2025 ᠣᠨ᠎ᠤ ᠳᠥᠴᠢᠨ ᠲᠠᠪᠤᠳᠤᠭ᠋ᠠᠷ ᠪᠦᠯᠦᠭ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠵᠦᠢᠯᠡᠰ᠎ᠢ ᠬᠢᠨᠠᠨ ᠵᠥᠪᠰᠢᠶᠡᠷᠡᠭᠰᠡᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠢᠩᠬᠢᠮ᠎ᠤᠨ ᠵᠠᠷᠯᠠᠯ
2025-12-25

 [2025] 153 ᠳ᠋ᠤᠭ᠋ᠠᠷ ᠲᠣᠭᠠᠲᠤ


 《 ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭᠠᠨ᠎ᠤ ᠵᠥᠪᠰᠢᠶᠡᠷᠡᠯ᠎ᠤᠨ ᠬᠠᠤᠯᠢ》 ᠵᠢᠴᠢ ᠣᠷᠣᠨ ᠰᠠᠭᠤᠴᠠ ᠪᠠ ᠬᠤᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠬᠦᠷᠢᠶᠡᠨ᠎ᠳᠠᠬᠢ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ᠎ᠶᠢᠨ ᠬᠣᠯᠪᠣᠭᠳᠠᠯ ᠪᠥᠬᠦᠶ ᠲᠣᠭᠲᠠᠭᠠᠯ ᠶᠣᠰᠣᠭᠠᠷ ᠂ ᠮᠠᠨ᠎ᠤ ᠲᠢᠩᠬᠢᠮ᠎ᠠᠴᠠ 2025 ᠣᠨ᠎ᠤ ᠳᠥᠴᠢᠨ ᠲᠠᠪᠤᠳᠤᠭ᠋ᠠᠷ ᠪᠦᠯᠦᠭ᠎ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠵᠦᠢᠯᠡᠰ᠎ᠲᠤ ᠬᠢᠨᠠᠨ ᠪᠠᠶ᠋ᠢᠴᠠᠭᠠᠯᠲᠠ ᠬᠢᠵᠦ ᠂ ᠣᠲᠣ᠌ ᠬᠢᠨᠠᠨ ᠵᠥᠪᠰᠢᠶᠡᠷᠡᠭᠰᠡᠨ 51 ᠪᠠᠷᠢᠯᠭ᠎ᠠ᠎ᠶᠢᠨ ᠦᠢᠯᠡᠰ᠎ᠦᠨ ᠠᠵᠤ ᠠᠬᠤᠢᠯᠠᠯ ᠂ 85 ᠪᠠᠷᠢᠯᠭ᠎ᠠ᠎ᠶᠢᠨ ᠦᠢᠯᠡᠰ᠎ᠤᠨ ᠠᠵᠤ ᠠᠬᠤᠶ᠋ᠢᠯᠠᠯ᠎ᠤᠨ ᠠᠶᠤᠯ ᠦᠭᠡᠢ ᠦᠢᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠂ 2 ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ ᠠᠵᠤ ᠠᠬᠤᠢ᠌ᠯᠠᠯ᠂ 6 ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠠᠵᠤ ᠠᠬᠤᠢᠯᠠᠯ᠎ᠤᠨ ᠬᠢᠷᠢ ᠭᠡᠮ ᠎ᠢᠶᠡᠨ ᠦᠷᠭᠦᠯᠵᠢᠯᠡᠭᠦᠯᠬᠦ ᠠᠵᠤ ᠠᠬᠤᠶ᠋ᠢᠯᠠᠯ᠂ 2 ᠭᠡᠷ ᠪᠠᠢ᠌ᠰᠢᠩ ᠭᠠᠵᠠᠷ ᠬᠥᠷᠥᠩᠭᠡ᠎ᠶᠢᠨ ᠪᠠᠷᠤᠭᠯᠠᠵᠤ ᠦᠨᠡᠯᠡᠬᠦ ᠪᠠᠢ᠌ᠭᠤᠯᠤᠮᠵᠢ᠎ᠶᠢᠨ ᠨᠡᠷᠡᠰ᠎ᠢ ᠨᠡᠢᠲᠡᠯᠡᠨ᠎ᠡ ᠃ ᠳᠡᠭᠡᠷᠡᠬᠢ ᠨᠢᠭᠡᠨᠲᠡ ᠡᠯᠸᠺᠲᠷᠣᠨ ᠦᠨᠡᠮᠯᠡᠯ᠎ᠢ ᠡᠬᠢᠯᠡᠵᠦ ᠬᠡᠷᠡᠭᠯᠡᠭᠰᠡᠨ ᠵᠦᠢᠯᠡᠰ᠎ᠨᠢ ᠡᠯᠸᠺᠲᠷᠣᠨ ᠦᠨᠡᠮᠯᠡᠯ᠎ᠢ ᠬᠢᠨᠠᠨ ᠣᠯᠭᠤᠭᠰᠠᠨ ᠡᠳᠦᠷ᠎ᠠᠴᠠ ᠡᠬᠢᠯᠡᠨ ᠂ ᠤᠤᠯ᠎ᠤᠨ ᠬᠢᠨᠠᠨ ᠣᠯᠭᠤᠭᠰᠠᠨ ᠴᠠᠭᠠᠰᠤᠨ ᠦᠨᠡᠮᠯᠡᠯ ᠠᠶᠠᠨᠳᠠᠭᠠᠨ ᠬᠦᠴᠦᠨ ᠦᠭᠡᠢ ᠪᠣᠯᠣᠨ᠎ᠠ ᠃ ᠠᠵᠤ ᠠᠬᠤᠶ᠋ᠢᠯᠠᠯ᠎ᠢ ᠦᠯᠦ ᠬᠢᠨᠠᠨ ᠵᠥᠪᠰᠢᠶᠡᠷᠡᠭᠰᠡᠨ ᠰᠢᠯᠲᠠᠭᠠᠨ᠎ᠢ ᠠᠵᠤ ᠠᠬᠤᠶ᠋ᠢᠯᠠᠯ᠎ᠤᠨ ᠢᠮᠸᠯ (ᠮᠡᠳᠡᠭᠦᠯᠬᠦ ᠬᠦᠰᠦᠨᠦᠭ᠎ᠲᠦ ᠲᠠᠭᠯᠠᠭᠰᠠᠨ ᠢᠮᠸᠯ)᠎ᠳᠦ ᠢᠯᠡᠭᠡᠪᠡ ᠂ ᠠᠵᠤ ᠠᠬᠤᠶ᠋ᠢᠯᠠᠯ ᠥᠪᠡᠷᠲᠡᠭᠡᠨ ᠪᠠᠶ᠋ᠢᠴᠠᠭᠠᠨ ᠦᠵᠡᠭᠡᠷᠡᠢ ᠃

ᠣᠨᠴᠠᠭᠠᠢᠯᠠᠨ ᠵᠠᠷᠯᠠᠪᠠ ᠃

ᠳᠠᠭᠠᠯᠳᠤᠭᠤᠯᠤᠯ ᠄
        1. ᠳᠥᠴᠢᠨ ᠲᠠᠪᠤᠳᠤᠭ᠋ᠠᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ᠎ᠶᠢᠨ ᠦᠢᠯᠡᠰ᠎ᠦᠨ ᠠᠵᠤ ᠠᠬᠤᠶ᠋ᠢᠯᠠᠯ᠎ᠤᠨ ᠨᠡᠷᠡᠰ

2. ᠳᠥᠴᠢᠨ ᠲᠠᠪᠤᠳᠤᠭ᠋ᠠᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠠᠷᠢᠯᠭ᠎ᠠ᠎ᠶᠢᠨ ᠦᠢᠯᠡᠰ᠎ᠦᠨ ᠠᠵᠤ ᠠᠬᠤᠢᠯᠠᠯ᠎ᠤᠨ ᠠᠶᠤᠯ ᠦᠭᠡᠢ ᠦᠢᠯᠡᠳᠪᠦᠷᠢᠯᠡᠯ᠎ᠦᠨ ᠵᠥᠪᠰᠢᠶᠡᠷᠡᠯ᠎ᠦᠨ ᠨᠡᠷᠡᠰ

3.ᠳᠥᠴᠢᠨ ᠲᠠᠪᠤᠳᠤᠭ᠋ᠠᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦᠠᠵᠤ ᠠᠬᠤᠢ᠌ᠯᠠᠯ᠎ᠤᠨ ᠨᠡᠷᠡᠰ

4.ᠳᠥᠴᠢᠨ ᠲᠠᠪᠤᠳᠤᠭ᠋ᠠᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠪᠦᠲᠦᠭᠡᠨ ᠪᠠᠢᠭᠤᠯᠤᠯᠲᠠ᠎ᠶᠢᠨ ᠢᠨᠵᠧᠨᠧᠷᠢᠩ᠎ᠦᠨ ᠠᠵᠤ ᠠᠬᠤᠢᠯᠠᠯ᠎ᠤᠨ ᠬᠢᠷᠢ ᠭᠡᠮ ᠎ᠢᠶᠡᠨ ᠦᠷᠭᠦᠯᠵᠢᠯᠡᠭᠦᠯᠬᠦ ᠠᠵᠤ ᠠᠬᠤᠶ᠋ᠢᠯᠠᠯ᠎ᠤᠨ ᠨᠡᠷᠡᠰ

5.ᠳᠥᠴᠢᠨ ᠲᠠᠪᠤᠳᠤᠭ᠋ᠠᠷ ᠪᠦᠯᠦᠭ ᠬᠢᠨᠠᠨ ᠪᠠᠢᠴᠠᠭᠠᠵᠤ ᠬᠢᠨᠠᠨ ᠵᠥᠪᠰᠢᠶᠡᠷᠡᠭᠰᠡᠨ ᠭᠡᠷ ᠪᠠᠢ᠌ᠰᠢᠩ ᠭᠠᠵᠠᠷ ᠬᠥᠷᠥᠩᠭᠡ᠎ᠶᠢᠨ ᠪᠠᠷᠤᠭᠯᠠᠵᠤ ᠦᠨᠡᠯᠡᠬᠦ ᠪᠠᠢ᠌ᠭᠤᠯᠤᠮᠵᠢ᠎ᠶᠢᠨ ᠨᠡᠷᠡᠰ

 

2025 ᠣᠨ᠎ᠤ 12 ᠳ᠋ᠤᠭ᠋ᠠᠷ ᠰᠠᠷ᠎ᠠ᠎ᠶᠢᠨ 19 ᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ