7 ᠳ᠋ᠤᠭ᠋ᠠᠷ ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠲᠥᠪ᠎ᠤᠨ ᠬᠣᠲᠠ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃
ᠬᠤᠷᠠᠯ᠎ᠠᠴᠠ᠂ 10 ᠵᠢᠯ᠎ᠤᠨ ᠳᠠᠷᠠᠭ᠎ᠠ᠂ ᠨᠠᠮ᠎ᠤᠨ ᠲᠥᠪ ᠬᠣᠷᠢᠶ᠎ᠠ ᠬᠤᠳᠠ ᠵᠢᠨ ᠠᠵᠢᠯ᠎ᠤᠨ ᠬᠤᠷᠠᠯ᠎ᠢ ᠳᠠᠬᠢᠨᠲᠠ ᠬᠤᠷᠠᠯᠳᠤᠭᠤᠯᠤᠭᠰᠠᠨ᠎ᠨᠢ ᠨᠠᠮ᠎ᠤᠨ ᠲᠥᠪ ᠬᠣᠷᠢᠶ᠎ᠠ᠎ᠠᠴᠠ ᠬᠤᠳᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠬᠤ ᠵᠢ ᠭᠦᠢ᠍ᠴᠡᠳ ᠬᠠᠷᠠᠭᠤᠯᠵᠠᠢ᠃ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶᠠᠨ᠎ᠳᠠᠭᠠᠨ ᠬᠤᠳᠠ ᠵᠢᠨ ᠬᠥᠭᠵᠢᠯᠲᠡ ᠬᠡᠨ᠎ᠤ ᠲᠥᠯᠥᠭᠡ᠂ ᠬᠡᠨ᠎ᠳᠤ ᠲᠦᠰᠢᠭᠯᠡᠬᠦ ᠵᠢᠴᠢ ᠶᠠᠮᠠᠷ ᠶᠠᠩᠵᠤ ᠵᠢᠨ ᠬᠤᠳᠠ ᠵᠢ ᠪᠦᠲᠦᠭᠡᠨ ᠪᠠᠶ᠋ᠢᠭᠤᠯᠬᠤ᠂ ᠬᠤᠳᠠ ᠵᠢ ᠬᠡᠷᠬᠢᠨ ᠪᠦᠲᠦᠭᠡᠨ ᠪᠠᠶ᠋ᠢᠭᠤᠯᠬᠤ ᠵᠡᠷᠭᠡ ᠴᠢᠬᠤᠯᠠ ᠶᠡᠬᠡ ᠤᠨᠤᠯ ᠪᠣᠯᠣᠨ ᠦᠢ᠍ᠯᠡᠳᠦᠯᠭᠡ ᠵᠢᠨ ᠠᠰᠠᠭᠤᠳᠠᠯ᠎ᠳᠤ ᠰᠢᠨᠵᠢᠯᠡᠬᠦ ᠤᠬᠠᠭ᠋ᠠᠨᠴᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠰᠢᠨ᠎ᠡ ᠠᠶᠠᠨ᠎ᠤ ᠬᠤᠳᠠ ᠵᠢᠨ ᠠᠵᠢᠯ᠎ᠢ ᠰᠠᠢ᠌ᠲᠤᠷ ᠬᠢᠬᠦ᠎ᠳᠤ ᠦᠨᠳᠦᠰᠦᠨ ᠵᠢᠷᠤᠮᠯᠠᠯ ᠬᠠᠩᠭ᠋ᠠᠵᠠᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠲᠥᠪ᠎ᠤᠨ ᠬᠤᠳᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠳᠣᠲᠣᠭ᠋ᠠᠳᠤ ᠠᠭᠤᠯᠬᠤᠨᠤ ᠬᠡᠯᠪᠡᠷᠢ ᠵᠢᠨ ᠬᠥᠭᠵᠢᠯᠲᠡ ᠵᠢᠨ ᠭᠣᠣᠯ ᠴᠢᠬᠤᠯᠠ ᠠᠭᠤᠯᠭ᠎ᠠ ᠵᠢ ᠭᠦᠨᠵᠡᠭᠡᠢ ᠣᠢ᠌ᠯᠠᠭ᠋ᠠᠵᠤ᠂ ᠬᠤᠳᠠ ᠵᠢᠨ ᠬᠥᠭᠵᠢᠯᠲᠡ ᠵᠢᠨ ᠱᠠᠲᠤᠨ᠎ᠤ ᠬᠤᠪᠢᠷᠠᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂ 《ᠲᠠᠪᠤ ᠵᠢ ᠬᠤᠪᠢᠷᠠᠭᠤᠯᠬᠤ》 《ᠲᠠᠪᠤ ᠵᠢ ᠨᠡᠩ ᠴᠢᠬᠤᠯᠠᠴᠢᠯᠠᠬᠤ》 ᠴᠢᠬᠤᠯᠠ ᠵᠠᠷᠴᠢᠮ᠎ᠢ ᠪᠠᠷᠢᠮᠲᠠᠯᠠᠵᠤ᠂ 《ᠲᠠᠪᠤ ᠵᠢ ᠭᠦᠨᠵᠡᠭᠡᠢ ᠡᠵᠡᠮᠰᠢᠬᠦ》 ᠴᠢᠬᠤᠯᠠ ᠱᠠᠭ᠋ᠠᠷᠳᠠᠯᠭ᠎ᠠ ᠶᠣᠰᠣᠭ᠋ᠠᠷ᠂ 《ᠨᠢᠭᠡ ᠵᠢ ᠰᠢᠯᠢᠳᠡᠭᠵᠢᠭᠦᠯᠬᠦ᠂ ᠵᠢᠷᠭᠤᠭ᠋ᠠᠨ ᠶᠡᠬᠡ ᠪᠦᠲᠦᠭᠡᠨ ᠪᠠᠢ᠌ᠭᠤᠯᠤᠯᠲᠠ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠡᠷᠡ ᠬᠡᠪ ᠵᠶ᠋ᠡᠷ᠎ᠨᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ᠃ ᠬᠤᠷᠠᠯ᠎ᠤᠨ ᠵᠣᠷᠢᠭ ᠰᠠᠨᠠᠭ᠎ᠠ ᠵᠢ ᠮᠠᠨ᠎ᠤ ᠣᠷᠣᠨ᠎ᠤ ᠪᠣᠳᠠᠲᠠᠢ᠎ᠲᠠᠢ ᠨᠢᠭᠲᠠ ᠤᠶᠠᠯᠳᠤᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ᠂ ᠠᠵᠢᠯ᠎ᠤᠨ ᠴᠢᠭᠯᠡᠯ ᠪᠠ ᠭᠣᠣᠯᠳᠠᠯᠭ᠎ᠠ᠎ᠪᠠᠨ ᠣᠨᠣᠪᠴᠢᠲᠠᠢ ᠣᠯᠵᠤ᠂ ᠮᠠᠨ᠎ᠤ ᠣᠷᠣᠨ᠎ᠤ ᠬᠤᠳᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠨᠠᠷᠢᠨ ᠬᠢᠨᠠᠮᠠᠭ᠋ᠠᠢ ᠲᠥᠯᠥᠪᠵᠢᠭᠦᠯᠵᠦ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠬᠠᠷᠠᠯᠲᠠ ᠡᠭᠦᠷᠭᠡ ᠪᠣᠯᠣᠨ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠲᠣᠭᠲᠠᠭᠰᠠᠨ ᠬᠠᠷᠠᠯᠲᠠ ᠶᠣᠰᠣᠭ᠋ᠠᠷ᠂ ᠪᠠᠷᠢᠯᠭ᠎ᠠ ᠵᠢᠨ ᠬᠤᠭᠤᠴᠠᠭ᠎ᠠ ᠵᠢ ᠲᠣᠩᠭᠣᠷᠠᠭᠤᠯᠤᠨ ᠪᠠᠢ᠌ᠷᠢᠯᠠᠭᠤᠯᠵᠤ᠂ ᠵᠢᠷᠤᠭ ᠡᠯᠭᠦᠨ ᠪᠠᠢ᠌ᠯᠳᠤᠵᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠡᠨᠡᠬᠦ ᠠᠵᠢᠯ᠎ᠢ ᠠᠳᠬᠤᠵᠤ᠂ ᠪᠦᠬᠦ ᠣᠷᠣᠨ᠎ᠤ ᠬᠤᠳᠠ ᠵᠢᠨ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ᠃ ᠬᠥᠮᠥᠨ ᠵᠶ᠋ᠡᠷ ᠭᠣᠣᠯ ᠪᠣᠯᠭ᠋ᠠᠭᠰᠠᠨ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢ ᠲᠦᠷᠭᠡᠳᠬᠡᠨ ᠠᠬᠢᠭᠤᠯᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠪᠴᠢᠯᠡᠨ ᠪᠠᠶ᠋ᠢᠭᠤᠯᠬᠤ᠂ ᠬᠣᠲᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠬᠡᠷᠡᠭᠵᠢᠭᠦᠯᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠢᠭᠡᠨᠲᠡ ᠪᠠᠢ᠌ᠭ᠎ᠠ ᠪᠠᠷᠢᠯᠭ᠎ᠠ ᠵᠢ ᠥᠭᠡᠷᠡᠴᠢᠯᠡᠨ ᠠᠰᠢᠭᠯᠠᠬᠤ᠂ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠢ ᠴᠡᠭᠴᠡᠯᠡᠨ ᠥᠭᠡᠷᠡᠴᠢᠯᠡᠬᠦ᠂ ᠪᠦᠷᠢᠨ ᠪᠦᠲᠦᠨ ᠨᠡᠢ᠌ᠭᠡᠮ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠂ ᠬᠣᠲᠠ ᠵᠢᠨ ᠴᠢᠳᠠᠪᠬᠢ ᠵᠢ ᠲᠡᠭᠦᠯᠳᠡᠷᠵᠢᠭᠦᠯᠬᠦ᠂ ᠬᠣᠲᠠ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠥᠭᠡᠷᠡᠴᠢᠯᠡᠯᠲᠡ ᠵᠢ ᠴᠢᠩᠭ᠋ᠠᠳᠬᠠᠬᠤ᠂ ᠬᠣᠲᠠ ᠵᠢᠨ ᠠᠮᠢ ᠠᠬᠤᠢ ᠵᠢᠨ ᠰᠢᠰᠲ᠋ᠧᠮ᠎ᠢ ᠰᠡᠷᠭᠦᠭᠡᠬᠦ᠂ ᠬᠣᠲᠠ ᠵᠢᠨ ᠲᠡᠦᠬᠡ ᠰᠣᠶᠣᠯ᠎ᠢ ᠬᠠᠮᠠᠭ᠋ᠠᠯᠠᠨ ᠤᠯᠠᠮᠵᠢᠯᠠᠬᠤ ᠵᠡᠷᠭᠡ ᠲᠠᠯ᠎ᠠ᠎ᠠᠴᠠ ᠲᠤᠳᠠᠭᠳᠠᠯ᠎ᠢ ᠨᠥᠬᠥᠪᠦᠷᠢᠯᠡᠬᠦ᠂ ᠴᠢᠳᠠᠮᠵᠢ ᠵᠢ ᠳᠡᠭᠡᠭᠰᠢᠯᠡᠭᠦᠯᠬᠦ ᠨᠢᠭᠡ ᠪᠦᠯᠦᠭ ᠭᠣᠣᠯᠳᠠᠯᠭ᠎ᠠ᠎ᠲᠠᠢ ᠲᠦᠷᠦᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠵᠦ᠂ ᠣᠳᠣᠬᠢᠴᠢᠯᠠᠭᠰᠠᠨ ᠬᠤᠳᠠ ᠵᠢᠨ ᠰᠢᠰᠲ᠋ᠧᠮ᠎ᠢ ᠰᠢᠯᠢᠳᠡᠭᠵᠢᠭᠦᠯᠦᠨ᠂ ᠰᠢᠨ᠎ᠡ ᠵᠢ ᠡᠭᠦᠳᠬᠦ᠂ ᠣᠷᠣᠰᠢᠨ ᠰᠠᠭᠤᠬᠤ᠎ᠳᠤ ᠲᠣᠬᠢᠷᠠᠮᠵᠢᠲᠠᠢ᠂ ᠦᠵᠡᠰᠬᠦᠯᠡᠩᠲᠦ ᠰᠠᠢ᠌ᠬᠠᠨ᠂ ᠤᠶᠠᠨ ᠬᠠᠳᠠᠨ᠂ ᠪᠣᠯᠪᠠᠰᠤᠨ᠂ ᠤᠶᠤᠨᠴᠢ ᠬᠤᠳᠠ ᠵᠢ ᠪᠦᠲᠦᠭᠡᠨ ᠪᠠᠢ᠌ᠭᠤᠯᠤᠨ᠎ᠠ ᠭᠡᠵᠦ ᠴᠢᠬᠤᠯᠠᠴᠢᠯᠠᠪᠠ᠃
ᠬᠤᠷᠠᠯ᠎ᠠᠴᠠ᠂ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠤᠭᠤᠰᠢᠯᠠᠭᠤᠯᠬᠤ ᠠᠵᠢᠯ᠎ᠢ ᠰᠠᠢ᠌ᠲᠤᠷ ᠠᠳᠬᠤᠵᠤ᠂ ᠤᠨᠤᠯ᠎ᠤᠨ ᠰᠤᠷᠤᠯᠴᠠᠯᠭ᠎ᠠ ᠵᠢ ᠰᠠᠢ᠌ᠲᠤᠷ ᠵᠣᠬᠢᠶᠠᠨ ᠪᠠᠢ᠌ᠭᠤᠯᠵᠤ᠂ ᠤᠳᠤᠷᠢᠳᠬᠤ ᠺᠠᠳ᠋ᠷᠴᠤᠳ᠎ᠤᠨ ᠲᠤᠰᠬᠠᠢ ᠰᠡᠳᠦᠪᠲᠦ ᠪᠣᠯᠪᠠᠰᠤᠷᠠᠯ᠎ᠢ ᠴᠢᠩᠭ᠋ᠠᠳᠬᠠᠵᠤ᠂ 《ᠶᠠᠭᠤ ᠳᠤᠲᠠᠭᠳᠠᠪᠠᠯ ᠶᠠᠭᠤ ᠵᠢ ᠨᠥᠬᠥᠪᠦᠷᠢᠯᠡᠬᠦ》 ᠵᠢ ᠪᠠᠷᠢᠮᠲᠠᠯᠠᠵᠤ᠂ ᠬᠤᠷᠠᠯ᠎ᠤᠨ ᠵᠣᠷᠢᠭ ᠰᠠᠨᠠᠭ᠎ᠠ ᠵᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠢᠰᠲᠸᠮ᠎ᠤᠨ ᠥᠷᠭᠡᠨ ᠤᠯᠠᠨ ᠤᠳᠤᠷᠢᠳᠬᠤ ᠺᠠᠳ᠋ᠷᠴᠤᠳ᠎ᠤᠨ ᠪᠦᠬᠦ ᠲᠠᠯ᠎ᠠ᠎ᠪᠠᠷ ᠣᠨᠣᠪᠴᠢᠲᠠᠢ ᠡᠵᠡᠮᠰᠢᠬᠦ ᠵᠢ ᠬᠥᠲᠥᠯᠥᠨ ᠵᠢᠯᠤᠭᠣᠳᠴᠤ᠂ ᠰᠤᠷᠤᠯᠴᠠᠨ ᠣᠢ᠌ᠯᠠᠭ᠋ᠠᠬᠤ ᠳᠤᠮᠳᠠ ᠠᠵᠢᠯᠯᠠᠭ᠎ᠠ ᠵᠢᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠡᠵᠡᠮᠳᠡᠬᠦ ᠳᠤᠮᠳᠠ ᠠᠵᠢᠯ᠎ᠤᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠲᠤᠤᠱᠲᠠᠢ ᠣᠢ᠌ᠯᠠᠭ᠋ᠠᠬᠤ᠂ ᠨᠡᠪᠲᠡᠷᠡᠲᠡᠯ᠎ᠡ ᠣᠢ᠌ᠯᠠᠭ᠋ᠠᠬᠤ᠂ ᠰᠤᠷᠤᠭᠰᠠᠨ ᠵᠶ᠋ᠠᠨ ᠬᠡᠷᠡᠭᠯᠡᠬᠦ ᠵᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃