ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠤᠨ ᠸᠢᠳᠢᠣ᠋ ᠬᠤᠷᠠᠯ ᠬᠤᠷᠠᠯᠳᠤᠪᠠ
2025-12-30

12 ᠳ᠋ᠤᠭ᠋ᠠᠷ ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠪᠥᠬᠦ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠶᠤᠯᠭᠦᠶ ᠦᠢ᠍ᠯᠡᠳᠪᠦᠷᠢᠯᠡᠯ᠎ᠤᠨ ᠠᠵᠢᠯ᠎ᠤᠨ ᠸᠢᠳᠢᠣ᠋ ᠬᠤᠷᠠᠯ ᠬᠤᠷᠠᠯᠳᠤᠭᠤᠯᠪᠠ᠃

     ᠬᠤᠷᠠᠯ᠎ᠠᠴᠠ᠂ ᠶᠡᠷᠦᠩᠬᠡᠢ ᠱᠦᠵᠢ ᠰᠢ᠎ᠵᠢᠨ᠎ᠫᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠤᠢ᠍ᠢ᠍ᠷ᠎ᠠ ᠵᠢᠨ ᠬᠤᠭᠤᠴᠠᠭ᠋ᠠᠨ᠎ᠤ ᠠᠶᠤᠯᠭᠦᠢ ᠦᠢ᠍ᠯᠡᠳᠪᠦᠷᠢᠯᠡᠯ᠎ᠤᠨ ᠬᠤᠯᠪᠣᠭᠳᠠᠯ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠤᠢ᠍ᠢ᠍ᠷ᠎ᠠ ᠵᠢᠨ ᠬᠤᠭᠤᠴᠠᠭ᠋ᠠᠨ᠎ᠤ ᠭᠠᠯ᠎ᠤᠨ ᠭᠠᠮᠰᠢᠭ᠎ᠤᠨ ᠠᠳᠡᠯ᠎ᠤᠨ ᠰᠤᠷᠭ᠋ᠠᠮᠵᠢ ᠵᠢ ᠭᠦᠨᠵᠡᠭᠡᠢ ᠰᠢᠩᠭᠡᠭᠡᠨ ᠠᠪᠴᠤ᠂ ᠵᠢᠯ᠎ᠤᠨ ᠡᠴᠦᠰ ᠵᠢᠯ᠎ᠤᠨ ᠡᠬᠢᠨ ᠵᠢᠴᠢ ᠰᠢᠨ᠎ᠡ ᠵᠢᠯ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠵᠢ ᠡᠷᠡᠰ ᠰᠡᠷᠭᠡᠶ᠋ᠢᠯᠡᠬᠦ ᠬᠡᠷᠡᠭᠲᠡᠢ᠃ ᠥᠨᠳᠥᠷ ᠲᠠᠪᠬᠤᠷᠯᠢᠭᠳᠤ ᠪᠠᠷᠢᠯᠭ᠎ᠠ ᠵᠢᠨ ᠬᠦᠨᠳᠦ ᠶᠡᠭᠡ ᠭᠠᠯ᠎ᠤᠨ ᠠᠶᠤᠯ᠎ᠤᠨ ᠲᠦᠭᠰᠢᠭᠦᠷᠢ ᠵᠢᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠭᠦᠨᠵᠡᠭᠡᠶ ᠥᠷᠨᠢᠭᠦᠯᠵᠦ᠂ ᠣᠷᠣᠨ ᠰᠠᠭᠤᠴᠠ ᠵᠢᠨ ᠲᠣᠭᠤᠷᠢᠭ᠎ᠤᠨ ᠭᠠᠯ ᠤᠨᠲᠠᠷᠠᠭ᠋ᠠᠬᠤ ᠪᠡᠯᠡᠳᠬᠡᠮᠵᠢ ᠵᠢᠨ ᠬᠠᠮᠠᠭ᠋ᠠᠯᠠᠯᠲᠠ ᠪᠠ ᠬᠠᠮᠢᠶᠠᠷᠤᠯᠲᠠ ᠵᠢ ᠴᠢᠩᠭ᠋ᠠᠷᠠᠭᠤᠯᠤᠨ᠂ ᠵᠠᠰᠠᠵᠤ ᠴᠢᠮᠡᠭᠯᠡᠬᠦ ᠪᠦᠬᠦ ᠶᠠᠪᠤᠴᠠ ᠵᠢ ᠲᠣᠭᠤᠷᠢᠨ ᠪᠠᠶ᠋ᠢᠴᠠᠭ᠋ᠠᠬᠤ ᠵᠢ ᠵᠢᠷᠤᠮᠵᠢᠭᠤᠯᠵᠤ᠂ ᠨᠣᠴᠣᠮᠠᠲᠠᠭ᠋ᠠᠶ ᠲᠡᠯᠪᠡᠷᠡᠮᠡᠳᠡᠭᠡᠢ ᠪᠣᠳᠠᠰ᠎ᠢ ᠴᠠᠭ ᠲᠤᠬᠠᠶ᠎ᠳᠤᠨᠢ ᠴᠡᠪᠡᠷᠯᠡᠨ᠂ ᠭᠠᠯ ᠤᠨᠲᠠᠷᠠᠭ᠋ᠠᠬᠤ ᠠᠮᠤᠷ ᠲᠦᠪᠰᠢᠨ᠎ᠢ ᠦᠨᠡᠨᠬᠦ ᠪᠠᠲᠤᠯᠠᠬᠤ ᠬᠡᠷᠡᠭᠲᠡᠶ᠃ ᠪᠠᠶ᠋ᠢᠭᠤᠯᠵᠤ ᠪᠠᠶ᠋ᠢᠭ᠎ᠠ ᠪᠣᠶ ᠪᠥᠬᠦᠶ ᠪᠠᠷᠢᠯᠭ᠎ᠠ ᠪᠠ ᠲᠦᠷ ᠠᠵᠢᠯ ᠵᠤᠭᠰᠤᠭᠰᠠᠨ ᠪᠠᠷᠢᠯᠭ᠎ᠠ᠂ ᠢᠯᠠᠩᠭᠤᠶ᠎ᠠ ᠶᠠᠭ ᠭᠠᠳᠠᠷ ᠬᠡᠷᠡᠮ᠎ᠢ ᠥᠭᠡᠷᠡᠴᠢᠯᠡᠨ ᠵᠠᠰᠠᠵᠤ ᠪᠠᠷᠢᠬᠤ ᠪᠠ ᠬᠡᠷ ᠳᠣᠲᠣᠷᠠᠬᠢ ᠵᠠᠰᠠᠵᠤ ᠴᠢᠮᠡᠭᠯᠡᠬᠦ ᠪᠠᠷᠢᠯᠭ᠎ᠠ ᠵᠢᠨ ᠲᠥᠷᠥᠯ ᠵᠦᠢ᠍ᠯ᠎ᠢ ᠦᠷᠭᠦᠯᠵᠢᠯᠡᠨ ᠵᠢᠭᠰᠠᠭ᠋ᠠᠨ ᠪᠠᠢ᠌ᠴᠠᠭ᠋ᠠᠵᠤ᠂ ᠪᠠᠶ᠋ᠢᠭᠤᠯᠵᠤ ᠪᠠᠶ᠋ᠢᠭ᠎ᠠ ᠪᠠᠷᠢᠯᠭ᠎ᠠ ᠵᠢᠨ ᠡᠪᠦᠯ᠎ᠤᠨ ᠤᠯᠠᠷᠢᠯ᠎ᠤᠨ ᠪᠠᠷᠢᠯᠭ᠎ᠠ ᠵᠢᠨ ᠡᠯ᠎ᠡ ᠵᠦᠢ᠍ᠯ᠎ᠤᠨ ᠠᠵᠢᠯ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠢᠯᠡ ᠭᠠᠯ ᠬᠡᠷᠡᠭᠯᠡᠬᠦ ᠠᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠭᠠᠯ ᠬᠡᠷᠡᠭᠯᠡᠬᠦ ᠠᠵᠢᠯ᠎ᠤᠨ ᠬᠢᠨᠠᠨ ᠵᠦᠪᠰᠢᠶᠡᠷᠡᠯ᠎ᠢ ᠴᠢᠩᠳᠠᠯᠠᠵᠤ᠂ ᠭᠠᠯ ᠬᠡᠷᠡᠭᠯᠡᠬᠦ ᠠᠵᠢᠯ᠎ᠤᠨ 《ᠵᠢᠷᠭᠤᠭ᠋ᠠᠨ ᠡᠷᠬᠡᠪᠡᠰᠢ》 ᠵᠢ ᠰᠠᠢ᠌ᠳᠦᠷ ᠴᠢᠩᠭ᠋ᠠᠳᠬᠠᠵᠤ᠂ ᠬᠢᠵᠠᠭ᠋ᠠᠷ᠎ᠲᠠᠢ ᠣᠷᠣᠨ ᠵᠠᠶ ᠵᠢᠨ ᠠᠵᠢᠯᠭ᠋ᠠᠭ᠋ᠠᠨ᠎ᠤ ᠠᠶᠤᠯ ᠲᠦᠭᠰᠢᠭᠦᠷᠢ ᠵᠢᠨ ᠡᠬᠢ ᠰᠤᠷᠪᠤᠯᠵᠢ ᠵᠢ ᠢᠯᠭ᠋ᠠᠨ ᠲᠠᠨᠢᠬᠤ ᠵᠢ ᠴᠢᠩᠭ᠋ᠠᠷᠠᠭᠤᠯᠤᠨ᠂ ᠬᠢᠵᠠᠭ᠋ᠠᠷ᠎ᠲᠠᠢ ᠣᠷᠣᠨ ᠵᠠᠶ ᠵᠢᠨ ᠠᠵᠢᠯᠯᠠᠭ᠋ᠠᠨ᠎ᠤ 《ᠲᠠᠪᠤᠨ ᠠᠯᠬᠤᠮ᠎ᠤᠨ ᠠᠷᠭ᠎ᠠ》 ᠵᠢ ᠵᠠᠪᠠᠯ ᠬᠡᠷᠡᠭᠵᠢᠭᠦᠯᠵᠦ᠂ ᠠᠶᠤᠯ ᠲᠦᠭᠰᠢᠭᠦᠷᠢ ᠵᠢᠨ ᠡᠬᠢ ᠰᠤᠷᠪᠤᠯᠵᠢ ᠵᠢ ᠢᠯᠭ᠋ᠠᠨ ᠲᠠᠨᠢᠬᠤ ᠵᠢ ᠴᠢᠩᠭ᠋ᠠᠳᠬᠠᠵᠤ᠂ ᠲᠣᠭᠲᠠᠭ᠋ᠠᠯ᠎ᠠᠴᠠ ᠵᠥᠷᠢᠴᠡᠨ ᠭᠠᠩᠨᠠᠬᠤ᠂ ᠠᠵᠢᠯᠲᠠᠨ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠵᠢᠴᠢ ᠵᠥᠪᠰᠢᠶᠡᠷᠡᠯ ᠥᠬᠡᠶ᠎ᠪᠠᠷ ᠳᠤᠷ᠎ᠠ᠎ᠪᠠᠷ ᠵᠶ᠋ᠠᠨ ᠪᠠᠷᠢᠯᠭ᠎ᠠ ᠪᠠᠷᠢᠬᠤ ᠵᠡᠷᠭᠡ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠬᠤ ᠬᠡᠷᠡᠭᠲᠡᠶ᠃ ᠡᠪᠦᠯ᠎ᠤᠨ ᠤᠯᠠᠷᠢᠯ᠎ᠤᠨ ᠬᠤᠲᠠ ᠵᠢᠨ ᠤᠰᠤ ᠬᠠᠩᠭ᠋ᠠᠬᠤ᠂ ᠢᠯᠴᠢ ᠬᠠᠩᠭ᠋ᠠᠬᠤ᠂ ᠬᠤᠲᠠ ᠵᠢᠨ ᠵᠠᠮ ᠬᠥᠭᠦᠷᠭᠡ᠂ ᠭᠠᠵᠠᠷ ᠳᠣᠤᠷᠠᠬᠢ ᠬᠤᠭᠤᠯᠠᠶ ᠲᠤᠤᠷ᠎ᠤᠨ ᠬᠤᠩᠭᠢᠯ ᠬᠢᠭᠡᠳ ᠪᠣᠬᠢᠷ ᠤᠰᠤ ᠵᠢ ᠰᠢᠢ᠍ᠳᠪᠦᠷᠢᠯᠡᠬᠦ ᠵᠡᠷᠭᠡ ᠬᠤᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠪᠡᠯᠡᠳᠬᠡᠮᠵᠢ ᠵᠢᠨ ᠠᠮᠤᠷ ᠲᠦᠪᠰᠢᠨ᠎ᠤ ᠲᠣᠭᠤᠷᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠬᠤᠲᠠ ᠵᠢᠨ ᠠᠮᠤᠷ ᠲᠦᠪᠰᠢᠨ ᠵᠶ᠋ᠠᠷ ᠠᠵᠢᠯᠯᠠᠬᠤ ᠵᠢ ᠦᠨᠡᠨᠬᠦ ᠪᠠᠲᠤᠯᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠬᠡᠷ ᠪᠠᠶ᠋ᠢᠰᠢᠩ᠎ᠢ ᠥᠭᠡᠷᠡᠴᠢᠯᠡᠨ ᠰᠢᠨᠡᠳᠬᠡᠬᠦ ᠶᠠᠰᠤ ᠴᠢᠨᠠᠷ᠎ᠤᠨ ᠠᠮᠤᠷ ᠲᠦᠪᠰᠢᠨ᠎ᠤ ᠪᠥᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ 《ᠬᠥᠮᠦᠨ ᠨᠤᠷᠠᠬᠤ ᠠᠶᠤᠯᠲᠠᠶ ᠬᠡᠷ ᠪᠠᠶ᠋ᠢᠰᠢᠩ᠎ᠳᠤ ᠣᠷᠣᠬᠤ ᠥᠬᠡᠶ᠂ ᠨᠤᠷᠠᠬᠤ ᠠᠶᠤᠯᠲᠠᠶ ᠬᠡᠷ ᠪᠠᠶ᠋ᠢᠰᠢᠩ᠎ᠳᠤ ᠬᠥᠮᠦᠨ ᠣᠷᠣᠭᠤᠯᠬᠤ ᠥᠬᠡᠶ》 ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠤᠲᠠ ᠪᠠᠯᠭ᠋ᠠᠰᠤ ᠵᠢᠨ ᠰᠢᠲᠠᠮᠠᠬᠠᠶ ᠬᠡᠶ ᠵᠢᠨ ᠠᠮᠤᠷ ᠲᠦᠪᠰᠢᠨ᠂ ᠪᠠᠷᠢᠯᠭ᠎ᠠ ᠵᠢᠨ ᠳᠤᠯᠠᠭ᠋ᠠᠨ᠎ᠢ ᠬᠠᠮᠠᠭ᠋ᠠᠯᠠᠬᠤ ᠮᠠᠲ᠋ᠧᠷᠢᠶᠠᠯ ᠪᠠ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ᠎ᠲᠤ ᠭᠠᠯ ᠬᠡᠷᠡᠭᠯᠡᠬᠦ᠂ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡᠨ᠎ᠤ 《ᠨᠢᠭᠡ ᠶᠠᠪᠤᠳᠠᠯ》᠎ᠢ ᠪᠥᠬᠦ ᠬᠡᠯᠬᠢᠶ᠎ᠡ᠎ᠪᠠᠷ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠬᠡᠷ ᠪᠠᠶ᠋ᠢᠰᠢᠩ ᠬᠤᠲᠠ ᠵᠢᠨ ᠶᠠᠪᠤᠳᠠᠯ᠎ᠤᠨ ᠬᠢᠵᠠᠭ᠋ᠠᠷᠯᠠᠭᠰᠠᠨ ᠲᠤᠭ᠎ᠠ᠎ᠠᠴᠠ ᠳᠣᠷᠣᠭᠰᠢᠬᠢ ᠵᠢᠵᠢᠭ ᠬᠡᠯᠪᠡᠷᠢ ᠵᠢᠨ ᠢᠨᠵᠧᠨᠧᠷᠢᠩ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠶ᠋ᠢᠴᠠᠭ᠋ᠠᠵᠤ ᠰᠢᠯᠭ᠋ᠠᠨ ᠠᠪᠬᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠵᠠᠰᠠᠯᠲᠠ ᠵᠢᠨ ᠲᠤᠰᠬᠠᠶ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃

        ᠬᠤᠷᠠᠯ᠎ᠠᠴᠠ᠂ ᠠᠮᠤᠷ ᠲᠦᠪᠰᠢᠨ᠎ᠤ ᠬᠡᠮ ᠰᠣᠭᠤᠭ᠎ᠢ ᠥᠪᠡᠰᠦᠪᠡᠨ ᠪᠠᠶ᠋ᠢᠴᠠᠭ᠋ᠠᠬᠤ᠂ ᠬᠠᠷᠭᠤᠭᠤᠯᠤᠨ ᠪᠠᠶ᠋ᠢᠴᠠᠭ᠋ᠠᠬᠤ᠂ ᠵᠢᠭᠰᠠᠭ᠋ᠠᠨ ᠪᠠᠶ᠋ᠢᠴᠠᠭ᠋ᠠᠬᠤ᠂ ᠰᠢᠮᠳᠠᠭᠤᠯᠤᠨ ᠪᠠᠶ᠋ᠢᠴᠠᠭ᠋ᠠᠬᠤ᠂ ᠲᠤᠭᠤᠷᠢᠨ ᠪᠠᠢ᠌ᠴᠠᠭ᠋ᠠᠬᠤ᠂ ᠰᠢᠯᠭ᠋ᠠᠨ ᠪᠠᠶ᠋ᠢᠴᠠᠭ᠋ᠠᠬᠤ 《ᠵᠢᠷᠭᠤᠭ᠋ᠠᠨ ᠪᠠᠶ᠋ᠢᠴᠠᠭ᠋ᠠᠬᠤ》 ᠬᠠᠷᠢᠭᠤᠴᠠᠯᠭ᠎ᠠ ᠵᠢ ᠭᠡᠳᠡᠷᠭᠦ ᠪᠠᠶ᠋ᠢᠴᠠᠭ᠋ᠠᠬᠤ ᠲᠦᠷᠢᠮ᠎ᠢ ᠴᠢᠩᠭ᠎ᠠ ᠬᠡᠷᠡᠭᠵᠢᠭᠦᠯᠵᠦ᠂ 《ᠪᠠᠶ᠋ᠢᠴᠠᠭ᠋ᠠᠬᠤ᠂ ᠥᠭᠡᠷᠡᠴᠢᠯᠡᠬᠦ᠂ ᠰᠢᠮᠳᠠᠭᠤᠯᠬᠤ᠂ ᠠᠷᠢᠯᠭ᠋ᠠᠬᠤ》 ᠪᠢᠲᠡᠭᠦᠦ ᠴᠠᠭ᠋ᠠᠷᠢᠭ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠡᠯᠡᠳᠬᠡᠮᠵᠢ ᠲᠥᠬᠦᠭᠡᠷᠦᠮᠵᠢ ᠵᠢᠨ 《ᠠᠰᠠᠭᠤᠳᠠᠯ᠎ᠲᠠᠢ ᠠᠵᠢᠯᠯᠠᠬᠤ》᠂ ᠲᠣᠭᠲᠠᠭ᠋ᠠᠯ᠎ᠠᠴᠠ ᠵᠥᠷᠢᠴᠡᠨ ᠭᠠᠳᠠᠭᠰᠢ ᠳᠠᠭ᠋ᠠᠭ᠋ᠠᠴᠢᠯᠠᠭᠤᠯᠤᠭᠰᠠᠨ ᠭᠠᠳᠠᠭᠰᠢ ᠲᠦᠷᠢᠶᠡᠰᠦᠯᠡᠭᠰᠡᠨ᠂ ᠵᠢᠷᠤᠭ ᠲᠥᠯᠥᠪᠯᠡᠭᠡ᠂ ᠴᠢᠳᠠᠪᠤᠷᠢ᠎ᠠᠴᠠ ᠬᠡᠳᠦᠷᠡᠭᠦᠯᠦᠨ ᠭᠡᠨᠡᠨ ᠪᠠᠯᠠᠮᠠᠳ ᠠᠵᠢᠯᠯᠠᠬᠤ᠂ ᠠᠮᠤᠷ ᠲᠦᠪᠰᠢᠨ᠎ᠤ ᠬᠠᠮᠢᠶᠠᠷᠤᠯᠲᠠ᠎ᠳᠤ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠵᠡᠷᠭᠡ ᠲᠣᠪᠤᠶ᠋ᠢᠮ᠎ᠠ ᠠᠰᠠᠭᠤᠳᠠᠯ᠎ᠢ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠭᠡᠨ ᠲᠣᠷᠭ᠋ᠠᠬᠤ ᠵᠢ ᠬᠡᠷᠡᠭᠵᠢᠭᠦᠯᠬᠦ ᠬᠡᠷᠡᠭᠲᠡᠶ᠃ ᠡᠯ᠎ᠡ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠨᠳᠤᠯᠭ᠋ᠠᠲᠤ ᠴᠢᠨᠠᠷᠲᠠᠶ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠥᠷᠨᠢᠭᠦᠯᠦᠨ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠡᠳ᠋ ᠪᠣᠳᠠᠰ ᠪᠠ ᠲᠣᠨᠤᠭ ᠲᠥᠬᠦᠭᠡᠷᠦᠮᠵᠢ ᠵᠢ ᠭᠦᠢ᠍ᠴᠡᠳ ᠪᠡᠯᠡᠳᠬᠡᠵᠦ᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠤᠨ ᠬᠤᠭᠤᠴᠠᠭ᠋ᠠᠨ᠎ᠳᠤ ᠵᠢᠵᠢᠭᠦᠷᠯᠡᠨ ᠰᠠᠬᠢᠬᠤ ᠪᠠ ᠪᠠᠴᠢᠮ ᠪᠠᠶ᠋ᠢᠳᠠᠯ᠎ᠢ ᠠᠷᠭ᠋ᠠᠴᠠᠨ ᠮᠡᠳᠡᠭᠦᠯᠬᠦ ᠲᠦᠷᠢᠮ᠎ᠢ ᠴᠢᠩᠭ᠎ᠠ ᠬᠡᠷᠡᠭᠵᠢᠭᠦᠯᠦᠨ᠂ ᠭᠡᠨᠡᠳᠲᠡ ᠵᠢᠨ ᠪᠠᠶ᠋ᠢᠳᠠᠯ ᠭᠠᠷᠪᠠᠯ ᠴᠠᠭ ᠲᠤᠬᠠᠶ᠎ᠳᠤᠨᠢ ᠴᠤᠤᠷᠢᠶᠠᠳᠠᠵᠤ᠂ ᠲᠣᠬᠢᠲᠠᠶ ᠰᠢᠢ᠍ᠳᠪᠦᠷᠢᠯᠡᠬᠦ ᠵᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠭᠤᠤᠯ ᠬᠠᠷᠢᠭᠤᠴᠠᠯᠭ᠋ᠠᠲᠠᠨ ᠨᠥᠬᠦᠳ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭ᠋ᠠᠲᠠᠨ ᠨᠥᠬᠦᠳ ᠵᠢᠴᠢ ᠬᠠᠮᠢᠶ᠎ᠠ ᠪᠥᠬᠦᠶ ᠭᠠᠵᠠᠷ ᠬᠡᠷ ᠨᠢᠭᠡᠴᠢ ᠵᠢᠨ ᠬᠠᠷᠢᠭᠤᠴᠠᠯᠭ᠋ᠠᠲᠠᠨ ᠨᠥᠬᠦᠳ ᠭᠤᠤᠯ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠬᠥᠬᠡᠬᠤᠲᠠ᠂ ᠪᠤᠭᠤᠲᠤ ᠬᠤᠲᠠ ᠵᠢᠨ ᠬᠤᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ ᠨᠥᠬᠦᠳ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ᠃

ᠢᠷᠡᠯᠲᠡ᠄ ᠲᠢᠩᠬᠢᠮ᠎ᠤᠨ ᠪᠠᠷᠢᠯᠭ᠎ᠠ ᠵᠢᠨ ᠶᠠᠰᠤ ᠴᠢᠨᠠᠷ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ