ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
2026-01-16

1 ᠳ᠋ᠦ᠍ᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠵᠢᠨ᠎ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠪᠠᠶᠠᠷ᠎ᠤᠨ ᠦᠭᠡ ᠪᠠᠶᠠᠷ᠎ᠤᠨ ᠵᠠᠬᠢᠳᠠᠯ ᠪᠠ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠣᠳᠠᠲᠠᠶ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠤᠨ ᠪᠠᠶ᠋ᠢᠷᠢᠯᠠᠭᠤᠯᠪᠠ᠃

ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠤᠨ 2022 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠪᠣᠯᠤᠨ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠰᠢᠨ᠎ᠡ ᠵᠢᠯ᠎ᠤᠨ ᠴᠠᠶ᠋ᠢᠯᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠤᠢ᠌ᠯᠠᠭ᠋ᠠᠬᠤ ᠵᠢᠨ ᠳᠤᠮᠳᠠ᠎ᠠᠴᠠ ᠡᠷᠡᠯᠬᠡᠭᠯᠡᠨ ᠤᠷᠤᠭᠰᠢᠯᠠᠬᠤ ᠬᠦᠴᠦᠨ᠎ᠢ ᠰᠢᠩᠭᠡᠭᠡᠨ ᠠᠪᠴᠤ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠶᠠᠮᠤᠨ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠬᠠᠮᠤᠭ᠎ᠤᠨ ᠰᠢᠨ᠎ᠡ ᠪᠠᠶ᠋ᠢᠷᠢᠯᠠᠭᠤᠯᠤᠯᠲᠠ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠵᠤ᠂ ᠡᠭᠦᠷᠭᠡ᠎ᠪᠠᠨ ᠨᠠᠷᠢᠯᠢᠬ᠍ᠵᠢᠭᠤᠯᠤᠨ᠂ ᠠᠷᠭ᠎ᠠ ᠬᠡᠮᠵᠢᠶ᠎ᠡ᠎ᠪᠠᠨ ᠪᠣᠳᠠᠲᠠᠶ᠋ᠢᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠡᠷᠲᠡ ᠨᠠᠶ᠋ᠢᠳᠠᠪᠤᠷᠢᠵᠢᠭᠤᠯᠵᠤ᠂ ᠡᠷᠲᠡ ᠦᠷ᠎ᠡ ᠪᠦᠲᠦᠮᠵᠢ ᠤᠯᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ᠂ ᠨᠢᠭᠡᠳᠦᠭᠡᠷ ᠤᠯᠠᠷᠢᠯ᠎ᠳᠤ 《ᠰᠠᠶ᠋ᠢᠨ ᠡᠬᠢᠯᠡᠯᠲᠡ》᠎ᠲᠠᠢ ᠪᠠᠢ᠌ᠬᠤ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠣᠷᠣᠨ ᠰᠠᠭᠤᠴᠠ ᠵᠢᠨ ᠪᠠᠲᠤᠯᠠᠭ᠎ᠠ᠂ ᠬᠤᠳᠠ ᠪᠠᠯᠭ᠋ᠠᠰᠤᠨ᠎ᠤ ᠢᠯᠴᠢ ᠬᠠᠩᠭ᠋ᠠᠯᠭ᠎ᠠ᠂ ᠠᠳᠠᠯ ᠠᠬᠤᠢ ᠵᠢᠨ ᠬᠠᠮᠢᠶᠠᠷᠤᠯᠲᠠ ᠵᠡᠷᠭᠡ ᠭᠤᠣᠯᠳᠠᠯᠭ᠎ᠠ᠎ᠲᠠᠢ ᠬᠦᠷᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠵᠶ᠋ᠠᠨ ᠭᠦᠨᠵᠡᠭᠡᠢ ᠨᠠᠷᠢᠯᠢᠭ ᠪᠣᠳᠠᠲᠠᠢ ᠬᠢᠵᠦ᠂ ᠤᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠴᠦ᠂ ᠬᠦᠴᠦᠨ ᠵᠶ᠋ᠠᠨ ᠲᠥᠪᠯᠡᠷᠡᠭᠦᠯᠦᠨ ᠨᠢᠭᠡ ᠪᠦᠯᠦᠭ ᠤᠯᠠᠨ ᠲᠦᠮᠡᠨ᠎ᠤ ᠰᠠᠶ᠋ᠢᠰᠢᠶᠠᠭᠤᠰᠢᠲᠠᠢ ᠪᠣᠳᠠᠲᠤ ᠶᠠᠪᠤᠳᠠᠯ᠎ᠢ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶᠠᠨ᠎ᠤ ᠲᠠᠪᠤᠳᠤᠭ᠋ᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠬᠤ ᠪᠠᠶ᠋ᠢᠯᠳᠤᠬᠤ ᠪᠤᠳᠤᠯᠭ᠎ᠠ᠎ᠳᠤ ᠪᠠᠶ᠋ᠢᠷᠢᠯᠠᠭᠤᠯᠤᠯᠲᠠ ᠬᠢᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠠᠷᠠᠯᠲᠠ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠪᠠᠲᠤᠯᠠᠬᠤ᠎ᠳᠤ ᠦᠨᠳᠦᠰᠦᠨ ᠵᠢᠷᠤᠮᠯᠠᠯ ᠬᠠᠩᠭ᠋ᠠᠵᠠᠢ᠃ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠪᠠ ᠤᠳᠤᠷᠢᠳᠬᠤ ᠪᠠᠭ᠎ᠤᠨ ᠪᠦᠷᠢᠯᠳᠦᠬᠦᠨ᠎ᠤ 《ᠨᠢᠭᠡ ᠠᠵᠢᠯ᠎ᠤᠨ ᠪᠠᠶ᠋ᠢᠷᠢ ᠬᠤᠶᠠᠷ ᠬᠠᠷᠢᠭᠤᠴᠠᠯᠭ᠎ᠠ》 ᠵᠢ ᠴᠢᠩᠭ᠎ᠠ ᠠᠳᠬᠤᠵᠤ᠂ ᠭᠤᠣᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠤᠭᠴᠤᠭ᠎ᠠ ᠵᠢ ᠴᠢᠩᠭ᠎ᠠ ᠠᠩᠬᠠᠷᠴᠤ᠂ ᠦᠩᠭᠡᠨ ᠲᠠᠯ᠎ᠠ ᠪᠠ ᠦᠨᠳᠦᠰᠦ᠎ᠠᠴᠠ᠎ᠨᠢ ᠵᠠᠰᠠᠬᠤ᠂ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠢᠮᠠᠭᠲᠠ ᠪᠠᠷᠢᠮᠲᠠᠯᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠰᠡᠷᠡᠮᠵᠢᠯᠡᠬᠦ᠂ ᠬᠤᠷᠢᠭ᠎ᠠ ᠱᠤᠭᠤᠮ᠎ᠢ ᠰᠠᠬᠢᠬᠤ ᠵᠢ ᠬᠥᠮᠦᠵᠢᠭᠦᠯᠦᠨ ᠵᠢᠯᠣᠭᠤᠳᠴᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠭᠦᠨᠵᠡᠭᠡᠶ᠋ᠢᠷᠡᠨ ᠬᠥᠭᠵᠢᠬᠦ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ