《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠴᠢᠨᠠᠷ᠎ᠤᠨ ᠠᠮᠤᠷ ᠲᠦᠪᠱᠢᠨ᠎ᠤ ᠭᠠᠷ ᠳᠡᠪᠲᠡᠷ  ᠠᠮᠤᠷ ᠲᠦᠪᠱᠢᠨ᠎ᠤ ᠬᠠᠭᠤᠳᠠᠰᠤ ( 2025 ᠬᠡᠪᠯᠡᠯ )》᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠮᠡᠳᠡᠭ᠌ᠳᠡᠯ
2025-11-28

ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠎ᠳᠤ᠄

《〈 ᠢᠨᠵᠧᠨᠧᠷᠢᠩ᠎ᠤᠨ ᠴᠢᠨᠠᠷ᠎ᠤᠨ ᠠᠮᠤᠷ ᠲᠦᠪᠱᠢᠨ᠎ᠤ ᠭᠠᠷ ᠳᠡᠪᠲᠡᠷ ( ᠲᠤᠷᠱᠢᠨ ᠬᠡᠷᠡᠭ᠌ᠵᠢᠭᠦᠯᠬᠦ᠌ )〉᠎ᠶ᠋ᠢ ᠳᠠᠷᠤᠮᠠᠯᠯᠠᠨ ᠲᠠᠷᠬᠠᠭ᠋ᠠᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠮᠡᠳᠡᠭ᠌ᠳᠡᠯ 》 ( ᠪᠠᠢᠭᠤᠯᠤᠯᠲᠠ ᠴᠢᠨᠠᠷ [ 2018 ] 95 ᠳ᠋ᠤᠭᠠᠷ ᠲᠣᠭᠠᠲᠤ )᠂ 《 ᠢᠨᠵᠧᠨᠧᠷᠢᠩ᠎ᠤᠨ ᠴᠢᠨᠠᠷ᠎ᠤᠨ ᠠᠮᠤᠷ ᠲᠦᠪᠱᠢᠨ᠎ᠤ ᠭᠠᠷ ᠳᠡᠪᠲᠡᠷ᠎ᠤᠨ ᠲᠦᠷᠢᠮ᠎ᠢ ᠤᠯᠠᠮ ᠨᠢᠭᠡ ᠠᠯᠬᠤᠮ ᠨᠠᠢᠳᠠᠪᠤᠷᠢᠵᠢᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠮᠡᠳᠡᠭ᠌ᠳᠡᠯ 》 ( ᠪᠠᠢᠭᠤᠯᠤᠯᠲᠠ ᠵᠤᠷᠭᠠᠨ ᠲᠣᠪᠴᠢᠶ᠎ᠠ ᠵᠠᠬᠢᠳᠠᠯ ᠴᠢᠨᠠᠷ [ 2020 ] 118 ᠳ᠋ᠤᠭᠠᠷ ᠲᠣᠭᠠᠲᠤ )᠎ᠤᠨ ᠱᠠᠭᠠᠷᠳᠠᠯᠭ᠎ᠠ᠎ᠶ᠋ᠢ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠢᠨᠵᠧᠨᠧᠷᠢᠩ᠎ᠤᠨ ᠪᠠᠷᠢᠯᠭ᠎ᠠ᠎ᠶᠢᠨ ᠠᠵᠢᠯ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠬᠢᠷᠢ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠠᠵᠤ ᠠᠬᠤᠢᠯᠠᠯ ᠪᠠ ᠲᠥᠷᠥᠯ ᠵᠦᠢᠯ᠎ᠤᠨ ᠪᠠᠷᠢᠯᠭ᠎ᠠ᠎ᠶ᠋ᠢᠨ ᠠᠬᠤᠢ ᠲᠠᠯᠠᠪᠠᠢ᠎ᠶᠢᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠠᠵᠢᠯ᠎ᠢ ᠪᠦᠲᠦᠮᠵᠢᠲᠡᠶ ᠵᠢᠯᠣᠭᠤᠳᠭᠤ᠎ᠶ᠋ᠢᠨ ᠲᠤᠰᠠᠳᠠ᠂ ᠮᠠᠨ᠎ᠤ ᠲᠢᠩᠬᠢᠮ ᠲᠣᠰ ᠭᠠᠵᠠᠷ ᠣᠷᠣᠨ᠎ᠤ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠴᠢᠨᠠᠷ᠎ᠤᠨ ᠠᠮᠤᠷ ᠲᠦᠪᠱᠢᠨ᠎ᠤ ᠭᠠᠷ ᠳᠡᠪᠲᠡᠷ  ᠠᠮᠤᠷ ᠲᠦᠪᠱᠢᠨ᠎ᠤ ᠬᠠᠭᠤᠳᠠᠰᠤ ( 2025 ᠬᠡᠪᠯᠡᠯ )》᠎ᠶ᠋ᠢ ᠨᠠᠢᠷᠠᠭᠤᠯᠤᠨ ᠵᠣᠬᠢᠶᠠᠵᠤ᠂ ᠡᠳᠦᠭᠡ ᠲᠠᠨᠠᠷ᠎ᠲᠤ ᠳᠠᠷᠤᠮᠠᠯᠯᠠᠨ ᠲᠠᠷᠬᠠᠭ᠋ᠠᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭ᠌ᠵᠢᠭᠦᠯᠲᠦᠭᠡᠶ᠃

ᠬᠠᠷᠢᠯᠴᠠᠬᠤ ᠤᠲᠠᠰᠤ᠄ 0471 - 6681084

ᠰᠢᠤᠳᠠᠨ᠎ᠤ ᠬᠠᠢ᠌ᠷᠴᠠᠭ᠄ zazxaqfwk@163.com

ᠳᠠᠭᠠᠯᠳᠤᠭᠤᠯᠤᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠴᠢᠨᠠᠷ᠎ᠤᠨ ᠠᠮᠤᠷ ᠲᠦᠪᠱᠢᠨ᠎ᠤ ᠭᠠᠷ ᠳᠡᠪᠲᠡᠷ  ᠠᠮᠤᠷ ᠲᠦᠪᠱᠢᠨ᠎ᠤ ᠬᠠᠭᠤᠳᠠᠰᠤ ( 2025 ᠬᠡᠪᠯᠡᠯ )

 

2025 ᠣᠨ᠎ᠤ 11 ᠳ᠋ᠤᠭᠡᠷ ᠰᠠᠷ᠎ᠠ᠎ᠶ᠋ᠢᠨ 18 ᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ