11 ᠳ᠋ᠤᠭᠡᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃
ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠤᠨ ᠭᠤᠸᠠᠩᠳᠦ᠋ᠩ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠣᠶ᠋ᠢᠯᠠᠭ᠋ᠠᠵᠤ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠦᠴᠦᠯᠡᠬᠦ ᠴᠡᠭ ᠪᠠ ᠭᠠᠷᠳᠠᠬᠤ ᠴᠡᠭ᠎ᠢ ᠣᠨᠣᠪᠴᠢᠲᠠᠢ ᠣᠯᠵᠤ᠂ ᠡᠯ᠎ᠡ ᠵᠦᠢ᠍ᠯ᠎ᠤᠨ ᠭᠤᠣᠯᠳᠠᠯᠭ᠎ᠠ᠎ᠲᠠᠢ ᠡᠭᠦᠷᠭᠡ ᠵᠢ ᠡᠷᠡᠰ ᠭᠤᠶ᠋ᠢᠪᠢᠰᠢ ᠦᠭᠡᠢ᠂ ᠯᠠᠪᠳᠠᠭᠤᠨ ᠪᠠᠲᠤᠲᠠᠢ ᠡᠮᠬᠢ ᠵᠢᠷᠤᠮ᠎ᠲᠠᠢ ᠠᠬᠢᠭᠤᠯᠬᠤ ᠬᠡᠷᠡᠭᠲᠡᠢ᠃ ᠰᠡᠬᠦᠯ ᠬᠤᠷᠢᠶᠠᠬᠤ ᠱᠠᠲᠤᠨ᠎ᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠠᠳᠬᠤᠵᠤ᠂ ᠣᠨ᠎ᠤ ᠡᠭᠦᠷᠭᠡ᠎ᠪᠠᠨ ᠪᠦᠬᠦ ᠲᠠᠯ᠎ᠠ᠎ᠪᠠᠷ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃ ᠶᠡᠷᠦᠩᠬᠡᠢ ᠤᠯᠤᠰ᠎ᠤᠨ ᠠᠮᠤᠷ ᠲᠦᠪᠰᠢᠨ᠎ᠤ ᠦᠵᠡᠯᠲᠡ ᠵᠢ ᠭᠦᠨᠵᠡᠭᠡᠢ ᠲᠤᠭᠤᠰᠢᠯᠠᠭᠤᠯᠵᠤ᠂ ᠡᠯ᠎ᠡ ᠭᠠᠵᠠᠷ᠎ᠢ ᠰᠢᠮᠳᠠᠭᠤᠯᠵᠤ ᠪᠠᠶ᠋ᠢᠭ᠋ᠠᠳ ᠬᠤᠲᠠ ᠪᠠᠯᠭ᠋ᠠᠰᠤᠨ᠎ᠤ ᠢᠯᠴᠢ ᠬᠠᠩᠭ᠋ᠠᠬᠤ ᠪᠠᠲᠤᠯᠠᠭ᠎ᠠ᠂ ᠠᠶᠦᠯᠭᠦᠢ ᠦᠢ᠍ᠯᠡᠳᠪᠦᠷᠢᠯᠡᠯ᠂ ᠬᠦᠯᠦᠰᠦᠨ ᠠᠵᠢᠯᠴᠢᠳ᠎ᠤᠨ ᠴᠠᠯᠢᠩ᠎ᠢ ᠥᠭᠬᠦ ᠵᠡᠷᠭᠡ ᠵᠢᠯ᠎ᠤᠨ ᠡᠴᠦᠰ᠎ᠤᠨ ᠭᠤᠤᠯᠳᠠᠯᠭ᠎ᠠ᠎ᠲᠠᠢ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂ ᠡᠷᠲᠡ ᠢᠯᠡᠷᠡᠭᠦᠯᠵᠦ᠂ ᠡᠷᠲᠡ ᠰᠢᠢ᠍ᠳᠪᠦᠷᠢᠯᠡᠵᠦ᠂ ᠠᠶᠤᠯ ᠲᠦᠭᠰᠢᠭᠦᠷᠢ ᠵᠢᠨ ᠭᠡᠮ ᠰᠣᠭᠤᠭ᠎ᠢ ᠪᠦᠬᠦ ᠬᠦᠴᠦᠨ ᠵᠶ᠋ᠠᠷ ᠵᠶ᠋ᠠᠨ ᠰᠡᠷᠭᠡᠶ᠋ᠢᠯᠡᠨ ᠠᠷᠢᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠠᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠤᠯᠴᠠᠨ ᠤᠬᠠᠭᠤᠯᠬᠤ ᠡᠷᠴᠢᠮ ᠵᠶ᠋ᠠᠨ ᠴᠢᠩᠭ᠋ᠠᠳᠬᠠᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠪᠥᠬᠦᠳᠡ ᠬᠤᠷᠠᠯ᠎ᠤᠨ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠲᠡᠶ᠃ ᠲᠥᠪ᠎ᠤᠨ ᠬᠤᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠲᠠᠢ ᠤᠶᠠᠯᠳᠤᠭᠤᠯᠤᠨ᠂ ᠭᠤᠤᠯᠳᠠᠯᠭ᠎ᠠ᠎ᠲᠠᠢ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠳᠬᠡᠨ ᠪᠠᠶ᠋ᠢᠭᠤᠯᠵᠤ᠂ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ ᠬᠤᠪᠢᠷᠠᠭᠤᠯᠤᠨ ᠲᠠᠰ ᠲᠡᠪᠰᠢᠭᠦᠯᠬᠦ ᠵᠢ ᠠᠬᠢᠭᠤᠯᠤᠨ᠂ 《ᠰᠠᠶ᠋ᠢᠨ ᠬᠡᠷ ᠪᠠᠶ᠋ᠢᠰᠢᠩ᠂ ᠰᠠᠶ᠋ᠢᠨ ᠤᠷᠤᠨ ᠰᠠᠭᠤᠴᠠ ᠵᠢᠨ ᠲᠣᠭᠤᠷᠢᠭ᠂ ᠰᠠᠶ᠋ᠢᠨ ᠨᠡᠶ᠋ᠢᠭᠡᠮ ᠲᠣᠭᠤᠷᠢᠭ᠂ ᠰᠠᠶ᠋ᠢᠨ ᠬᠤᠲᠠ》 ᠵᠢᠨ ᠪᠥᠲᠥᠭᠡᠨ ᠪᠠᠶ᠋ᠢᠭᠤᠯᠤᠯᠲᠠ ᠵᠢ ᠰᠢᠰᠲ᠋ᠧᠮ᠎ᠲᠠᠢ ᠠᠬᠢᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠠᠵᠢᠯ ᠦᠢ᠍ᠯᠡᠰ ᠡᠷᠭᠢᠯᠡᠬᠦ᠎ᠳᠤ ᠲᠣᠬᠢᠷᠠᠮᠵᠢᠲᠠᠶ᠂ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠥᠲᠥᠭᠡᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠣᠷᠣᠨ ᠰᠠᠭᠤᠴᠠ ᠵᠢᠨ ᠪᠥᠲᠥᠭᠡᠨ ᠪᠠᠶ᠋ᠢᠭᠤᠯᠤᠯᠲᠠ ᠵᠢᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ᠃ ᠣᠷᠣᠨ ᠰᠠᠭᠤᠴᠠ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠵᠢ ᠪᠤᠳᠠᠳᠠᠢ᠌ᠵᠢᠭᠤᠯᠬᠤ ᠵᠢ ᠰᠦᠪᠡᠭᠴᠢᠯᠡᠵᠦ᠂ ᠲᠥᠯᠥᠪᠵᠢᠭᠦᠯᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠨᠠᠶ᠋ᠢᠷᠠᠭᠤᠯᠤᠨ ᠵᠣᠬᠢᠶᠠᠬᠤ ᠡᠭᠦᠷᠭᠡ᠎ᠪᠠᠨ ᠴᠠᠭ ᠲᠤᠬᠠᠶ᠎ᠳᠤᠨᠢ ᠴᠢᠨᠠᠷ ᠰᠠᠶ᠋ᠢᠲᠠᠶ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃