶᠦᠩ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠶᠦᠨ ᠴᠦᠨ ᠱᠧᠩ ᠵᠡᠷᠭᠡ ᠤᠳᠤᠷᠢᠳᠤᠯᠭ᠎ᠠ ᠣᠷᠣᠯᠴᠠᠵᠠᠶ᠃ ᠳᠤᠮᠳᠠᠳᠤ ᠤᠯᠤᠰ᠎ᠤᠨ ᠪᠠᠷᠢᠯᠭ᠎ᠠ ᠵᠢᠨ ᠦᠢ᠍ᠯᠡᠰ᠎ᠤᠨ ᠨᠡᠶ᠋ᠢᠭᠡᠮᠯᠢᠭ᠂ ᠳᠤᠮᠳᠠᠳᠤ ᠤᠯᠤᠰ᠎ᠤᠨ ᠤᠭᠰᠠᠷᠠᠯᠭ᠎ᠠ ᠵᠢᠨ ᠨᠡᠶ᠋ᠢᠭᠡᠮᠯᠢᠭ ᠵᠡᠷᠭᠡ ᠤᠯᠤᠰ᠎ᠤᠨ ᠲᠠᠰ᠎ᠤᠨ ᠠᠵᠢᠯ ᠲᠥᠷᠥᠯ᠎ᠤᠨ ᠨᠡᠶ᠋ᠢᠭᠡᠮᠯᠢᠭ᠎ᠤᠨ ᠲᠥᠯᠥᠭᠡᠯᠡᠭᠴᠢ ᠤᠷᠢᠯᠭ᠎ᠠ᠎ᠪᠠᠷ ᠬᠤᠷᠠᠯ᠎ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠶᠡᠭᠡ ᠳᠡᠭᠡᠳᠦ ᠰᠤᠷᠭ᠋ᠠᠭᠤᠯᠢ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠰᠢᠰᠲ᠋ᠧᠮ ᠵᠢᠴᠢ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ ᠵᠢᠴᠢ ᠬᠡᠰᠡᠭ ᠮᠤᠵᠢ ᠣᠷᠣᠨ ᠬᠤᠲᠠ ᠵᠢᠨ ᠪᠠᠷᠢᠯᠭ᠎ᠠ ᠵᠢᠨ ᠦᠢ᠍ᠯᠡᠰ᠎ᠤᠨ ᠨᠡᠶ᠋ᠢᠭᠡᠮᠯᠢᠭ᠎ᠤᠨ ᠲᠥᠯᠥᠭᠡᠯᠡᠭᠴᠢ ᠨᠡᠢ᠌ᠳᠡ 1300 ᠭᠠᠷᠤᠶ ᠬᠥᠮᠦᠨ ᠬᠤᠷᠠᠯ᠎ᠳᠤ ᠣᠷᠣᠯᠴᠠᠪᠠ᠃

ᠶᠡᠭᠡ ᠬᠤᠷᠠᠯ᠎ᠠᠴᠠ ᠠᠵᠤ ᠠᠬᠤᠶ ᠵᠢᠨ ᠤᠬᠠᠭ᠋ᠠᠨᠲᠠᠨ᠂ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠶᠡᠭᠡ ᠰᠤᠷᠭ᠋ᠠᠭᠤᠯᠢ ᠵᠢᠨ ᠫᠷᠤᠹᠧᠰᠰᠤᠷ ᠵᠢᠴᠢ ᠪᠠᠷᠢᠯᠭ᠋ᠠᠴᠢᠨ ᠪᠠᠭᠰᠢ ᠵᠡᠷᠭᠡ 30 ᠠᠵᠢᠯ ᠲᠥᠷᠥᠯ᠎ᠤᠨ ᠡᠷᠬᠡ ᠰᠦᠷᠲᠦ ᠬᠥᠮᠦᠰ᠎ᠢ ᠤᠷᠢᠵᠤ᠂ ᠪᠠᠷᠢᠯᠭ᠎ᠠ ᠵᠢᠨ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠭᠦᠯᠬᠦ᠂ ᠬᠤᠳᠠ ᠵᠢᠨ ᠰᠢᠨᠡᠴᠢᠯᠡᠯᠲᠡ᠂ ᠲᠣᠭ᠋ᠠᠴᠢᠯᠠᠭᠰᠠᠨ ᠬᠡᠯᠪᠡᠷᠢ ᠬᠤᠪᠢᠷᠠᠭᠤᠯᠤᠨ ᠲᠡᠰ ᠳᠡᠪᠰᠢᠭᠦᠯᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ AI ᠮᠡᠷᠭᠡᠵᠢᠯ᠎ᠤᠨ ᠬᠡᠷᠡᠭᠯᠡᠯᠲᠡ᠂ ᠪᠡᠯᠡ ᠣᠷᠣᠭᠤᠯᠵᠤ ᠪᠠᠶ᠋ᠢᠭᠤᠯᠵᠤ ᠡᠵᠡᠩᠨᠡᠬᠦ ᠵᠢ ᠨᠢᠭᠡ ᠴᠤᠭᠴᠠᠵᠢᠭᠤᠯᠬᠤ ᠵᠡᠷᠭᠡ ᠬᠠᠯᠠᠮᠰᠢᠯ ᠰᠡᠳᠦᠪ᠎ᠤᠨ ᠲᠣᠭᠤᠷᠢᠨ᠎ᠳᠤ ᠤᠯᠠᠨ ᠲᠠᠯ᠎ᠠ ᠵᠢᠨ ᠲᠤᠰᠬᠠᠢ ᠰᠡᠳᠦᠪᠲᠦ ᠮᠡᠳᠡᠭᠦᠯᠦᠯᠲᠡ ᠬᠢᠯᠭᠡᠪᠡ᠃ ᠲᠤᠰ ᠤᠳᠠᠭ᠎ᠠ ᠵᠢᠨ ᠶᠡᠭᠡ ᠬᠤᠷᠠᠯ᠎ᠢ ᠡᠷᠬᠢᠯᠡᠭᠰᠡᠨ᠎ᠨᠢ ᠥᠪᠥᠷ ᠮᠣᠩᠭᠤᠯ᠎ᠤᠨ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ