ᠥᠪᠥᠷ ᠪᠠᠢᠭᠤᠯᠤᠯᠲᠠ ᠪᠠᠷᠢᠮᠵᠢᠶ᠎ᠠ [ 2025 ] 171 ᠳ᠋ᠤᠭᠡᠷ ᠲᠣᠭᠠᠲᠤ
ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠡᠯ᠎ᠡ ᠬᠤᠯᠪᠣᠭ᠍ᠳᠠᠯ ᠪᠦᠬᠦᠢ ᠨᠢᠭᠡᠴᠢ᠎ᠳᠤ᠄
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ 《 2025 ᠣᠨ᠎ᠤ ᠬᠤᠶᠠᠳᠤᠭᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ᠎ᠢ ᠡᠯᠰᠡᠬᠦ᠌ ᠲᠤᠬᠠᠶ ᠮᠡᠳᠡᠭ᠌ᠳᠡᠯ 》 ( ᠥᠪᠥᠷ ᠪᠠᠢᠭᠤᠯᠤᠯᠲᠠ ᠪᠠᠷᠢᠮᠵᠢᠶ᠎ᠠ [ 2025 ] 120 ᠳ᠋ᠤᠭᠠᠷ ᠲᠣᠭᠠᠲᠤ )᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠡᠯ᠎ᠡ ᠠᠢᠮᠠᠭ ᠬᠤᠲᠠ᠎ᠶ᠋ᠢᠨ ᠵᠣᠬᠢᠶᠠᠨ ᠪᠠᠢᠭᠤᠯᠤᠯᠲᠠ᠎ᠠᠴᠠ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ᠎ᠢ ᠳᠡᠭᠡᠭ᠌ᠰᠢ ᠮᠡᠳᠡᠭᠦᠯᠪᠡ᠃ ᠲᠤᠰᠭᠠᠶ ᠮᠡᠷᠭᠡᠵᠢᠯᠲᠡᠨ᠎ᠤ ᠬᠢᠨᠠᠨ ᠲᠣᠭ᠍ᠲᠠᠭᠠᠬᠤ᠎ᠶ᠋ᠢ ᠵᠣᠬᠢᠶᠠᠨ ᠪᠠᠢᠭᠤᠯᠬᠤ᠎ᠪᠠᠷ ᠳᠡᠮᠵᠢᠨ᠂ ᠡᠳᠦᠭᠡ ᠰᠤᠳᠤᠯᠤᠨ ᠪᠠᠲᠤᠯᠠᠭ᠍ᠰᠠᠨ 《 2025 ᠣᠨ᠎ᠤ ᠬᠤᠶᠠᠳᠤᠭᠠᠷ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ᠎ᠤᠨ ᠲᠥᠯᠥᠪᠯᠡᠭᠡ 》᠎ᠶ᠋ᠢ ᠲᠠ ᠨᠠᠷ᠎ᠲᠤ ᠳᠠᠷᠤᠮᠠᠯᠯᠠᠨ ᠲᠠᠷᠬᠠᠭᠠᠯ᠎ᠠ᠃ ᠡᠯ᠎ᠡ ᠬᠠᠮᠢᠶ᠎ᠠ ᠪᠦᠬᠦᠢ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠰᠠᠯᠠᠭ᠎ᠠ ᠮᠥᠴᠢᠷ᠎ᠤᠳ ᠣᠷᠣᠨ ᠨᠤᠲᠤᠭ᠎ᠤᠨ ᠪᠠᠷᠢᠮᠵᠢᠶ᠎ᠠ᠎ᠶᠢ ᠨᠠᠢ᠌ᠷᠠᠭᠤᠯᠤᠨ ᠵᠣᠬᠢᠶᠠᠬᠤ ᠨᠢᠭᠡᠴᠢ᠎ᠶᠢ ᠵᠢᠯᠣᠭᠣᠳᠣᠨ ᠰᠢᠮᠳᠠᠭᠤᠯᠵᠤ ᠪᠠᠢ᠌ᠭ᠋ᠠᠳ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠮᠤᠨ᠎ᠤ 《 ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠨᠠᠢᠷᠠᠭᠤᠯᠤᠨ ᠪᠢᠴᠢᠬᠦ᠌ ᠲᠣᠭ᠍ᠲᠠᠭᠠᠯ 》 ( ᠪᠠᠢᠭᠤᠯᠤᠯᠲᠠ ᠪᠠᠷᠢᠮᠵᠢᠶ᠎ᠠ [ 2008 ] 182 ᠳ᠋ᠤᠭᠠᠷ ᠲᠣᠭᠠᠲᠤ )᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ 《 ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ ᠠᠵᠢᠯ᠎ᠤᠨ ᠶᠠᠪᠤᠴᠠ 》 ( ᠥᠪᠥᠷ ᠪᠠᠢᠭᠤᠯᠤᠯᠲᠠ ᠪᠠᠷᠢᠮᠵᠢᠶ᠎ᠠ [ 2021 ] 62 ᠳ᠋ᠤᠭᠠᠷ ᠲᠣᠭᠠᠲᠤ ) ᠵᠡᠷᠭᠡ ᠱᠠᠭᠠᠷᠳᠠᠯᠭ᠎ᠠ ᠶᠣᠰᠣᠭ᠋ᠠᠷ᠂ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ ᠠᠬᠢᠴᠠ᠎ᠶ᠋ᠢ ᠲᠦᠷᠭᠡᠳᠭᠡᠵᠦ᠍᠂ ᠨᠠᠢᠷᠠᠭᠤᠯᠤᠨ ᠵᠣᠬᠢᠶᠠᠬᠤ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠬᠠᠮᠲᠤ᠌᠂ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ ᠡᠯ᠎ᠡ ᠴᠠᠭ ᠬᠤᠭᠤᠴᠠᠭ᠎ᠠ᠎ᠶ᠋ᠢᠨ ᠵᠠᠩᠭᠢᠯᠠᠭ᠎ᠠ᠎ᠶ᠋ᠢᠨ ᠴᠡᠭ᠎ᠲᠤ ᠴᠠᠭ ᠲᠤᠬᠠᠶ᠎ᠳᠤ ᠨᠢ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ 》᠎ᠳᠤ ᠲᠡᠮᠳᠡᠭᠯᠡᠵᠦ ᠨᠠᠢᠷᠠᠭᠤᠯᠤᠨ ᠵᠣᠬᠢᠶᠠᠬᠤ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠵᠦ᠍᠂ ᠡᠭᠦᠷᠭᠡᠯᠡᠵᠦ᠍ ᠪᠠᠢᠭ᠎ᠠ ᠣᠷᠣᠨ ᠨᠤᠲᠤᠭ᠎ᠤᠨ ᠪᠠᠷᠢᠮᠵᠢᠶ᠎ᠠ᠎ᠶ᠋ᠢ ᠨᠠᠢᠷᠠᠭᠤᠯᠤᠨ ᠵᠣᠬᠢᠶᠠᠬᠤ ᠡᠭᠦᠷᠭᠡ᠎ᠶ᠋ᠢ ᠰᠠᠢᠲᠤᠷ ᠪᠡᠶᠡᠯᠡᠭᠦᠯᠬᠦ᠌ ᠬᠡᠷᠡᠭ᠌ᠲᠡᠶ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠢᠩᠬᠢᠮ
2025 ᠣᠨ᠎ᠤ 12 ᠳ᠋ᠤᠭ᠋ᠠᠷ ᠰᠠᠷ᠎ᠠ᠎ᠶ᠋ᠢᠨ 19 ᠤ ᠡᠳᠦᠷ