ᠰᠢ᠎ᠵᠢᠨ᠎ᠫᠢᠩ᠎ᠤᠨ ᠰᠣᠶᠣᠯ᠎ᠤᠨ ᠦᠵᠡᠯ ᠰᠠᠨᠠᠭ᠎ᠠ ᠪᠠ ᠲᠥᠪ᠎ᠤᠨ ᠬᠤᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠤᠲᠠ ᠬᠥᠳᠡᠭᠡ ᠵᠢᠨ ᠲᠡᠤᠬᠡ ᠰᠣᠶᠣᠯ᠎ᠢ ᠬᠠᠮᠠᠭ᠋ᠠᠯᠠᠨ ᠤᠯᠠᠮᠵᠢᠯᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ ᠵᠢᠨ ᠲᠥᠯᠥᠭᠡ᠂ 10 ᠳ᠋ᠤᠭ᠋ᠠᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠠᠴᠠ ᠪᠥᠬᠦ ᠣᠷᠣᠨ᠎ᠤ ᠬᠠᠭᠤᠴᠢᠨ ᠬᠤᠲᠠ ᠲᠣᠭᠤᠷᠢᠭ ᠪᠠ ᠬᠠᠭᠤᠴᠢᠨ ᠵᠡᠭᠡᠯᠢ ᠲᠣᠭᠤᠷᠢᠭ᠎ᠤᠨ ᠲᠤᠰᠬᠠᠶ ᠪᠠᠶ᠋ᠢᠴᠠᠭ᠋ᠠᠯᠲᠠ ᠵᠢᠨ ᠲᠤᠰᠬᠠᠶ ᠰᠡᠳᠦᠪᠲᠦ ᠪᠤᠯᠪᠠᠰᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠬᠤᠲᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠤᠪᠢᠳᠠᠨ ᠬᠠᠮᠢᠶᠠᠷᠬᠤ ᠬᠠᠷᠢᠭᠤᠴᠠᠯᠭ᠋ᠠᠲᠠᠨ ᠵᠢᠴᠢ ᠪᠠᠶ᠋ᠢᠴᠠᠭ᠋ᠠᠯᠲᠠ ᠵᠢᠨ ᠳᠤᠭᠤᠶ᠋ᠢᠯᠠᠩ᠎ᠤᠨ ᠬᠠᠮᠢᠶ᠎ᠠ ᠪᠥᠬᠦᠶ ᠪᠦᠷᠢᠯᠳᠦᠬᠦᠨ ᠪᠤᠯᠪᠠᠰᠤᠷᠠᠯ᠎ᠳᠤ ᠣᠷᠣᠯᠴᠠᠪᠠ᠃
ᠲᠣᠰ ᠤᠳᠠᠭ᠋ᠠᠨ᠎ᠤ ᠪᠤᠯᠪᠠᠰᠤᠷᠠᠯ᠎ᠨᠢ ᠬᠠᠭᠤᠴᠢᠨ ᠬᠤᠲᠠ ᠵᠢᠨ ᠲᠣᠭᠤᠷᠢᠭ ᠪᠠ ᠬᠠᠭᠤᠴᠢᠨ ᠵᠡᠭᠡᠯᠢ ᠲᠣᠭᠤᠷᠢᠭ᠎ᠤᠨ ᠲᠤᠰᠬᠠᠶ ᠪᠠᠶ᠋ᠢᠴᠠᠭ᠋ᠠᠯᠲᠠ ᠵᠢᠨ ᠠᠵᠢᠯ᠎ᠤᠨ ᠴᠢᠬᠤᠯᠠ ᠴᠢᠨᠠᠷ ᠬᠢᠭᠡᠳ ᠶᠡᠷᠦᠩᠬᠡᠶ ᠱᠠᠭ᠋ᠠᠷᠳᠠᠯᠭ᠎ᠠ᠂ ᠭᠤᠤᠯ ᠡᠭᠦᠷᠭᠡ ᠬᠢᠭᠡᠳ ᠪᠠᠶ᠋ᠢᠴᠠᠭ᠋ᠠᠯᠲᠠ ᠵᠢᠨ ᠬᠡᠪᠴᠢᠶ᠎ᠡ᠂ ᠮᠡᠷᠭᠡᠵᠢᠯ ᠠᠷᠭ᠎ᠠ ᠵᠠᠮ ᠬᠢᠭᠡᠳ ᠠᠷᠭ᠎ᠠ ᠵᠢᠨ ᠴᠤᠪᠤᠷᠠᠯ᠂ ᠮᠡᠳᠡᠭᠡ ᠵᠠᠩᠭᠢ ᠵᠢᠨ ᠰᠢᠰᠲ᠋ᠧᠮ᠎ᠤᠨ ᠠᠵᠢᠯᠯᠠᠭ᠋ᠠᠨ᠎ᠤ ᠪᠤᠳᠠᠳᠠᠢ ᠠᠵᠢᠯᠯᠠᠭ᠎ᠠ ᠵᠡᠷᠭᠡ ᠵᠢᠨ ᠲᠤᠭᠤᠷᠢᠨ᠎ᠳᠤ ᠰᠢᠰᠲ᠋ᠧᠮ᠎ᠲᠠᠢ ᠲᠠᠶ᠋ᠢᠯᠤᠮᠵᠢ ᠬᠢᠪᠠ᠃
ᠬᠤᠷᠠᠯ᠎ᠠᠴᠠ᠂ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠬᠤᠲᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠬᠠᠶ ᠪᠠᠶ᠋ᠢᠴᠠᠭ᠋ᠠᠯᠲᠠ ᠵᠢᠨ ᠬᠤᠲᠠ ᠬᠥᠳᠡᠭᠡ ᠵᠢᠨ ᠲᠡᠤᠬᠡ ᠰᠣᠶᠣᠯ᠎ᠢ ᠬᠠᠮᠠᠭ᠋ᠠᠯᠠᠨ ᠤᠯᠠᠮᠵᠢᠯᠠᠬᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠦᠵᠡᠭᠦᠯᠬᠦ ᠴᠢᠬᠤᠯᠠ ᠠᠴᠢ ᠬᠤᠯᠪᠣᠭᠳᠠᠯ᠎ᠢ ᠭᠦᠨᠵᠡᠭᠡᠶ ᠲᠠᠨᠢᠬᠤ ᠬᠡᠷᠡᠭᠲᠡᠶ᠃ ᠪᠠᠶ᠋ᠢᠴᠠᠭ᠋ᠠᠯᠲᠠ ᠵᠢᠨ ᠠᠵᠢᠯ᠎ᠨᠢ ᠠᠳᠠᠯᠢ ᠪᠤᠰᠤ ᠲᠡᠦᠬᠡ ᠵᠢᠨ ᠴᠠᠭ ᠦᠶ᠎ᠡ ᠵᠢᠨ ᠣᠨᠴᠠᠯᠢᠭ᠂ ᠨᠡᠶ᠋ᠢᠲᠡᠯᠢᠭ ᠲᠥᠯᠥᠭᠡᠯᠡᠬᠦ ᠴᠢᠨᠠᠷ ᠪᠠ ᠴᠢᠬᠤᠯᠠ ᠲᠡᠦᠬᠡ ᠰᠣᠶᠣᠯ᠎ᠤᠨ ᠦᠨ᠎ᠡ ᠥᠷᠲᠡᠭ᠎ᠲᠠᠢ ᠬᠠᠭᠤᠴᠢᠨ ᠬᠤᠳᠠ ᠵᠢᠨ ᠲᠣᠭᠤᠷᠢᠭ᠂ ᠬᠠᠭᠤᠴᠢᠨ ᠵᠡᠭᠡᠯᠢ ᠲᠣᠭᠤᠷᠢᠭ᠂ ᠲᠡᠦᠬᠡᠨ ᠪᠠᠷᠢᠯᠭ᠎ᠠ ᠵᠢᠴᠢ ᠲᠡᠦᠬᠡ ᠵᠢᠨ ᠣᠷᠴᠢᠨ ᠲᠣᠭᠤᠷᠢᠨ᠎ᠤ ᠬᠦᠴᠦᠨ ᠵᠦᠢ᠍ᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠬᠦ ᠲᠠᠯ᠎ᠠ᠎ᠪᠠᠷ ᠰᠢᠰᠲ᠋ᠧᠮ᠎ᠲᠠᠢ ᠪᠠᠶ᠋ᠢᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠵᠤ᠂ ᠨᠠᠷᠢᠨ ᠪᠣᠳᠠᠲᠠᠢ ᠵᠥᠪ ᠣᠨᠣᠪᠴᠢᠲᠠᠢ ᠡᠬᠢ ᠪᠠᠶᠠᠯᠢᠭ᠎ᠤᠨ ᠨᠠᠷᠢᠨ ᠬᠠᠭᠤᠳᠠᠰᠤ ᠪᠠ ᠬᠠᠮᠠᠭ᠋ᠠᠯᠠᠯᠲᠠ ᠵᠢᠨ ᠡᠬᠡ ᠲᠠᠩᠰᠠ ᠵᠢ ᠪᠠᠶ᠋ᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠂ ᠬᠤᠲᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰᠬᠠᠶ ᠪᠠᠶ᠋ᠢᠴᠠᠭ᠋ᠠᠯᠲᠠ ᠵᠢᠨ ᠠᠵᠢᠯ᠎ᠤᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠦᠨᠡᠨ ᠬᠦ᠌ ᠭᠦᠢ᠍ᠴᠡᠳᠭᠡᠵᠦ᠂ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ ᠪᠠ ᠬᠠᠷᠢᠭᠤᠴᠠᠯᠭ᠋ᠠᠲᠠᠨ᠎ᠢ ᠲᠣᠳᠣᠷᠬᠠᠶ᠋ᠢᠯᠠᠵᠤ᠂ ᠵᠣᠬᠢᠶᠠᠨ ᠪᠠᠶ᠋ᠢᠭᠤᠯᠤᠯᠲᠠ ᠵᠢ ᠪᠣᠳᠠᠲᠠᠶ᠋ᠢᠵᠢᠭᠤᠯᠵᠤ᠂ ᠬᠠᠷᠢᠭᠤᠴᠠᠯᠭ᠎ᠠ ᠵᠢ ᠬᠥᠮᠦᠨ᠎ᠳᠤ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠤᠬᠠᠭᠤᠯᠭ᠎ᠠ᠂ ᠲᠡᠦᠬᠡ ᠵᠢᠨ ᠳᠤᠷᠠᠰᠬᠠᠯᠲᠤ ᠵᠦᠢ᠍ᠯᠡᠰ ᠵᠡᠷᠭᠡ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ᠎ᠪᠠᠨ ᠰᠠᠨᠠᠭ᠋ᠠᠴᠢᠯᠠᠭ᠎ᠠ᠎ᠠᠴᠠ᠎ᠪᠠᠨ ᠴᠢᠩᠭ᠋ᠠᠳᠬᠠᠵᠤ᠂ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠵᠦ᠂ ᠢᠯᠠᠩᠭᠤᠶ᠎ᠠ ᠲᠤᠰᠬᠠᠢ ᠵᠦᠢ᠍ᠯ᠎ᠤᠨ ᠪᠠᠶ᠋ᠢᠴᠠᠭ᠋ᠠᠯᠲᠠ᠂ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠵᠡᠷᠭᠡ ᠲᠠᠯ᠎ᠠ᠎ᠪᠠᠷ ᠨᠢᠭᠲᠠ ᠬᠠᠮᠵᠢᠯᠴᠠᠬᠤ ᠬᠡᠷᠡᠭᠲᠡᠢ᠃ ᠡᠭᠦᠨ᠎ᠤ ᠬᠠᠮᠲᠤ᠂ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠡᠷᠭᠡᠵᠢᠯ᠎ᠤᠨ ᠪᠠᠲᠤᠯᠠᠭ᠎ᠠ ᠵᠢ ᠴᠢᠩᠭ᠋ᠠᠳᠬᠠᠵᠤ᠂ ᠨᠡᠶ᠋ᠢᠭᠡᠮ᠎ᠤᠨ ᠡᠯ᠎ᠡ ᠡᠲᠡᠭᠡᠳ ᠪᠣᠯᠤᠨ ᠥᠷᠭᠡᠨ ᠤᠯᠠᠨ ᠲᠦᠮᠡᠨ᠎ᠢ ᠲᠠᠶ᠋ᠢᠴᠢᠯᠠᠨ ᠢᠳᠡᠪᠬᠢᠲᠡᠢ ᠣᠷᠣᠯᠴᠠᠭᠤᠯᠵᠤ᠂ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ ᠭᠡᠵᠤ ᠴᠢᠬᠤᠯᠠᠴᠢᠯᠠᠪᠠ᠃