10 ᠳ᠋ᠤᠭ᠋ᠠᠷ ᠰᠠᠷ᠎ᠠ ᠵᠢᠨ16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ᠂ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠪᠠ᠃
ᠬᠤᠷᠠᠯ᠎ᠠᠴᠠ᠂ ᠨᠠᠮ᠎ᠤᠨ ᠲᠥᠪ ᠬᠤᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠤᠯᠪᠣᠭᠳᠠᠯ ᠪᠥᠬᠦᠶ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠲᠠᠢ ᠢᠳᠡᠪᠬᠢᠲᠡᠶ ᠵᠣᠯᠭ᠋ᠠᠭᠤᠯᠵᠤ᠂ ᠣᠳᠣᠬᠠᠨ᠎ᠤ ᠪᠠ ᠠᠯᠤᠰ ᠬᠡᠲᠦ ᠵᠢ ᠪᠣᠳᠣᠯᠬᠢᠯᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠦᠭᠰᠡᠨ ᠪᠠᠶ᠋ᠢᠳᠠᠯ᠎ᠢ ᠪᠥᠬᠦ ᠲᠠᠯ᠎ᠠ᠎ᠪᠠᠷ ᠰᠢᠰᠲ᠋ᠧᠮ᠎ᠲᠠᠢ ᠪᠦᠷᠢᠳᠬᠡᠵᠦ᠂ ᠬᠤᠲᠠ ᠪᠠᠯᠭ᠋ᠠᠰᠤᠨ᠎ᠤ ᠣᠷᠣᠨ ᠰᠠᠭᠤᠴᠠ ᠵᠢᠨ ᠬᠠᠩᠭ᠋ᠠᠯᠭ᠎ᠠ ᠵᠢᠨ ᠰᠢᠰᠲ᠋ᠧᠮ᠂ ᠬᠤᠲᠠ ᠵᠢᠨ ᠰᠢᠨᠡᠴᠢᠯᠡᠯᠲᠡ ᠵᠢᠨ ᠠᠵᠢᠯᠯᠠᠭ᠎ᠠ᠂ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠵᠢᠨ ᠪᠥᠲᠥᠭᠡᠨ ᠪᠠᠶ᠋ᠢᠭᠤᠯᠤᠯᠲᠠ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠣᠶᠤᠨᠴᠢ ᠬᠤᠲᠠ ᠵᠢ ᠡᠭᠦᠳᠦᠨ ᠪᠠᠶ᠋ᠢᠭᠤᠯᠬᠤ ᠵᠡᠷᠭᠡ ᠭᠤᠤᠯᠳᠠᠯᠭ᠎ᠠ᠎ᠲᠠᠢ ᠡᠭᠦᠷᠭᠡ ᠵᠢ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠲᠤᠰᠬᠠᠶ ᠲᠥᠯᠥᠪᠵᠢᠭᠦᠯᠭᠡ ᠵᠢ ᠰᠠᠶ᠋ᠢᠲᠤᠷ ᠨᠠᠶ᠋ᠢᠷᠠᠭᠤᠯᠤᠨ ᠵᠣᠬᠢᠶᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠢᠨ ᠬᠤᠶᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠪᠣᠯᠤᠨ ᠰᠢᠨᠵᠢᠶᠠᠩ᠎ᠤᠨ ᠤᠶ᠋ᠢᠭᠤᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠂ ᠰᠢᠨᠵᠢᠶᠠᠩ᠎ᠤᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠭᠤᠣᠯ ᠠᠭᠤᠯᠭ᠎ᠠ ᠪᠣᠯᠤᠨ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠡᠵᠡᠮᠳᠡᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠤᠨ ᠭᠤᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢ ᠪᠠᠷᠢᠮᠲᠠᠯᠠᠵᠤ᠂ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠳᠤᠮᠳᠠ ᠰᠣᠶᠣᠯ᠎ᠤᠨ ᠤᠯᠠᠮᠵᠢᠯᠠᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠠᠶ᠋ᠢᠨ ᠰᠠᠶ᠋ᠢᠬᠠᠨ ᠭᠡᠷ ᠣᠷᠣᠨ ᠵᠶ᠋ᠠᠨ ᠬᠠᠮᠲᠤ᠎ᠪᠠᠷ ᠪᠦᠳᠦᠭᠡᠨ ᠪᠠᠶ᠋ᠢᠭᠤᠯᠬᠤ᠂ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ ᠵᠢ ᠠᠬᠢᠭᠤᠯᠵᠤ᠂ ᠡᠯ᠎ᠡ ᠵᠦᠢ᠍ᠯ᠎ᠤᠨ ᠠᠵᠢᠯ ᠵᠶ᠋ᠠᠨ ᠪᠣᠳᠠᠲᠠᠢ ᠪᠥᠭᠡᠳ ᠲᠦᠷᠦᠭᠳᠡᠯ᠎ᠲᠠᠢ ᠪᠦᠲᠦᠮᠵᠢᠲᠡᠢ ᠰᠠᠶ᠋ᠢᠲᠤᠷ ᠬᠢᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠨᠠᠷᠢᠨ ᠨᠢᠮᠪᠠᠢ ᠬᠠᠮᠠᠭ᠋ᠠᠯᠠᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠣᠳᠣᠬᠠᠨ᠎ᠳᠤ ᠨᠢᠭᠡᠨᠲᠡ ᠪᠦᠬᠦ ᠵᠢᠯ᠎ᠤᠨ ᠠᠵᠢᠯ᠎ᠤᠨ ᠰᠢᠪᠲᠤᠯᠤᠯᠲᠠ ᠵᠢᠨ ᠡᠴᠦᠰ᠎ᠤᠨ ᠱᠠᠲᠤᠨ᠎ᠳᠤ ᠣᠷᠣᠪᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢᠴᠢ ᠵᠢᠯ᠎ᠤᠨ ᠡᠬᠢᠨ᠎ᠤ ᠡᠯ᠎ᠡ ᠵᠦᠢ᠍ᠯ᠎ᠤᠨ ᠠᠵᠢᠯ᠎ᠤᠨ ᠲᠣᠬᠢᠷᠠᠭᠤᠯᠤᠯᠲᠠ᠎ᠲᠠᠢ ᠬᠠᠷᠭᠤᠭᠤᠯᠵᠤ᠂ ᠳ᠋ᠦᠩᠨᠡᠨ ᠡᠷᠭᠢᠴᠡᠭᠦᠯᠬᠦ ᠠᠵᠢᠯ᠎ᠢ ᠨᠠᠷᠢᠨ ᠬᠢᠨᠠᠮᠠᠭ᠋ᠠᠶ ᠥᠷᠨᠢᠭᠦᠯᠵᠦ᠂ ᠲᠤᠳᠠᠭᠳᠠᠯ ᠵᠶ᠋ᠠᠨ ᠪᠥᠬᠦ ᠲᠠᠯ᠎ᠠ᠎ᠪᠠᠷ ᠪᠠᠶ᠋ᠢᠴᠠᠭ᠋ᠠᠨ ᠨᠥᠬᠦᠪᠥᠷᠢᠯᠡᠬᠦ ᠬᠡᠷᠡᠭᠲᠡᠶ᠃ ᠨᠢᠭᠡᠨᠲᠡ ᠪᠡᠶᠡᠯᠡᠭᠦᠯᠦᠭᠰᠡᠨ ᠡᠭᠦᠷᠭᠡ ᠵᠢᠨ ᠲᠤᠬᠠᠶ ᠪᠦᠲᠦᠮᠵᠢᠲᠡᠶ ᠠᠷᠭ᠎ᠠ ᠬᠢᠳᠡᠯ ᠪᠠ ᠠᠮᠵᠢᠯᠲᠠ᠎ᠲᠠᠢ ᠲᠤᠷᠰᠢᠯᠭ᠎ᠠ ᠵᠢ ᠪᠣᠯᠪᠠᠰᠤᠷᠠᠭᠤᠯᠬᠤ ᠵᠢ ᠴᠢᠬᠤᠯᠠᠴᠢᠯᠠᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠠᠵᠢᠯ᠎ᠤᠨ ᠦᠷ᠎ᠡ ᠪᠦᠲᠦᠭᠡᠯ ᠵᠶ᠋ᠠᠨ ᠪᠠᠬᠢᠵᠢᠭᠦᠯᠦᠨ ᠥᠷᠭᠡᠳᠬᠡᠬᠦ ᠬᠡᠷᠡᠭᠲᠡᠶ; ᠵᠥᠷᠢᠶ᠎ᠡ ᠪᠠ ᠠᠬᠢᠴᠠ᠎ᠨᠢ ᠬᠤᠴᠣᠷᠤᠩᠭᠤᠶ ᠪᠠᠶ᠋ᠢᠪᠠᠯ᠂ ᠰᠢᠯᠲᠠᠭ᠋ᠠᠨ᠎ᠢ ᠭᠦᠨᠵᠡᠭᠡᠶ ᠵᠠᠳᠠᠯᠵᠤ᠂ ᠠᠰᠠᠭᠤᠳᠠᠯ᠎ᠤᠨ ᠵᠠᠩᠭᠢᠯᠠᠭ᠎ᠠ ᠵᠢ ᠣᠨᠣᠪᠴᠢᠲᠠᠶ ᠡᠷᠢᠵᠦ᠂ ᠬᠠᠨᠳᠤᠯᠭ᠋ᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠡᠬᠡᠬᠡᠵᠦ ᠭᠦᠢ᠍ᠴᠡᠵᠦ᠂ ᠪᠥᠬᠦ ᠵᠢᠯ᠎ᠤᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢᠨ 《ᠲᠡᠭᠦᠰ ᠠᠮᠵᠢᠯᠲᠠ᠎ᠲᠠᠢ ᠪᠡᠶᠡᠯᠡᠭᠦᠯᠬᠦ》 ᠵᠢ ᠦᠨᠡᠨ ᠬᠦ᠌ ᠪᠠᠲᠤᠯᠠᠵᠤ᠂ ᠢᠷᠡᠬᠦ ᠵᠢᠯ᠎ᠤᠨ ᠠᠵᠢᠯ᠎ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃