10 ᠳ᠋ᠤᠭ᠋ᠠᠷ ᠰᠠᠷ᠎ᠠ ᠵᠢᠨ 27ᠤ ᠡᠳᠦᠷ᠂ ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮᠤᠨ ᠨᠠᠮᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠨᠠᠮᠤᠨ ᠬᠤᠷᠢᠳᠤᠭ᠋ᠠᠷ ᠬᠤᠭᠤᠴᠠᠭ᠋ᠠᠨᠤ ᠲᠥᠪ ᠬᠤᠷᠢᠶᠠᠨᠤ ᠳᠥᠷᠪᠡᠳᠦᠭᠡᠷ ᠪᠥᠬᠦᠳᠡ ᠬᠤᠷᠠᠯᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯᠢ ᠰᠤᠳᠤᠯᠤᠨ ᠪᠠᠶ᠋ᠢᠷᠢᠯᠠᠭᠤᠯᠪᠠ᠃
ᠬᠤᠷᠠᠯᠠᠴᠠ᠂ ᠨᠠᠮᠤᠨ ᠬᠤᠷᠢᠳᠤᠭ᠋ᠠᠷ ᠬᠤᠭᠤᠴᠠᠭ᠋ᠠᠨᠤ ᠲᠥᠪ ᠬᠤᠷᠢᠶᠠᠨᠤ ᠳᠥᠷᠪᠡᠳᠦᠭᠡᠷ ᠪᠦᠬᠦᠳᠡ ᠬᠤᠷᠠᠯ ᠪᠣᠯ ᠬᠤᠶᠠᠳᠤᠭ᠋ᠠᠷ ᠵᠠᠭᠤᠨ ᠵᠢᠯᠤᠨ ᠲᠡᠮᠡᠴᠡᠬᠦ ᠬᠠᠷᠠᠯᠲᠠ ᠲᠡᠶ᠋ᠢᠰᠢ ᠤᠷᠤᠭᠰᠢᠯᠠᠬᠤ ᠰᠢᠨ᠎ᠡ ᠠᠶᠠᠨ ᠵᠠᠮᠳᠤ ᠬᠤᠷᠠᠯᠳᠤᠭᠰᠠᠨ ᠨᠢᠭᠡ ᠤᠳᠠᠭ᠎ᠠ ᠵᠢᠨ ᠲᠦᠢ᠍ᠯᠤᠨ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠵᠤ᠂ ᠰᠠᠶ᠋ᠢᠲᠤᠷ ᠤᠬᠠᠭᠤᠯᠵᠤ᠂ ᠰᠠᠶ᠋ᠢᠲᠤᠷ ᠲᠤᠭᠤᠰᠢᠯᠠᠭᠤᠯᠬᠤ ᠪᠣᠯ ᠣᠳᠣᠬᠠᠨᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨᠤ ᠴᠢᠬᠤᠯᠠ ᠶᠡᠭᠡ ᠤᠯᠤᠰ ᠲᠦᠷᠦ ᠵᠢᠨ ᠡᠭᠦᠷᠭᠡ ᠮᠥᠨ᠃ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠᠪᠠᠨ ᠨᠠᠮᠤᠨ ᠲᠥᠪ ᠬᠤᠷᠢᠶᠠᠨᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠡᠷᠡᠰ ᠭᠤᠶ᠋ᠢᠪᠢᠰᠢ ᠦᠭᠡᠢ ᠨᠢᠭᠡᠳᠬᠡᠵᠦ᠂ ᠪᠠᠶ᠋ᠢᠳᠠᠯ ᠡᠭᠦᠷᠭᠡ ᠵᠢ ᠵᠥᠪ ᠡᠵᠡᠮᠳᠡᠵᠦ᠂ ᠬᠥᠭᠵᠢᠯᠲᠡ ᠵᠢᠨ ᠢᠲᠡᠭᠡᠯᠢ ᠨᠡᠮᠡᠭᠳᠡᠭᠦᠯᠵᠦ᠂ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨᠢ ᠪᠠᠲᠤᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠬᠦᠷᠢᠶᠡᠨᠤ 《ᠠᠷᠪᠠᠨ ᠲᠠᠪᠤᠳᠤᠭ᠋ᠠᠷ ᠲᠠᠪᠤᠨ ᠵᠢᠯ》ᠤᠨ ᠲᠥᠯᠥᠪᠵᠢᠭᠦᠯᠭᠡ ᠵᠢ ᠥᠨᠳᠥᠷ ᠲᠦᠪᠰᠢᠨ ᠵᠶ᠋ᠠᠷ ᠨᠠᠶ᠋ᠢᠷᠠᠭᠤᠯᠤᠨ ᠵᠣᠬᠢᠶᠠᠵᠤ᠂ ᠡᠯ᠎ᠡ ᠵᠦᠢ᠍ᠯᠤᠨ ᠱᠠᠭ᠋ᠠᠷᠳᠠᠯᠭ᠎ᠠ ᠵᠢ ᠪᠣᠳᠠᠲᠠᠢ ᠬᠡᠷᠡᠭᠵᠢᠭᠦᠯᠵᠦ ᠪᠣᠯᠬᠤᠶ᠋ᠢᠴᠠ ᠠᠵᠢᠯᠤᠨ ᠡᠭᠦᠷᠭᠡ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠣᠯᠭ᠋ᠠᠨ ᠨᠠᠷᠢᠯᠢᠬ᠍ᠵᠢᠭᠤᠯᠵᠤ᠂ ᠣᠷᠣᠨ ᠰᠠᠭᠤᠴᠠ ᠵᠢᠨ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰᠤᠨ ᠴᠢᠨᠠᠷ ᠰᠠᠶ᠋ᠢᠲᠠᠢ ᠬᠥᠭᠵᠢᠯᠲᠡ ᠵᠢ ᠦᠨᠡᠨ ᠬᠦ᠌ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯᠠᠴᠠ᠂ ᠤᠳᠤᠠᠴᠠ ᠵᠢᠯᠤᠨ ᠡᠴᠦᠰ ᠪᠣᠯᠲᠠᠯ᠎ᠠ ᠵᠥᠪᠬᠡᠨ ᠬᠤᠶᠠᠷ ᠰᠠᠷ᠎ᠠ ᠪᠠᠶ᠋ᠢᠨ᠎ᠠ᠂ ᠬᠠᠷᠠᠯᠲᠠᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠵᠠᠬ᠎ᠠ ᠳᠡᠯᠭᠡᠭᠦᠷᠤᠨ ᠲᠣᠭᠲᠠᠭᠤᠨ ᠪᠠᠶ᠋ᠢᠳᠠᠯᠢ ᠨᠡᠩ ᠶᠡᠭᠡ ᠡᠷᠴᠢᠮ ᠵᠶ᠋ᠠᠷ ᠪᠠᠬᠢᠵᠢᠭᠦᠯᠵᠦ᠂ ᠬᠡᠷᠡᠭᠴᠡᠭᠡ ᠵᠢ ᠪᠦᠲᠦᠮᠵᠢᠲᠡᠢ ᠬᠥᠭᠵᠢᠭᠡᠵᠦ᠂ 《ᠬᠥᠮᠦᠨ ᠭᠡᠷ ᠭᠠᠵᠠᠷ ᠵᠣᠭᠤᠰ》ᠤᠨ ᠡᠯᠧᠮᠧᠨ᠋ᠲᠤᠨ ᠬᠤᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠪᠦᠷᠢᠨᠰᠢᠬᠦᠯᠵᠦ᠂ ᠤᠯᠠᠨ ᠲᠡᠰ ᠳᠠᠪᠬᠤᠷᠭ᠎ᠠ ᠵᠢᠨ ᠣᠷᠣᠨ ᠰᠠᠭᠤᠴᠠ ᠵᠢᠨ ᠪᠠᠲᠤᠯᠠᠭ᠎ᠠ ᠵᠢᠨ ᠰᠢᠰᠲ᠋ᠧᠮᠢ ᠪᠠᠶ᠋ᠢᠭᠤᠯᠵᠤ᠂ ᠠᠷᠠᠳ ᠤᠯᠠᠨᠤ ᠴᠢᠨᠠᠷ ᠰᠠᠶ᠋ᠢᠲᠠᠢ ᠣᠷᠣᠨ ᠰᠠᠭᠤᠴᠠ ᠵᠢᠨ ᠬᠡᠷᠡᠭᠴᠡᠭᠡ ᠵᠢ ᠨᠡᠩ ᠰᠠᠶ᠋ᠢᠲᠤᠷ ᠬᠠᠩᠭ᠋ᠠᠬᠤ ᠬᠡᠷᠡᠭᠲᠡᠢ᠃ ᠬᠤᠳᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠬᠤᠳᠠ ᠵᠢᠨ ᠰᠢᠨᠡᠴᠢᠯᠡᠯᠲᠡᠪᠠᠷ ᠭᠤᠣᠯ ᠰᠢᠵᠢᠮ ᠪᠣᠯᠭ᠋ᠠᠵᠤ᠂ ᠰᠠᠢ᠌ᠨ ᠭᠡᠷ ᠪᠠᠢ᠌ᠰᠢᠩ᠂ ᠰᠠᠶ᠋ᠢᠨ ᠤᠷᠤᠨ ᠰᠠᠭᠤᠴᠠ ᠵᠢᠨ ᠲᠣᠭᠤᠷᠢᠭ᠂ ᠰᠠᠶ᠋ᠢᠨ ᠨᠡᠶ᠋ᠢᠭᠡᠮ ᠲᠣᠭᠤᠷᠢᠭ᠂ ᠰᠠᠢ᠌ᠨ ᠬᠤᠳᠠ ᠵᠢᠨ ᠲᠣᠭᠤᠷᠢᠭᠤᠨ 《ᠲᠦᠷᠪᠡᠨ ᠰᠠᠶ᠋ᠢᠨ》 ᠪᠦᠳᠦᠭᠡᠨ ᠪᠠᠶ᠋ᠢᠭᠤᠯᠤᠯᠲᠠ ᠵᠢ ᠰᠢᠰᠲ᠋ᠧᠮᠲᠠᠢ ᠰᠠᠶ᠋ᠢᠲᠤᠷ ᠠᠬᠢᠭᠤᠯᠵᠤ᠂ 《ᠲᠣᠭ᠋ᠠᠴᠢᠯᠠᠭᠰᠠᠨ ᠣᠷᠣᠨ ᠰᠠᠭᠤᠴᠠ ᠵᠢᠨ ᠪᠦᠳᠦᠭᠡᠨ ᠪᠠᠶ᠋ᠢᠭᠤᠯᠤᠯᠲᠠ》 ᠵᠢᠨ ᠪᠦᠳᠦᠭᠡᠨ ᠪᠠᠶ᠋ᠢᠭᠤᠯᠤᠯᠲᠠ ᠵᠢ ᠭᠦᠨᠵᠡᠭᠡᠢ ᠠᠬᠢᠭᠤᠯᠵᠤ᠂ ᠠᠵᠢᠯ ᠲᠦᠷᠦᠯᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠲᠦᠪᠰᠢᠨᠢ ᠳᠡᠭᠡᠭᠰᠢᠯᠡᠭᠦᠯᠬᠦ ᠬᠡᠷᠡᠭᠲᠡᠢ᠃ ᠠᠷᠠᠳᠤᠨ ᠠᠮᠢᠳᠤᠷᠠᠯᠢ ᠦᠷᠭᠦᠯᠵᠢᠯᠡᠨ ᠴᠢᠩᠭ᠋ᠠᠳᠬᠠᠨ ᠰᠠᠶ᠋ᠢᠵᠢᠷᠠᠭᠤᠯᠵᠤ᠂ ᠬᠤᠳᠠ ᠪᠠᠯᠭ᠋ᠠᠰᠤᠨᠤ ᠬᠠᠭᠤᠴᠢᠨ ᠰᠠᠭᠤᠭ᠋ᠠᠯᠢ ᠠᠷᠠᠳᠤᠨ ᠲᠣᠭᠤᠷᠢᠭᠢ ᠥᠭᠡᠷᠡᠴᠢᠯᠡᠨ ᠰᠢᠨᠡᠳᠬᠡᠬᠦ᠂ ᠪᠦᠷᠢᠨ ᠪᠦᠲᠦᠨ ᠨᠡᠶ᠋ᠢᠭᠡᠮ ᠲᠣᠭᠤᠷᠢᠭᠤᠨ ᠪᠦᠳᠦᠭᠡᠨ ᠪᠠᠶ᠋ᠢᠭᠤᠯᠤᠯᠲᠠ᠂ ᠬᠤᠳᠠ ᠵᠢᠨ ᠳᠤᠮᠳᠠᠬᠢ ᠲᠣᠰᠬᠤᠨ ᠵᠡᠷᠭᠡ ᠵᠢ ᠰᠢᠨᠡᠳᠬᠡᠨ ᠥᠭᠡᠷᠡᠴᠢᠯᠡᠬᠦ᠂ ᠬᠤᠳᠠ ᠬᠥᠳᠡᠭᠡ ᠵᠢᠨ ᠬᠥᠮᠦᠰᠤᠨ ᠣᠷᠣᠰᠢᠨ ᠰᠠᠭᠤᠬᠤ ᠣᠷᠴᠢᠨ ᠲᠣᠭᠤᠷᠢᠨᠢ ᠴᠡᠭᠴᠡᠯᠡᠨ ᠵᠠᠰᠠᠬᠤ ᠵᠡᠷᠭᠡ ᠭᠤᠣᠯᠳᠠᠯᠭᠠᠲᠠᠢ ᠡᠭᠦᠷᠭᠡ ᠵᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳᠤᠨ ᠠᠮᠢᠳᠤᠷᠠᠯᠤᠨ ᠠᠯᠢ ᠤᠯᠠᠨ ᠢᠨᠵᠧᠨᠧᠷᠢᠩ᠂ ᠠᠮᠤᠷ ᠲᠦᠪᠰᠢᠨᠤ ᠢᠨᠵᠧᠨᠧᠷᠢᠩ᠂ ᠬᠥᠭᠵᠢᠯᠲᠡ ᠵᠢᠨ ᠢᠨᠵᠧᠨᠧᠷᠢᠩᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠡᠷᠡᠭᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃
ᠬᠤᠷᠠᠯᠠᠴᠠ ᠪᠠᠰᠠ ᠪᠤᠰᠤᠳ ᠵᠦᠢ᠍ᠯᠢ ᠰᠤᠳᠤᠯᠵᠠᠢ᠃