ᠥᠪᠥᠷ ᠵᠠᠰᠠᠭ ᠠᠯᠪᠠᠨ ᠲᠠᠷᠬᠠᠭᠠᠭ᠍ᠰᠠᠨ [2025] 401ᠳ᠋ᠤᠭᠡᠷ ᠲᠣᠭᠠᠲᠤ
ᠡᠯ᠎ᠡ ᠠᠢᠮᠠᠭ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠂ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ᠎ᠶ᠋ᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠣᠪᠴᠢᠶ᠎ᠠ᠂ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ᠎ᠶ᠋ᠢᠨ ᠲᠣᠪᠴᠢᠶ᠎ᠠ᠂ ᠡᠯ᠎ᠡ ᠬᠤᠯᠪᠣᠭ᠍ᠳᠠᠯ ᠪᠦᠬᠦᠢ ᠨᠢᠭᠡᠴᠢ᠎ᠳᠤ᠄
《ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 (ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠂ ᠤᠰᠤᠨ ᠠᠱᠢᠭ᠍ᠯᠠᠯᠲᠠ᠎ᠶ᠋ᠢᠨ ᠶᠠᠮᠤᠨ᠂ ᠲᠠᠷᠢᠶᠠᠯᠠᠩ ᠬᠥᠳᠡᠭᠡ ᠲᠣᠰᠭᠤᠨ᠎ᠤ ᠶᠠᠮᠤᠨ᠎ᠤ ᠵᠠᠷᠯᠢᠭ 34 ᠳ᠋ᠦ᠍ᠭᠡᠷ ᠲᠣᠭᠠᠲᠤ)᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠤᠰᠠᠳᠠ᠂ 《〈ᠪᠥᠬᠦ᠌ ᠤᠯᠤᠰ᠎ᠤᠨ ᠢᠨᠵᠧᠨᠧᠷᠢᠩ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠠᠪᠴᠠᠩ᠎ᠤᠨ ᠪᠠᠷᠢᠯᠭ᠎ᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠳᠠᠭᠠᠭᠠᠴᠢᠯᠠᠯᠲᠠ ᠵᠠᠷᠯᠠᠵᠤ ᠣᠷᠣᠯᠠᠬᠤ ᠪᠠᠢᠭᠤᠯᠤᠮᠵᠢ᠎ᠶ᠋ᠢᠨ ᠮᠡᠳᠡᠭᠡ ᠵᠠᠩᠭᠢ᠎ᠶ᠋ᠢᠨ ᠳ᠋ᠠᠢ᠌ᠲ᠋ᠠ᠎ᠶ᠋ᠢᠨ ᠪᠠᠷᠢᠮᠵᠢᠶ᠎ᠠ〉᠎ᠶ᠋ᠢ ᠳᠠᠷᠤᠮᠠᠯᠯᠠᠨ ᠲᠠᠷᠬᠠᠭ᠋ᠠᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠶᠠᠮᠤᠨ᠎ᠤ ᠠᠯᠪᠠᠨ ᠲᠢᠩᠬᠢᠮ᠎ᠤᠨ ᠮᠡᠳᠡᠭ᠌ᠳᠡᠯ》 (ᠪᠥᠲᠥᠭᠡᠨ ᠪᠠᠢᠭᠤᠯᠤᠯᠲᠠ ᠠᠯᠪᠠᠨ ᠬᠤᠲᠠ ᠵᠠᠬᠢᠳᠠᠯ [2025] 343 ᠳ᠋ᠤᠭᠠᠷ ᠲᠣᠭᠠᠲᠤ)᠎ᠤᠨ ᠱᠠᠭᠠᠷᠳᠠᠯᠭ᠎ᠠ ᠶᠣᠰᠣᠭᠠᠷ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠠᠵᠢᠯ᠎ᠤᠨ ᠬᠢᠨᠠᠯᠲᠠ ᠬᠠᠮᠢᠶᠠᠷᠤᠯᠲᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠮᠡᠳᠡᠭᠡ ᠵᠠᠩᠭᠢ᠎ᠶ᠋ᠢᠨ ᠲᠠᠪᠴᠠᠩ》 (ᠳᠣᠷᠣᠭ᠍ᠰᠢ ᠣᠷᠣᠯᠠᠨ ᠭᠦᠢᠴᠡᠳᠭᠡᠬᠦ᠌ ᠪᠠᠢᠭᠤᠯᠤᠮᠵᠢ ᠭᠡᠵᠦ᠍ ᠲᠣᠪᠴᠢᠯᠠᠨ᠎ᠠ)᠎ᠤᠨ ᠮᠡᠳᠡᠭᠡ ᠵᠠᠩᠭᠢ᠎ᠶ᠋ᠢᠨ ᠳᠡᠩᠰᠡᠯᠡᠯᠲᠡ᠎ᠶ᠋ᠢᠨ ᠴᠢᠳᠠᠮᠵᠢ᠎ᠶ᠋ᠢ ᠨᠢᠭᠡᠨᠲᠡ ᠱᠢᠯᠢᠳᠡᠭ᠌ᠵᠢᠭᠦᠯᠦᠨ ᠲᠡᠭᠦᠯᠳᠡᠷᠵᠢᠭᠦᠯᠪᠡ᠃ ᠤᠳᠤ ᠣᠷᠣᠯᠠᠬᠤ ᠪᠠᠢᠭᠤᠯᠤᠮᠵᠢ᠎ᠶ᠋ᠢᠨ ᠮᠡᠳᠡᠭᠡ ᠵᠠᠩᠭᠢ᠎ᠶ᠋ᠢᠨ ᠳᠠᠩᠰᠠᠯᠠᠯ᠎ᠤᠨ ᠬᠤᠯᠪᠣᠭ᠍ᠳᠠᠯ ᠪᠦᠬᠦᠢ ᠵᠦᠢᠯᠡᠰ᠎ᠢ ᠳᠠᠷᠠᠭ᠋ᠠᠬᠢ ᠮᠡᠲᠦ ᠮᠡᠳᠡᠭ᠌ᠳᠡᠶ᠎ᠡ᠃
ᠨᠢᠭᠡ᠂ 2026 ᠣᠨ᠎ᠤ 1 ᠳ᠋ᠤᠭᠡᠷ ᠰᠠᠷ᠎ᠠ᠎ᠶ᠋ᠢᠨ 1᠎ᠤ ᠡᠳᠦᠷ᠎ᠠᠴᠠ ᠡᠬᠢᠯᠡᠨ᠂ ᠲᠠᠪᠴᠠᠩ᠎ᠤᠨ ᠣᠷᠣᠯᠠᠭ᠍ᠴᠢ ᠪᠠᠢᠭᠤᠯᠤᠮᠵᠢ᠎ᠶ᠋ᠢᠨ ᠮᠡᠳᠡᠭᠡ ᠵᠠᠩᠭᠢ᠎ᠶ᠋ᠢ ᠳᠠᠩᠰᠠᠯᠠᠬᠤ ᠴᠢᠳᠠᠮᠵᠢ᠎ᠶ᠋ᠢ ᠵᠢᠩᠬᠢᠨᠢ᠎ᠪᠠᠷ ᠰᠦᠯᠵᠢᠶᠡᠨ᠎ᠳᠤ ᠣᠷᠣᠭᠤᠯᠤᠨ ᠠᠵᠢᠯᠯᠠᠭᠤᠯᠪᠠ᠃ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠠᠵᠢᠯᠯᠠᠭ᠎ᠠ ᠬᠢᠬᠦ᠌ ᠬᠣᠯᠪᠣᠭ᠍ᠳᠠᠯ ᠪᠦᠬᠦᠢ ᠨᠢᠭᠡᠴᠢ 《ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》᠎ᠶ᠋ᠢᠨ ᠶᠣᠰᠣᠭᠠᠷ᠂ ᠲᠠᠪᠴᠠᠩ᠎ᠳᠤ ᠴᠠᠭ ᠲᠤᠬᠠᠶ᠎ᠳᠤ ᠨᠢ ᠳᠠᠩᠰᠠᠯᠠᠭᠤᠯᠬᠤ ᠵᠢᠴᠢ ᠠᠵᠤ ᠠᠬᠤᠢᠯᠠᠯ ᠵᠢᠴᠢ ᠠᠵᠢᠯᠯᠠᠭ᠍ᠰᠠᠳ᠎ᠤᠨ ᠮᠡᠳᠡᠭᠡ ᠵᠠᠩᠭᠢ᠎ᠶ᠋ᠢ ᠬᠤᠪᠢᠷᠠᠭᠤᠯᠬᠤ ᠬᠡᠷᠡᠭ᠌ᠲᠡᠶ᠃
ᠬᠣᠶᠠᠷ᠂ ᠳᠠᠭᠠᠭᠠᠴᠢᠯᠠᠯᠲᠠ ᠵᠠᠷᠯᠠᠭ᠍ᠴᠢ ᠨᠢ ᠲᠠᠪᠴᠠᠩ᠎ᠤᠨ ᠳᠡᠨᠭ᠌ᠰᠨᠯᠡᠯᠤᠨ ᠣᠷᠣᠯᠠᠬᠤ ᠪᠠᠢᠭᠤᠯᠤᠮᠵᠢ᠎ᠶ᠋ᠢᠨ ᠳᠣᠲᠣᠷ᠎ᠠ᠂ ᠣᠷᠣᠯᠠᠬᠤ ᠪᠠᠢᠭᠤᠯᠤᠮᠵᠢ᠎ᠶ᠋ᠢ ᠥᠪᠡᠰᠦᠪᠡᠨ ᠰᠣᠩᠭᠣᠵᠤ ᠳᠠᠭᠠᠭᠠᠴᠢᠯᠠᠯᠲᠠ ᠵᠠᠷᠯᠠᠬᠤ ᠵᠦᠢᠯᠡᠰ ᠢ ᠭᠦᠢᠴᠡᠳᠭᠡᠬᠦ᠌ ᠬᠡᠷᠡᠭ᠌ᠲᠡᠶ᠃ 2026 ᠣᠨ᠎ᠤ 1ᠳ᠋ᠤᠭᠡᠷ ᠰᠠᠷ᠎ᠠ᠎ᠶ᠋ᠢᠨ 1᠎ᠤ ᠡᠳᠦᠷ᠎ᠠᠴᠠ ᠡᠮᠦᠨ᠎ᠡ᠂ ᠨᠠᠢᠳᠠᠵᠤ ᠳᠠᠭᠠᠭᠠᠴᠢᠯᠠᠯᠲᠠ ᠵᠠᠷᠯᠠᠭ᠍ᠰᠠᠨ ᠤᠴᠢᠷ ᠶᠠᠪᠤᠳᠠᠯ᠎ᠢ ᠱᠢᠢᠳᠪᠦᠷᠢᠯᠡᠵᠦ᠍ ᠳᠠᠭᠤᠰᠭᠠᠭᠠᠳᠤᠢ᠂ ᠳᠠᠭᠠᠭᠠᠴᠢᠯᠠᠯᠲᠠ ᠵᠠᠷᠯᠠᠭ᠍ᠴᠢᠠᠴᠠ ᠨᠠᠢᠳᠠᠭ᠍ᠰᠠᠨ ᠣᠷᠣᠯᠠᠨ ᠭᠦᠢᠴᠡᠳᠭᠡᠬᠦ᠌ ᠪᠠᠢᠭᠤᠯᠤᠮᠵᠢ᠎ᠶ᠋ᠢ ᠱᠢᠮᠳᠠᠭᠤᠯᠤᠨ ᠲᠣᠭ᠍ᠲᠠᠭᠠᠯ ᠶᠣᠰᠣᠭᠠᠷ ᠮᠡᠳᠡᠭᠡ ᠵᠠᠩᠭᠢ᠎ᠶ᠋ᠢ ᠳᠠᠩᠰᠠᠯᠠᠭᠤᠯᠤᠨ᠎ᠠ᠃
ᠭᠤᠷᠪᠠ᠂ ᠡᠯ᠎ᠡ ᠱᠠᠲᠤᠨ᠎ᠤ ᠠᠵᠢᠯ ᠲᠥᠷᠥᠯ᠎ᠤᠨ ᠢᠨᠵᠧᠨᠧᠷᠢᠩ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠣᠷᠣᠯᠠᠬᠤ ᠪᠠᠢᠭᠤᠯᠤᠮᠵᠢ᠎ᠶ᠋ᠢᠨ ᠮᠡᠳᠡᠭᠡ ᠵᠠᠩᠭᠢ᠎ᠶ᠋ᠢ ᠲᠠᠪᠴᠠᠩ᠎ᠳᠤ ᠳᠠᠩᠰᠠᠯᠠᠭᠤᠯᠤᠭ᠍ᠰᠠᠨ ᠡᠰᠡᠬᠦ᠌᠎ᠶ᠋ᠢ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠠᠵᠢᠯᠯᠠᠭ᠎ᠠ᠎ᠳᠤ ᠬᠢᠨᠠᠯᠲᠠ ᠲᠠᠯᠪᠢᠬᠤ ᠠᠵᠢᠯ᠎ᠳᠤ ᠣᠷᠣᠭᠤᠯᠵᠤ᠂ ᠣᠷᠣᠯᠠᠨ ᠭᠦᠢᠴᠡᠳᠭᠡᠬᠦ᠌ ᠪᠠᠢᠭᠤᠯᠤᠮᠵᠢ᠎ᠶ᠋ᠢ ᠱᠢᠮᠳᠠᠭᠤᠯᠵᠤ ᠪᠠᠢᠭᠠᠳ ᠠᠵᠢᠯ ᠡᠷᠬᠢᠯᠡᠬᠦ᠌ ᠬᠠᠮᠢᠶᠠᠷᠤᠯᠲᠠ᠎ᠶ᠋ᠢᠨ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠤᠨ᠂ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠠᠵᠢᠯᠯᠠᠭ᠎ᠠ᠎ᠶ᠋ᠢ ᠬᠠᠤᠯᠢ ᠶᠣᠰᠣᠭᠠᠷ ᠲᠣᠭ᠍ᠲᠠᠭᠠᠯ᠎ᠳᠤ ᠨᠡᠢᠴᠡᠭᠦᠯᠦᠨ ᠥᠷᠨᠢᠭᠦᠯᠬᠦ᠌ ᠬᠡᠷᠡᠭ᠌ᠲᠡᠶ᠃ ᠣᠷᠣᠯᠠᠬᠤ ᠪᠠᠢᠭᠤᠯᠤᠮᠵᠢ᠎ᠶ᠋ᠢᠨ ᠮᠡᠳᠡᠭᠡ ᠵᠠᠩᠭᠢ᠎ᠶ᠋ᠢ ᠦᠯᠦ᠍ ᠲᠡᠮᠳᠡᠭ᠌ᠯᠡᠭᠦᠯᠦᠭ᠌ᠰᠡᠨ ᠪᠠᠢᠪᠠᠯ᠂ ᠠᠵᠤ ᠠᠬᠤᠢᠯᠠᠯ᠎ᠤᠨ ᠣᠷᠣᠯᠠᠬᠤ ᠲᠤᠬᠠᠢᠯᠠᠭ᠍ᠰᠠᠨ ᠠᠵᠢᠯ᠎ᠢ ᠳᠠᠭᠠᠭᠠᠨ ᠠᠪᠬᠤ ᠨᠥᠬᠥᠴᠡᠯ᠎ᠢ ᠪᠦᠷᠢᠯᠳᠦᠭᠦᠯᠦᠭ᠌ᠰᠡᠨ ᠡᠰᠡᠬᠦ᠌᠂ ᠳᠠᠭᠠᠭᠠᠴᠢᠯᠠᠯᠲᠠ ᠵᠠᠷᠯᠠᠬᠤ ᠵᠦᠢᠯᠡᠰ᠎ᠢ ᠬᠠᠤᠯᠢ ᠶᠣᠰᠣᠭᠠᠷ ᠭᠦᠢᠴᠡᠳᠭᠡᠭ᠌ᠰᠡᠨ ᠡᠰᠡᠬᠦ᠌᠂ ᠲᠥᠷᠥᠯ ᠵᠦᠢᠯ᠎ᠦᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠠᠵᠢᠯᠯᠠᠭ᠎ᠠ᠎ᠳᠤ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ ᠪᠠᠢᠬᠤ ᠡᠰᠡᠬᠦ᠌᠎ᠶ᠋ᠢ ᠭᠣᠤᠯᠳᠠᠯᠭ᠎ᠠ᠎ᠲᠠᠶ ᠬᠢᠨᠠᠨ ᠬᠠᠷᠭᠤᠭᠤᠯᠬᠤ ᠬᠡᠷᠡᠭ᠌ᠲᠡᠶ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠠᠵᠢᠯ᠎ᠤᠨ ᠬᠢᠨᠠᠯᠲᠠ ᠬᠠᠮᠢᠶᠠᠷᠤᠯᠲᠠ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠮᠡᠳᠡᠭᠡ ᠵᠠᠩᠭᠢ᠎ᠶ᠋ᠢᠨ ᠲᠠᠪᠴᠠᠩ᠎ᠤᠨ ᠬᠠᠶᠢᠭ᠄ https://zjt.nmg.gov.cn/nmgzhjg/publishweb/nmjgpublish/index.html
ᠮᠡᠷᠭᠡᠵᠢᠯ ᠳᠡᠮᠵᠢᠬᠦ ᠵᠥᠪᠯᠡᠯᠭᠡ᠎ᠶᠢᠨ ᠤᠲᠠᠰᠤ᠄ 0471-3953876
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠬᠢᠭᠡᠳ ᠥᠭᠡᠷᠡᠴᠢᠯᠡᠯᠲᠡ᠎ᠶ᠋ᠢᠨ ᠵᠥᠪᠯᠡᠯ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠭᠤᠨ ᠮᠠᠯᠵᠢᠬᠤ ᠤᠷᠤᠨ᠎ᠤ ᠲᠢᠩᠬᠢᠮ
2025 ᠣᠨ᠎ᠤ 12 ᠳ᠋ᠤᠭ᠋ᠠᠷ ᠰᠠᠷ᠎ᠠ᠎ᠶ᠋ᠢᠨ 29᠎ᠤ ᠡᠳᠦᠷ