ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
2025-07-03

7 ᠳ᠋ᠤᠭ᠋ᠠᠷ ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ ( ᠥᠷᠭᠡᠳᠬᠡᠭᠰᠡᠨ )᠎ᠤᠨ ᠬᠤᠷᠠᠯ ᠬᠤᠷᠠᠯᠳᠤᠭᠤᠯᠵᠤ᠂ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠤᠯᠤᠰ ᠲᠥᠷᠥ ᠵᠢᠨ ᠲᠣᠪᠴᠢᠶᠠᠨ᠎ᠤ ᠬᠤᠷᠠᠯ ᠲᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠢᠩᠬᠢᠮ᠎ᠤᠨ ᠰᠢᠰᠲ᠋ᠧᠮ᠎ᠤᠨ ᠡᠭᠦᠷᠭᠡᠯᠡᠵᠦ ᠪᠦᠬᠦᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠪᠠ ᠲᠢᠩᠬᠢᠮ᠎ᠤᠨ ᠰᠢᠰᠲ᠋ᠧᠮ᠎ᠤᠨ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ᠂ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠣᠯᠪᠣᠭᠳᠠᠯ ᠪᠦᠬᠦᠢ ᠪᠠᠢ᠌ᠳᠠᠯ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ᠂ ᠥᠪᠡᠷᠲᠡᠭᠡᠨ ᠵᠠᠰᠠᠬᠤ ᠣᠷᠣᠨ᠎ᠤ 《 ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭ᠋ᠠᠨ 》᠎ᠤ ᠠᠰᠠᠭᠤᠳᠠᠯ᠎ᠢ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠬᠦ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ ᠵᠢ ᠨᠠᠩ ᠰᠢᠨᠵᠢᠯᠡᠬᠦ ᠤᠬᠠᠭ᠋ᠠᠨᠴᠢ ᠪᠥᠭᠡᠳ ᠵᠢᠷᠤᠮᠵᠢᠭᠤᠨ᠂ ᠠᠵᠢᠯᠯᠠᠭ᠋ᠠᠨ᠎ᠢ ᠨᠠᠩ ᠲᠦᠭᠦᠮ ᠨᠡᠩ ᠰᠢᠯᠢᠳᠡᠭ ᠪᠥᠭᠡᠳ ᠥᠨᠳᠥᠷ ᠪᠦᠲᠦᠮᠵᠢᠲᠡᠶ ᠪᠣᠯᠭ᠋ᠠᠬᠤ ᠵᠢ ᠠᠬᠢᠭᠤᠯᠤᠨ᠎ᠠ᠃ ᠲᠣᠭᠲᠠᠮᠠᠯ ᠬᠤᠭᠤᠴᠠᠭ᠎ᠠ᠎ᠲᠠᠢ᠎ᠪᠠᠷ ᠲᠥᠪᠯᠡᠷᠡᠭᠦᠯᠦᠨ ᠢᠯᠭ᠋ᠠᠷᠠᠭᠤᠯᠬᠤ ᠪᠠ ᠣᠷᠳᠣ ᠬᠤᠭᠤᠴᠠᠭ᠎ᠠ᠎ᠪᠠᠷ ᠵᠢᠷᠤᠮᠵᠢᠭᠤᠯᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢᠨ ᠠᠵᠢᠯᠯᠠᠭ᠋ᠠᠨ᠎ᠤ ᠳᠦᠷᠢᠮ ᠵᠶ᠋ᠡᠨ ᠪᠦᠷᠢᠨᠰᠢᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ᠌ᠯᠠᠨ᠂ ᠵᠣᠬᠢᠶᠠᠨ ᠪᠠᠢ᠌ᠭᠤᠯᠵᠤ ᠵᠣᠬᠢᠴᠠᠭᠤᠯᠬᠤ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠬᠠᠮᠢᠶ᠎ᠠ ᠪᠦᠬᠦᠢ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠢ; ᠡᠮᠬᠢᠯᠡᠨ ᠨᠡᠢ᠌ᠯᠡᠭᠦᠯᠵᠦ ᠬᠦᠴᠦᠨ ᠦᠭᠡᠢ ᠪᠣᠯᠭ᠋ᠠᠭᠰᠠᠨ ᠪᠠᠢ᠌ᠪᠠᠯ᠂ ᠬᠠᠮᠢᠶ᠎ᠠ ᠪᠦᠬᠦᠢ ᠭᠠᠵᠠᠷ ᠲᠠᠰᠤᠭ᠎ᠨᠢ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠡᠭᠦᠷᠭᠡ ᠵᠢ ᠳᠠᠭ᠋ᠠᠭ᠋ᠠᠨ ᠵᠣᠯᠭ᠋ᠠᠭᠤᠯᠬᠤ ᠵᠢ ᠰᠠᠢ᠌ᠲᠤᠷ ᠬᠢᠵᠦ᠂ ᠠᠵᠢᠯ᠎ᠤᠨ ᠦᠷᠭᠦᠯᠵᠢᠯᠡᠯᠲᠦ ᠴᠢᠨᠠᠷ᠎ᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪᠡᠳ᠎ᠤᠨ ᠯᠢᠨ ᡁᠢ ᠬᠤᠲᠠ ᠵᠢᠨ ᠪᠠ ᠢ ᠲᠣᠭᠣᠷᠢᠭ᠎ᠤᠨ ᠯᠢᠨ ᡁᠢ ᠪᠠᠯᠭ᠋ᠠᠰᠤᠨ᠎ᠤ ᠭᠠᠯ ᠲᠣᠰᠬᠣᠨ᠎ᠤ ᠪᠦᠬᠦ ᠠᠷᠠᠳ᠎ᠲᠤ ᠥᠭᠭᠦᠭᠰᠡᠨ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ 《 ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠲᠡᠦᠬᠡ ᠵᠢᠨ ᠠᠭᠤᠤ ᠦᠢ᠍ᠯᠡᠰ᠎ᠢ ᠡᠭᠦᠳᠦᠨ ᠪᠦᠲᠦᠭᠡᠬᠦ᠎ᠳᠤ ᠵᠠᠪᠠᠯ ᠶᠠᠪᠤᠬᠤ ᠵᠠᠮ ᠮᠥᠨ 》 ᠭᠡᠰᠡᠨ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ 《 ᠬᠣᠶᠠᠷ᠎ᠢ ᠲᠤᠭᠳᠠᠭ᠋ᠠᠭᠰᠠᠨ 》᠎ᠢ ᠡᠷᠡᠰ ᠬᠦᠷᠢᠶᠡᠯᠡᠵᠦ᠂ 《 ᠬᠣᠶᠠᠷ᠎ᠢ ᠬᠦᠷᠢᠶᠡᠯᠡᠬᠦ 》 ᠵᠢ ᠡᠷᠡᠰ ᠪᠡᠶᠡᠯᠡᠭᠦᠯᠵᠦ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠦᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠵᠢᠯ᠎ᠤᠨ ᠭᠣᠣᠯ ᠱᠤᠭᠤᠮ᠎ᠢ ᠪᠡᠬᠢᠵᠢᠭᠦᠯᠬᠦ ᠠᠵᠢᠯ᠎ᠤᠨ ᠵᠣᠷᠢᠭ ᠰᠠᠨᠠᠭ᠎ᠠ ᠵᠢ ᠦᠨᠡᠨᠬᠦ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠎ᠪᠠᠷ ᠴᠠᠭ ᠦᠶ᠎ᠡ ᠵᠢᠨ ᠬᠠᠷᠢᠭᠤᠯᠲᠠ ᠵᠢᠨ ᠬᠠᠭᠤᠳᠠᠰᠤ ᠵᠢ ᠪᠢᠴᠢᠭᠯᠡᠵᠦ᠂ ᠯᠠᠪᠳᠠᠭᠤᠨ ᠪᠠᠲᠤᠲᠠᠢ ᠠᠮᠵᠢᠯᠲᠠ ᠪᠦᠲᠦᠮᠵᠢ᠎ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠲᠠᠢ᠌ᠯᠪᠤᠷᠢᠯᠠᠵᠤ᠂ ᠨᠡᠩ ᠪᠣᠳᠠᠲᠠᠢ ᠵᠢ ᠡᠷᠬᠢᠮᠯᠡᠭᠰᠡᠨ ᠥᠨᠳᠥᠷ ᠪᠦᠲᠦᠮᠵᠢᠲᠡᠢ ᠠᠷᠭ᠎ᠠ ᠬᠡᠮᠵᠢᠶ᠎ᠡ᠎ᠪᠠᠷ ᠦᠨᠳᠦᠰᠦᠲᠡᠨ᠎ᠤ ᠪᠦᠯᠬᠦᠮᠳᠡᠯ᠂ ᠨᠡᠢ᠌ᠭᠡᠮ᠎ᠤᠨ ᠲᠣᠭᠲᠠᠭᠤᠨ᠂ ᠬᠢᠯᠢ ᠬᠢᠵᠠᠭ᠋ᠠᠷ᠎ᠤᠨ ᠠᠮᠤᠷ ᠠᠮᠤᠭᠤᠯᠠᠩ ᠪᠠᠢ᠌ᠬᠤ ᠰᠠᠢ᠌ᠨ ᠰᠠᠢ᠌ᠬᠠᠨ ᠪᠠᠢ᠌ᠳᠠᠯ᠎ᠢ ᠦᠷᠭᠦᠯᠵᠢᠯᠡᠨ ᠪᠡᠬᠢᠵᠢᠭᠦᠯᠦᠨ ᠬᠥᠭᠵᠢᠭᠦᠯᠵᠦ᠂ ᠰᠢᠯᠢᠳᠡᠭ ᠬᠢᠷᠢ ᠪᠦᠲᠦᠮᠵᠢ᠎ᠪᠠᠷ ᠨᠠᠮ ᠪᠠᠢ᠌ᠭᠤᠯᠤᠭᠳᠠᠭᠰᠠᠨ 104 ᠵᠢᠯ᠎ᠤᠨ ᠤᠢ᠎ᠳᠤ ᠪᠡᠯᠡᠭ ᠬᠦᠷᠭᠡᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠪᠠ ᠪᠦᠬᠦ ᠲᠠᠯ᠎ᠠ ᠵᠢᠨ ᠳᠡᠭᠡᠳᠦ ᠬᠡᠮᠵᠢᠶᠡᠨ᠎ᠠᠴᠠ ᠲᠣᠭᠣᠷᠢᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠴᠢᠬᠤᠯᠠᠴᠢᠯᠠᠬᠤ ᠬᠡᠷᠡᠭᠲᠡᠢ᠃ ᠴᠡᠭᠴᠡᠯᠡᠨ ᠰᠠᠢ᠌ᠵᠢᠷᠠᠭᠤᠯᠬᠤ 《 ᠨᠢᠭᠡ ᠱᠤᠭᠤᠮ 》᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠣᠭᠲᠠᠴᠠ ᠵᠢ ᠡᠷᠡᠰ ᠨᠠᠢ᠌ᠳᠠᠪᠤᠷᠢᠵᠢᠭᠤᠯᠵᠤ᠂ ᠬᠣᠯᠪᠣᠭᠳᠠᠯ ᠪᠦᠬᠦᠢ ᠠᠢ᠌ᠮᠠᠭ ᠬᠤᠳᠠ ᠵᠢ ᠱᠠᠯᠠᠪᠳᠠᠭᠤᠯᠤᠨ ᠵᠢᠯᠤᠭᠣᠳᠴᠤ᠂ ᠬᠠᠷᠢᠭᠤᠴᠠᠯᠭ᠎ᠠ ᠪᠠ ᠳᠠᠷᠤᠯᠲᠠ ᠵᠢ ᠦᠨᠡᠨᠬᠦ ᠳᠠᠮᠵᠢᠭᠤᠯᠵᠤ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠵᠣᠬᠢᠴᠠᠭᠤᠯᠤᠨ ᠠᠬᠢᠭᠤᠯᠵᠤ᠂ ᠠᠳᠠᠯᠢ ᠰᠡᠳᠦᠪ᠎ᠢ ᠬᠠᠮᠲᠤᠪᠠᠷ ᠬᠠᠷᠢᠭᠤᠯᠵᠤ᠂ ᠠᠰᠠᠭᠤᠳᠠᠯ᠎ᠢ ᠲᠤᠢ᠌ᠯᠪᠤᠷᠢᠲᠠᠢ ᠥᠭᠡᠷᠡᠴᠢᠯᠡᠬᠦ ᠵᠢ ᠪᠠᠲᠤᠯᠠᠬᠤ ᠬᠡᠷᠡᠭᠲᠡᠢ᠃ ᠪᠠᠭ᠎ᠤᠨ ᠪᠦᠷᠢᠯᠳᠦᠭᠦᠨ 《 ᠨᠢᠭᠡ ᠠᠵᠢᠯ᠎ᠤᠨ ᠪᠠᠢ᠌ᠷᠢ ᠬᠣᠶᠠᠷ ᠬᠠᠷᠢᠭᠤᠴᠠᠯᠭ᠎ᠠ 》 ᠵᠢ ᠴᠢᠩᠭ᠎ᠠ ᠭᠦᠢ᠍ᠴᠡᠳᠬᠡᠵᠦ᠂ ᠳᠠᠭ᠋ᠠᠭ᠋ᠠᠴᠢᠯᠠᠨ ᠬᠣᠯᠪᠣᠭ᠋ᠠᠯᠠᠭᠰᠠᠨ ᠬᠤᠳᠠ ᠵᠢᠨ ᠲᠣᠭᠲᠠᠴᠠ᠎ᠲᠠᠢ ᠤᠶᠠᠯᠳᠤᠭᠤᠯᠵᠤ᠂ ᠴᠡᠷᠢᠭ ᠬᠤᠪᠢᠶᠠᠨ ᠪᠣᠭᠣᠮᠲᠠ ᠰᠠᠬᠢᠵᠤ᠂ ᠬᠣᠯᠪᠣᠭᠳᠠᠯ ᠪᠦᠬᠦᠢ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠲᠤᠬᠠᠢ ᠵᠢᠨ ᠭᠠᠵᠠᠷ᠎ᠲᠤᠨᠢ ᠬᠢᠨᠠᠨ ᠵᠢᠯᠤᠭᠣᠳᠴᠤ᠂ ᠰᠠᠨᠠᠭ᠋ᠠᠴᠢᠯᠠᠭ᠎ᠠ᠎ᠠᠴᠠ᠎ᠪᠠᠨ ᠰᠤᠳᠤᠯᠵᠤ᠂ ᠬᠤᠪᠢᠳᠠᠨ ᠬᠠᠮᠢᠶᠠᠷᠴᠤ ᠪᠠᠢ᠌ᠭ᠎ᠠ ᠬᠦᠷᠢᠶ᠎ᠡ ᠬᠡᠪᠴᠢᠶ᠎ᠡ᠎ᠪᠠᠨ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠬᠤ ᠵᠢ ᠰᠠᠢ᠌ᠲᠤᠷ ᠠᠳᠬᠤᠬᠤ ᠵᠢ ᠠᠬᠢᠭᠤᠯᠬᠤ ᠬᠡᠷᠡᠭᠲᠡᠢ᠃ ᠦᠨᠭᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠵᠢ ᠪᠠᠷᠢᠮᠲᠠᠯᠠᠵᠤ᠂ ᠴᠡᠭ᠎ᠠᠴᠠ ᠪᠦᠬᠦ ᠲᠠᠯ᠎ᠠ᠎ᠳᠤ ᠬᠦᠷᠭᠡᠬᠦ᠂ ᠦᠨᠭᠭᠡᠨ ᠲᠠᠯ᠎ᠠ᠎ᠠᠴᠠ ᠦᠨᠳᠦᠰᠦ ᠰᠤᠷᠪᠤᠯᠵᠢ᠎ᠳᠤ ᠬᠦᠷᠭᠡᠬᠦ᠂ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠬᠦ᠂ ᠤᠭ ᠦᠨᠳᠦᠰᠦ ᠵᠢ᠎ᠨᠢ ᠤᠬᠤᠴᠢᠯᠠᠨ ᠠᠰᠠᠭᠤᠵᠤ᠂ ᠳᠦᠷᠢᠮ ᠲᠣᠭᠲᠠᠭ᠋ᠠᠯ ᠲᠣᠭᠲᠠᠭ᠋ᠠᠬᠤ᠎ᠪᠠᠷ ᠳᠠᠮᠵᠢᠭᠤᠯᠤᠨ ᠳᠤᠲᠠᠭᠳᠠᠯ ᠵᠶ᠋ᠠᠨ ᠴᠠᠭ ᠲᠤᠬᠠᠢ᠎ᠳᠤᠨᠢ ᠨᠥᠬᠥᠪᠦᠷᠢᠯᠡᠵᠦ᠂ ᠠᠰᠠᠭᠤᠳᠠᠯ ᠲᠠᠬᠢᠨ ᠳᠠᠪᠲᠠᠨ ᠭᠠᠷᠬᠤ ᠵᠢ ᠦᠨᠳᠦᠰᠦᠨ᠎ᠠᠴᠠ᠎ᠨᠢ ᠰᠡᠷᠭᠡᠢ᠌ᠯᠡᠬᠦ ᠬᠡᠷᠡᠭᠲᠡᠢ ᠭᠡᠵᠦ ᠱᠠᠭ᠋ᠠᠷᠳᠠᠪᠠ᠃

ᠬᠤᠷᠠᠯ᠎ᠠᠴᠠ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ᠎ᠤᠨ ᠰᠢᠮᠳᠠᠭᠤᠯᠤᠨ ᠵᠢᠯᠤᠭᠣᠳᠬᠤ ᠳᠤᠭᠤᠢ᠌ᠯᠠᠩ᠎ᠤᠨ᠎ᠬᠢᠨ᠎ᠤ ᠮᠠᠨ᠎ᠤ ᠣᠷᠣᠨ᠎ᠤ ᠠᠭᠤᠯᠵᠠᠯᠲᠠ ᠵᠢᠨ ᠬᠤᠷᠠᠯ᠎ᠤᠨ ᠵᠣᠷᠢᠭ ᠰᠠᠨᠠᠭ᠎ᠠ ᠪᠣᠯᠣᠨ ᠨᠡᠢ᠌ᠲᠡᠯᠢᠭ ᠠᠰᠠᠭᠤᠳᠠᠯ᠎ᠤᠨ ᠵᠠᠷᠯᠠᠯ᠎ᠢ ᠤᠯᠠᠮᠵᠢᠯᠠᠨ ᠰᠤᠷᠤᠯᠴᠠᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ᠎ᠪᠠᠷ ᠲᠣᠯᠢ ᠪᠣᠯᠭ᠋ᠠᠵᠤ᠂ ᠰᠡᠷᠡᠮᠵᠢᠯᠡᠭᠦᠯᠬᠦ ᠬᠥᠮᠦᠵᠢᠯ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠭᠦᠨᠵᠡᠭᠡᠢ ᠪᠠᠢ᠌ᠴᠠᠭ᠋ᠠᠨ ᠲᠤᠩᠭ᠋ᠠᠨ ᠪᠣᠳᠣᠯᠬᠢᠯᠠᠭᠤᠯᠵᠤ᠂ ᠦᠵᠡᠯ ᠰᠠᠨᠠᠭ᠋ᠠᠨ᠎ᠤ ᠬᠥᠪᠴᠢ ᠵᠢ ᠴᠢᠩᠭ᠋ᠠᠯᠠᠵᠤ᠂ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠴᠢᠩᠭ᠎ᠠ ᠰᠠᠬᠢᠬᠤ ᠬᠡᠷᠡᠭᠲᠡᠢ᠃ ᠭᠣᠣᠯᠳᠠᠯᠭ᠎ᠠ᠎ᠲᠠᠢ ᠠᠰᠠᠭᠤᠳᠠᠯ᠎ᠢ ᠴᠢᠩᠭ᠎ᠠ ᠠᠩᠬᠠᠷᠴᠤ᠂ ᠭᠣᠣᠯᠳᠠᠯᠭ᠎ᠠ᠎ᠲᠠᠢ ᠭᠣᠭᠴᠣᠭ᠎ᠠ ᠵᠢ ᠴᠢᠩᠭ᠎ᠠ ᠡᠵᠡᠮᠳᠡᠵᠦ᠂ ᠵᠠᠯᠬᠠᠭ᠋ᠠᠬᠤ᠂ ᠵᠠᠰᠠᠬᠤ᠂ ᠰᠡᠷᠭᠡᠢ᠌ᠯᠡᠬᠦ ᠵᠢ ᠨᠢᠭᠡ ᠴᠣᠭᠴᠠᠵᠢᠭᠤᠯᠤᠨ ᠬᠦᠴᠦᠯᠡᠬᠦ ᠵᠢ ᠪᠠᠷᠢᠮᠲᠠᠯᠠᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ᠎ᠢ ᠬᠦᠴᠦ ᠲᠠᠯᠪᠢᠨ ᠴᠡᠭᠴᠡᠯᠡᠨ ᠵᠠᠰᠠᠬᠤ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠠᠲᠤ ᠡᠭᠦᠷᠭᠡᠯᠡᠵᠦ᠂ ᠪᠠᠭ᠎ᠤᠨ ᠪᠦᠷᠢᠯᠳᠦᠭᠦᠨ 《 ᠨᠢᠭᠡ ᠠᠵᠢᠯ᠎ᠤᠨ ᠪᠠᠢ᠌ᠷᠢ ᠬᠣᠶᠠᠷ  ᠬᠠᠷᠢᠭᠤᠴᠠᠯᠭ᠎ᠠ 》 ᠵᠢ ᠨᠠᠷᠢᠨ ᠬᠢᠨᠠᠮᠠᠭ᠋ᠠᠢ ᠭᠦᠢ᠍ᠴᠡᠳᠬᠡᠵᠦ᠂ ᠴᠢᠩᠭ᠎ᠠ ᠬᠦᠭ ᠠᠶᠠᠰ᠂ ᠴᠢᠩᠭ᠎ᠠ ᠠᠭᠤᠷ ᠠᠮᠢᠰᠬᠤᠯ᠂ ᠴᠢᠩᠭ᠎ᠠ ᠠᠷᠭ᠎ᠠ ᠬᠡᠮᠵᠢᠶ᠎ᠡ ᠵᠢ ᠱᠠᠲᠤ ᠱᠠᠲᠤ᠎ᠪᠠᠷ ᠤᠯᠠᠮᠵᠢᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠪᠢᠰᠢᠷᠡᠨ ᠵᠢᠷᠦᠬᠡᠰᠢᠶᠡᠬᠦ ᠰᠡᠳᠬᠢᠯᠭᠡ᠎ᠲᠠᠢ ᠪᠣᠯᠭ᠋ᠠᠵᠤ᠂ ᠠᠵᠢᠯᠯᠠᠭ᠎ᠠ᠎ᠪᠠᠨ ᠪᠠᠷᠢᠮᠵᠢᠶ᠎ᠠ᠎ᠲᠠᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠬᠠᠷᠢᠭᠤᠴᠠᠯᠭ᠎ᠠ ᠵᠢᠨ ᠬᠡᠯᠬᠢᠶ᠎ᠡ ᠵᠢ ᠴᠢᠩᠭ᠋ᠠᠯᠠᠵᠤ᠂ ᠴᠡᠭᠴᠡᠯᠡᠨ ᠵᠠᠰᠠᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠭᠣᠣᠯᠳᠠᠯᠭ᠎ᠠ᠎ᠲᠠᠢ ᠡᠭᠦᠷᠭᠡ ᠵᠢᠨ ᠠᠬᠢᠴᠠ ᠵᠢ ᠲᠣᠭᠲᠠᠭᠰᠠᠨ ᠬᠤᠭᠤᠴᠠᠭ᠎ᠠ᠎ᠲᠠᠢ᠎ᠪᠠᠷ ᠮᠥᠷᠳᠡᠵᠦ᠂ ᠡᠯ᠎ᠡ ᠵᠦᠢ᠍ᠯ᠎ᠤᠨ ᠡᠭᠦᠷᠭᠡ ᠵᠢ ᠲᠣᠭᠲᠠᠭᠰᠠᠨ ᠬᠤᠭᠤᠴᠠᠭ᠋ᠠᠨ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ ᠭᠡᠷ