2024 ᠣᠨ᠎ᠤ ᠬᠤᠶᠠᠳᠤᠭᠠᠷ ᠪᠦᠯᠦᠭ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ ᠬᠤᠨᠳᠠᠭᠠᠲᠤ》᠎ᠶ᠋ᠢᠨ ᠨᠡᠷᠡᠰ᠎ᠢ ᠨᠡᠢᠲᠡᠯᠡᠬᠦ᠌ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ ᠮᠡᠳᠡᠭ᠌ᠳᠡᠯ
2026-01-19

ᠥᠪᠥᠷ ᠵᠠᠰᠠᠭ ᠲᠠᠷᠬᠠᠭᠠᠭ᠍ᠰᠠᠨ [2026] 7 ᠳ᠋ᠤᠭᠠᠷ ᠲᠣᠭᠠᠲᠤ


ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠢᠶ᠎ᠠ ᠪᠥᠬᠦᠶ ᠠᠵᠢᠯ ᠲᠥᠷᠥᠯ᠎ᠤᠨ ᠨᠡᠢᠭᠡᠮᠯᠢᠭ᠄

《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠲᠠᠯ᠎ᠠ ᠨᠤᠲᠤᠭ ᠬᠤᠨᠳᠠᠭᠠᠲᠤ〉 ᠢᠨᠵᠧᠨᠧᠷᠢᠩ᠎ᠤᠨ ᠶᠠᠰᠤ ᠴᠢᠨᠠᠷ᠎ᠤᠨ ᠱᠠᠩᠨᠠᠯ᠎ᠢ ᠱᠢᠯᠭᠠᠷᠠᠭᠤᠯᠬᠤ ᠠᠷᠭ᠎ᠠ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠤᠨ 〈ᠲᠠᠯ᠎ᠠ ᠨᠤᠲᠤᠭ ᠬᠤᠨᠳᠠᠭᠠᠲᠤ〉 ᠭᠤᠶᠤᠴᠢᠯᠠᠨ ᠮᠡᠳᠡᠭᠦᠯᠬᠦ᠌ ᠠᠵᠢᠯ᠎ᠢ ᠥᠷᠨᠢᠭᠦᠯᠬᠦ᠌ ᠲᠤᠬᠠᠶ ᠮᠡᠳᠡᠭ᠌ᠳᠡᠯ》 (ᠥᠪᠥᠷ ᠪᠠᠢᠭᠤᠯᠤᠯᠲᠠ ᠴᠢᠨᠠᠷ [2025] 126 ᠳ᠋ᠤᠭᠠᠷ ᠲᠣᠭᠠᠲᠤ)᠎ᠤᠨ ᠱᠠᠭᠠᠷᠳᠠᠯᠭ᠎ᠠ ᠶᠣᠰᠣᠭᠠᠷ᠂ ᠬᠢᠨᠠᠨ ᠲᠣᠭ᠍ᠲᠠᠭᠠᠬᠤ᠂ ᠵᠠᠷᠯᠠᠨ ᠨᠡᠢᠲᠡᠯᠡᠬᠦ᠂ ᠬᠤᠷᠠᠯ᠎ᠢᠶᠠᠷ ᠰᠤᠳᠤᠯᠬᠤ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠬᠥᠬᠡᠬᠤᠲᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠱᠢᠨ᠎ᠡ᠎ᠪᠠᠷ ᠪᠠᠢᠭᠤᠯᠤᠭ᠍ᠰᠠᠨ ᠰᠤᠷᠤᠭ᠍ᠴᠢᠳ᠎ᠤᠨ ᠨᠡᠢᠲᠡ᠎ᠶ᠋ᠢᠨ ᠪᠠᠢᠷᠢ᠎ᠶ᠋ᠢᠨ ᠠᠰᠠᠷ᠂ ᠶᠡᠷᠦᠩᠬᠡᠢᠯᠡᠭ᠌ᠰᠡᠨ ᠵᠢᠭᠠᠨ ᠰᠤᠷᠭᠠᠯᠲᠠ᠎ᠶ᠋ᠢᠨ ᠠᠰᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ ᠵᠡᠷᠭᠡ 25 ᠵᠦᠶ᠋ᠯ᠎ᠤᠨ ᠢᠨᠵᠧᠨᠧᠷᠢᠩ᠎ᠢ 2024 ᠣᠨ᠎ᠤ ᠬᠤᠶᠠᠳᠤᠭᠠᠷ ᠪᠦᠯᠦᠭ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ ᠬᠤᠨᠳᠠᠭᠠᠲᠤ》 ᠪᠣᠯᠭᠠᠨ ᠬᠢᠨᠠᠨ ᠲᠣᠭ᠍ᠲᠠᠭᠠᠬᠤ᠎ᠪᠠᠷ ᠲᠣᠭ᠍ᠲᠠᠪᠠ᠃

ᠡᠯ᠎ᠡ ᠬᠠᠮᠢᠶ᠎ᠠ ᠪᠦᠬᠦᠢ ᠨᠢᠭᠡᠴᠢ ᠪᠣᠯᠤᠨ ᠬᠤᠪᠢ ᠬᠥᠮᠦᠨ ᠴᠢᠷᠮᠠᠢᠭ᠍ᠰᠠᠨ ᠳᠡᠭᠡᠷ᠎ᠡ᠎ᠪᠠᠨ ᠴᠢᠷᠮᠠᠢᠵᠤ᠂ ᠢᠨᠵᠧᠨᠧᠷᠢᠩ᠎ᠤᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠢᠨᠵᠧᠨᠧᠷᠢᠩ᠎ᠤᠨ ᠶᠠᠰᠤ ᠴᠢᠨᠠᠷ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠠᠬᠢᠵᠢᠭᠦᠯᠵᠦ᠍᠂ ᠢᠨᠵᠧᠨᠧᠷᠢᠩ᠎ᠤᠨ ᠶᠠᠰᠤ ᠴᠢᠨᠠᠷ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠮᠠᠨ᠎ᠤ ᠲᠤᠭᠤᠷᠢᠭ᠎ᠤᠨ ᠪᠦᠲᠦᠭᠡᠨ ᠪᠠᠢᠭᠤᠯᠤᠯᠲᠠ᠎ᠶ᠋ᠢᠨ ᠢᠨᠵᠧᠨᠧᠷᠢᠩ᠎ᠤᠨ ᠶᠠᠰᠤ ᠴᠢᠨᠠᠷ᠎ᠤᠨ ᠥᠨᠳᠥᠷ ᠬᠢᠷᠢ ᠲᠦᠪᠱᠢᠨ ᠪᠦᠬᠦᠢ ᠬᠥᠭ᠌ᠵᠢᠯᠲᠡ᠎ᠶ᠋ᠢ ᠴᠢᠷᠮᠠᠢᠨ ᠠᠬᠢᠭᠤᠯᠬᠤ᠎ᠶ᠋ᠢ ᠬᠦᠰᠡᠵᠦ᠍ ᠪᠠᠢᠨ᠎ᠠ᠃

 

ᠳᠠᠭᠠᠯᠳᠤᠭᠤᠯᠤᠯ᠄ 2024 ᠣᠨ᠎ᠤ ᠬᠤᠶᠠᠳᠤᠭᠠᠷ ᠪᠦᠯᠦᠭ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ ᠬᠤᠨᠳᠠᠭᠠᠲᠤ》᠎ᠶ᠋ᠢᠨ ᠨᠡᠷᠡᠰ᠎ᠤᠨ ᠵᠢᠭᠰᠠᠭ᠋ᠠᠯᠲᠠ


ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠢᠩᠬᠢᠮ
2026 ᠣᠨ᠎ᠤ 1 ᠳ᠋ᠤᠭᠡᠷ ᠰᠠᠷ᠎ᠠ᠎ᠶ᠋ᠢᠨ 14᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ