ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠴᠢ ᠲᠠᠪᠤᠳᠤᠭ᠋ᠠᠷ ᠬᠤᠭᠤᠴᠠᠭ᠋ᠠᠨ᠎ᠤ ᠲᠢᠩᠬᠢᠮ᠎ᠤᠨ ᠰᠢᠰᠲ᠋ᠧᠮ᠎ᠤᠨ ᠵᠠᠯᠠᠭᠤ ᠺᠠᠳ᠋ᠷᠴᠤᠳ᠎ᠤᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠬᠢᠯᠡᠪᠡ
2025-12-09

ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠠᠯᠠᠭᠤ ᠺᠠᠳ᠋ᠷᠴᠤᠳ᠎ᠤᠨ ᠲᠤᠬᠠᠶ ᠬᠤᠯᠪᠣᠭᠳᠠᠯ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ᠎ᠪᠠᠷ ᠠᠵᠢᠯ᠎ᠳᠤ ᠤᠷᠤᠭᠰᠠᠨ ᠺᠠᠳ᠋ᠷᠴᠤᠳ᠎ᠤᠨ ᠤᠯᠤᠰ ᠲᠥᠷᠥ ᠣᠨᠣᠯ ᠬᠡᠪ ᠪᠣᠯᠪᠠᠰᠤᠷᠠᠯ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ 12 ᠳ᠋ᠤᠭ᠋ᠠᠷ ᠰᠠᠷ᠎ᠠ ᠵᠢᠨ 5᠎ᠤ ᠡᠳᠦᠷ᠎ᠠᠴᠠ 6᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ ᠥᠪᠥᠷ ᠮᠣᠩᠭᠤᠯ᠎ᠤᠨ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ᠎ᠳᠤ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠴᠢ ᠲᠠᠪᠤᠳᠤᠭ᠋ᠠᠷ ᠬᠤᠭᠤᠴᠠᠭ᠋ᠠᠨ᠎ᠤ ᠲᠢᠩᠬᠢᠮ᠎ᠤᠨ ᠰᠢᠰᠲ᠋ᠧᠮ᠎ᠤᠨ ᠵᠠᠯᠠᠭᠤ ᠺᠠᠳ᠋ᠷᠴᠤᠳ᠎ᠤᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ ᠡᠷᠭᠢᠯᠡᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠾᠧ ᠠᠩᠭᠢ ᠡᠬᠢᠯᠡᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠢᠩᠬᠢᠮ᠎ᠤᠨ ᠰᠢᠰᠲ᠋ᠧᠮ᠎ᠤᠨ ᠣᠶ᠋ᠢᠷ᠎ᠠ ᠵᠢᠨ ᠬᠤᠶᠠᠷ ᠵᠢᠯ᠎ᠳᠤ ᠰᠢᠨ᠎ᠡ᠎ᠪᠠᠷ ᠠᠵᠢᠯ᠎ᠳᠤ ᠤᠷᠤᠭᠰᠠᠨ 50 ᠭᠠᠷᠤᠶ ᠵᠠᠯᠠᠭᠤ ᠺᠠᠳ᠋ᠷ ᠪᠤᠯᠪᠠᠰᠤᠷᠠᠯ᠎ᠳᠤ ᠤᠷᠤᠯᠴᠠᠵᠠᠢ᠂ 6 ᠲᠥᠯᠥᠭᠡᠯᠡᠭᠴᠢ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠪᠠ᠃

ᠵᠠᠩ ᠾᠧ᠂ ᠵᠠᠯᠠᠭᠤ ᠺᠠᠳ᠋ᠷᠴᠤᠳ ᠤᠯᠤᠰ ᠲᠦᠷᠦ ᠵᠢᠨ ᠲᠠᠯ᠎ᠠ᠎ᠪᠠᠷ ᠨᠠᠶ᠋ᠢᠳᠠᠪᠤᠷᠢᠲᠠᠢ᠂ ᠴᠢᠳᠠᠪᠤᠷᠢ᠎ᠪᠠᠷ ᠲᠤᠪᠤᠶ᠋ᠢᠮ᠎ᠠ᠂ ᠣᠪᠣᠷ ᠰᠤᠷᠲᠠᠯ ᠵᠶ᠋ᠠᠷ ᠪᠠᠲᠤ ᠴᠢᠩᠭ᠎ᠠ ᠰᠢᠨ᠎ᠡ ᠴᠠᠭ ᠦᠶ᠎ᠡ ᠵᠢᠨ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠭᠤᠣᠯᠯᠠᠭᠴᠢ ᠪᠤᠯᠵᠤ ᠲᠦᠷᠭᠡᠨ ᠪᠤᠶ᠋ᠢᠵᠢᠬᠤ ᠬᠡᠷᠡᠭᠲᠡᠢ᠃ ᠨᠢᠭᠡ᠎ᠳᠤ᠂ ᠰᠤᠷᠤᠯᠴᠠᠯᠭ᠎ᠠ᠎ᠪᠠᠷ ᠰᠦᠭ ᠰᠦᠨᠡᠰᠦ ᠵᠢ ᠱᠤᠭᠤᠵᠤ᠂ ᠤᠯᠤᠰ ᠲᠦᠷᠦ ᠵᠢᠨ ᠦᠨᠡᠨᠴᠢ ᠰᠢᠳᠤᠷᠭᠤ ᠵᠢ ᠪᠠᠲᠤᠳᠬᠠᠬᠤ ᠬᠡᠷᠡᠭᠲᠡᠢ᠃ ᠶᠡᠷᠦᠩᠬᠡᠢ ᠱᠦᠵᠢ ᠰᠢ᠎ᠵᠢᠨ᠎ᠫᠢᠩ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠨᠠᠷᠢᠨ ᠣᠶ᠋ᠢᠯᠠᠭ᠋ᠠᠵᠤ᠂ 《ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠷᠠᠳ᠎ᠤᠨ ᠲᠥᠯᠥᠭᠡ ᠪᠠᠶ᠋ᠢᠬᠤ》 ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠢᠮᠠᠭᠲᠠ ᠪᠠᠲᠤ ᠴᠡᠭᠡᠵᠢᠯᠡᠬᠦ ᠬᠡᠷᠡᠭᠲᠡᠢ᠃ ᠬᠤᠶᠠᠷ᠎ᠲᠤ᠂ ᠰᠤᠷᠤᠯᠴᠠᠯᠭ᠎ᠠ᠎ᠪᠠᠷ ᠤᠶᠤᠨ ᠤᠬᠠᠭ᠋ᠠᠨ ᠵᠶ᠋ᠠᠨ ᠨᠡᠮᠡᠭᠳᠡᠭᠦᠯᠵᠦ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ 《ᠦᠪᠡᠷ᠎ᠤᠨ ᠵᠶ᠋ᠡᠨ᠎ᠳᠡᠭᠡᠨ ᠬᠠᠨᠤᠮᠵᠢ ᠦᠭᠡᠢ》 ᠰᠡᠳᠬᠢᠴᠡ ᠵᠢᠨ ᠪᠠᠶ᠋ᠢᠳᠠᠯ᠎ᠢ ᠪᠠᠲᠤᠯᠠᠵᠤ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠭᠤᠤᠯᠳᠠᠯᠭ᠎ᠠ᠎ᠲᠠᠢ ᠡᠭᠦᠷᠭᠡ ᠵᠢᠨ ᠲᠣᠭᠤᠷᠢᠨ᠎ᠳᠤ ᠨᠢᠭᠡ ᠰᠡᠳᠬᠢᠯ ᠵᠶ᠋ᠠᠷ ᠰᠢᠮᠳᠠᠨ ᠰᠤᠳᠤᠯᠵᠤ᠂ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ ᠭᠤᠷᠪᠠ᠎ᠳᠤ᠂ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠴᠢᠩᠭ᠋ᠠᠳᠬᠠᠬᠤ ᠬᠡᠷᠡᠭᠲᠡᠢ᠃ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ᠂ ᠠᠵᠢᠯ ᠲᠦᠷᠦᠯ᠎ᠤᠨ ᠬᠥᠭᠵᠢᠯᠲᠡ ᠵᠢ ᠠᠬᠢᠭᠤᠯᠬᠤ ᠡᠮᠦᠨ᠎ᠡ ᠹᠷᠣᠨᠲ᠎ᠲᠤ ᠬᠠᠷᠢᠭᠤᠴᠠᠯᠭ᠎ᠠ ᠡᠭᠦᠷᠭᠡᠯᠡᠵᠦ᠂ ᠵᠠᠯᠠᠭᠤ ᠨᠠᠰᠤᠨ᠎ᠤ ᠬᠦᠴᠦᠨ ᠴᠢᠳᠠᠯ᠎ᠢ ᠢᠯᠡᠷᠡᠭᠦᠯᠦᠨ᠎ᠡ᠃ ᠲᠦᠷᠪᠡ᠎ᠳᠤ᠂ ᠰᠤᠷᠤᠯᠴᠠᠯᠭ᠎ᠠ᠎ᠪᠠᠷ ᠰᠤᠷᠲᠠᠯ ᠵᠶ᠋ᠠᠨ ᠲᠥᠪ ᠪᠣᠯᠭ᠋ᠠᠵᠤ᠂ ᠠᠷᠢᠭᠤᠨ ᠴᠢᠬᠡᠴᠢ ᠵᠢᠨ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠰᠠᠬᠢᠯᠭ᠎ᠠ ᠪᠠᠲᠤ ᠶᠣᠰᠣ ᠳᠦᠷᠢᠮ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠺᠠᠳ᠋ᠷ᠎ᠤᠨ ᠠᠷᠢᠭᠤᠨ ᠴᠢᠬᠡᠴᠢ ᠪᠣᠳᠠᠲᠠᠢ ᠵᠢ ᠡᠷᠬᠢᠮᠯᠡᠬᠦ ᠰᠠᠶ᠋ᠢᠨ ᠰᠠᠶ᠋ᠢᠬᠠᠨ ᠲᠦᠷᠢ ᠲᠥᠷᠬᠦ ᠵᠢ ᠬᠠᠮᠠᠭ᠋ᠠᠯᠠᠬᠤ ᠬᠡᠷᠡᠭᠳᠡᠢ ᠭᠡᠵᠦ ᠴᠢᠬᠤᠯᠠᠴᠢᠯᠠᠪᠠ᠃

ᠲᠤᠰ ᠤᠳᠠᠭ᠎ᠠ ᠵᠢᠨ ᠪᠣᠯᠪᠠᠰᠤᠷᠠᠯ᠎ᠨᠢ ᠣᠳᠣᠬᠠᠨ᠎ᠤ ᠪᠠᠶ᠋ᠢᠳᠠᠯ ᠪᠣᠯᠤᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠭᠤᠯᠵᠤ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠂ ᠲᠥᠪ᠎ᠤᠨ ᠬᠤᠳᠠ ᠵᠢᠨ ᠠᠵᠢᠯ᠎ᠤᠨ ᠬᠤᠷᠠᠯ᠎ᠤᠨ ᠲᠠᠶ᠋ᠢᠯᠤᠮᠵᠢ ᠵᠢᠴᠢ ᠬᠤᠳᠠ ᠵᠢᠨ ᠰᠢᠨᠡᠴᠢᠯᠡᠯᠲᠡ ᠵᠢᠨ ᠦᠷᠭᠦᠯᠵᠢᠯᠡᠬᠦ ᠵᠠᠭᠪᠤᠷ᠎ᠢ ᠬᠠᠶ᠋ᠢᠨ ᠰᠦᠪᠡᠭᠴᠢᠯᠡᠬᠦ᠂ ᠪᠢᠴᠢᠭ ᠮᠠᠲ᠋ᠧᠷᠢᠶᠠᠯ᠎ᠢ ᠲᠤᠭᠤᠷᠪᠢᠵᠤ ᠬᠢᠨᠠᠨ ᠬᠠᠷᠭᠤᠭᠤᠯᠬᠤ ᠠᠵᠢᠯ᠎ᠢ ᠴᠢᠨᠠᠷ ᠰᠠᠶ᠋ᠢᠲᠠᠢ ᠰᠠᠶ᠋ᠢᠲᠤᠷ ᠬᠢᠬᠦ᠂ ᠭᠡᠷ ᠪᠠᠶ᠋ᠢᠰᠢᠩ ᠬᠤᠳᠠ ᠵᠢᠨ ᠶᠠᠪᠤᠳᠠᠯ᠎ᠤᠨ ᠢᠨᠵᠧᠨᠧᠷᠢᠩ᠎ᠤᠨ ᠶᠠᠰᠤ ᠴᠢᠨᠠᠷ᠎ᠤᠨ ᠪᠦᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠬᠠᠮᠢᠶᠠᠷᠤᠯᠲᠠ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯ ᠲᠦᠷᠦᠯ᠎ᠤᠨ ᠲᠡᠦᠬᠡ ᠵᠢᠨ ᠤᠯᠠᠷᠢᠯ ᠬᠤᠪᠢᠰᠤᠯ ᠵᠡᠷᠭᠡ ᠲᠤᠰᠬᠠᠢ ᠰᠡᠳᠦᠪᠲᠦ ᠬᠢᠴᠢᠶᠡᠯ ᠲᠤᠬᠢᠷᠠᠭᠤᠯᠪᠠ᠃

ᠪᠣᠯᠪᠠᠰᠤᠷᠠᠯ᠎ᠨᠢ ᠵᠠᠯᠠᠭᠤ ᠺᠠᠳ᠋ᠷᠴᠤᠳ᠎ᠤᠨ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠲᠤᠪᠤᠶ᠋ᠢᠯᠭ᠋ᠠᠬᠤ ᠵᠢᠨ ᠬᠠᠮᠲᠤ᠂ ᠨᠠᠮ᠎ᠤᠨ ᠪᠠᠶ᠋ᠢᠭᠤᠯᠤᠯᠲᠠ ᠵᠢᠨ ᠬᠦᠳᠦᠯᠦᠨ ᠳᠠᠭ᠋ᠠᠭᠤᠯᠬᠤ ᠪᠠ ᠬᠠᠷᠢᠯᠴᠠᠨ ᠬᠠᠪᠰᠤᠷᠴᠤ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠪᠠ᠃ 《ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠤᠯᠭ᠋ᠠᠶ᠎ᠠ》 ᠲᠤᠰᠬᠠᠶ ᠰᠡᠳᠦᠪᠲᠦ ᠰᠤᠷᠤᠯᠴᠠᠯᠭ᠎ᠠ ᠵᠢᠨ ᠭᠤᠭᠴᠤᠭ᠎ᠠ᠎ᠳᠤ᠂ ᠲᠢᠩᠬᠢᠮ᠎ᠤᠨ ᠰᠢᠰᠲ᠋ᠧᠮ᠎ᠤᠨ 32 ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠷᠢᠭᠤᠴᠠᠯᠭ᠋ᠠᠲᠠᠨ ᠪᠠ ᠨᠠᠮ᠎ᠤᠨ ᠪᠠᠶ᠋ᠢᠭᠤᠯᠤᠯᠲᠠ ᠵᠢᠨ ᠲᠤᠰᠠᠯᠠᠭᠴᠢ ᠬᠠᠮᠲᠤ ᠪᠣᠯᠪᠠᠰᠤᠷᠠᠯ᠎ᠳᠤ ᠣᠷᠣᠯᠴᠠᠵᠤ᠂ ᠵᠠᠯᠠᠭᠤ ᠺᠠᠳ᠋ᠷ ᠬᠢᠭᠡᠳ ᠨᠠᠮ᠎ᠤᠨ ᠪᠠᠶ᠋ᠢᠭᠤᠯᠤᠯᠲᠠ ᠵᠢᠨ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ ᠬᠦᠴᠦᠨ᠎ᠤ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠵᠢ ᠠᠬᠢᠭᠤᠯᠵᠤ᠂ ᠲᠢᠩᠬᠢᠮ᠎ᠤᠨ ᠰᠢᠰᠲ᠋ᠧᠮ᠎ᠤᠨ ᠺᠠᠳ᠋ᠷᠴᠤᠳ᠎ᠤᠨ ᠠᠵᠢᠯ ᠬᠢᠵᠦ ᠠᠳᠠᠯ ᠦᠢ᠍ᠯᠡᠰ ᠴᠣᠭᠴᠠᠯᠠᠬᠤ ᠨᠢᠭᠲᠠᠷᠠᠯ᠎ᠤᠨ ᠬᠦᠴᠦᠨ᠎ᠢ ᠴᠢᠩᠭ᠋ᠠᠷᠠᠭᠤᠯᠪᠠ᠃

ᠪᠣᠯᠪᠠᠰᠤᠷᠠᠯ᠎ᠤᠨ ᠬᠤᠭᠤᠴᠠᠭ᠋ᠠᠨ᠎ᠳᠤ ᠪᠠᠰᠠ ᠵᠠᠯᠠᠭᠤ ᠺᠠᠳ᠋ᠷᠴᠤᠳ᠎ᠤᠨ ᠨᠣᠮ ᠤᠩᠰᠢᠵᠤ ᠬᠤᠪᠢᠶᠠᠯᠴᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠰᠤᠷᠤᠭᠴᠢᠳ᠎ᠤᠨ ᠲᠥᠯᠥᠭᠡᠯᠡᠭᠴᠢᠳ ᠲᠠᠨᠢᠯᠴᠠᠭᠤᠯᠬᠤ ᠪᠢᠴᠢᠭ᠎ᠤᠨ ᠭᠠᠷᠴᠠᠭ᠎ᠤᠨ ᠲᠣᠭᠤᠷᠢᠨ᠎ᠳᠤ᠂ ᠠᠵᠢᠯ᠎ᠤᠨ ᠪᠣᠳᠠᠲᠤ ᠪᠠᠶ᠋ᠢᠳᠠᠯ ᠪᠠ ᠦᠰᠦᠨ ᠪᠤᠢ᠌ᠵᠢᠬᠤ ᠪᠤᠳᠤᠯᠬᠢᠯᠠᠯ᠎ᠲᠠᠢ᠎ᠪᠠᠨ ᠤᠶᠠᠯᠳᠤᠭᠤᠯᠤᠨ᠂ ᠤᠩᠰᠢᠯᠭ᠎ᠠ ᠵᠢᠨ ᠣᠯᠤᠯᠲᠠ ᠲᠥᠷᠥᠭᠳᠡᠯ ᠵᠶ᠋ᠠᠨ ᠬᠤᠪᠢᠶᠠᠯᠴᠠᠵᠤ᠂ ᠦᠵᠡᠯ ᠰᠠᠨᠠᠭ᠎ᠠ᠎ᠪᠠᠨ ᠰᠤᠯᠢᠯᠴᠠᠨ᠂ ᠰᠢᠮᠳᠠᠨ ᠰᠤᠷᠤᠯᠴᠠᠵᠤ ᠴᠢᠳᠠᠮᠠᠭ᠋ᠠᠶ᠎ᠪᠠᠷ ᠰᠡᠳᠬᠢᠬᠦ᠂ ᠢᠳᠡᠪᠬᠢᠲᠡᠶ᠎ᠪᠠᠷ ᠥᠭᠡᠳᠡᠯᠡᠨ ᠳᠠᠪᠰᠢᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠪᠤᠯᠪᠠᠰᠤᠷᠠᠯ᠎ᠳᠤ ᠣᠷᠣᠯᠴᠠᠬᠤ ᠬᠡᠮᠵᠢᠶ᠎ᠡ ᠪᠠ ᠪᠣᠳᠠᠲᠤ ᠦᠷ᠎ᠡ ᠪᠦᠲᠦᠮᠵᠢᠲᠦ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

ᠰᠤᠷᠤᠭᠴᠢᠳ᠂ ᠲᠤᠰ ᠤᠳᠠᠭ᠎ᠠ ᠵᠢᠨ ᠪᠣᠯᠪᠠᠰᠤᠷᠠᠯ ᠪᠣᠯ ᠦᠵᠡᠯ ᠰᠠᠨᠠᠭ᠋ᠠᠨ᠎ᠤ ᠳᠠᠪᠲᠠᠯᠲᠠ ᠪᠣᠯᠬᠤ᠎ᠪᠠᠷ ᠪᠠᠷᠠᠬᠤ ᠦᠭᠡᠢ ᠪᠠᠰᠠ ᠴᠤ᠌ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠤᠯᠭᠤᠭᠰᠠᠨ ᠬᠤᠷᠠᠯ ᠪᠤᠯᠤᠨ᠎ᠠ᠂ ᠪᠣᠯᠪᠠᠰᠤᠷᠠᠯ ᠵᠶ᠋ᠠᠷ ᠰᠢᠨ᠎ᠡ ᠭᠠᠷᠤᠭ᠎ᠠ ᠪᠣᠯᠭ᠋ᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠠᠨ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ ᠴᠤᠭ ᠪᠠᠳᠠᠷᠠᠩᠭᠤᠶ ᠲᠡᠮᠡᠴᠡᠯ᠎ᠤᠨ ᠵᠣᠷᠢᠭ ᠵᠶ᠋ᠠᠷ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠳᠤᠮᠳᠠ ᠰᠢᠨ᠎ᠡ ᠡᠭᠦᠷᠭᠡᠯᠡᠯ ᠵᠶ᠋ᠠᠨ ᠢᠯᠡᠷᠡᠭᠦᠯᠵᠦ᠂ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠶ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠢ ᠪᠦᠲᠦᠭᠡᠨ ᠪᠠᠶ᠋ᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ