ᠥᠪᠥᠷ ᠵᠠᠰᠠᠭ ᠥᠰᠥᠭ [2025] 174 ᠳ᠋ᠤᠭᠡᠷ ᠲᠤᠭ᠋ᠠᠳᠤ
ᠪᠤᠭᠤᠲᠤ ᠬᠤᠲᠠ ᠵᠢᠨ ᠠᠷᠠᠳᠤᠨ ᠵᠠᠰᠠᠭᠤᠨ ᠣᠷᠳᠣᠨᠳᠤ᠄
ᠲᠠᠨᠤ ᠬᠤᠲᠠ ᠵᠢᠨ ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠲᠡᠤᠬᠡ ᠵᠢᠨ ᠳᠤᠷᠠᠰᠬᠠᠯᠲᠤ ᠵᠦᠢ᠍ᠯᠡᠰᠤᠨ ᠲᠣᠪᠴᠢᠶᠠ ᠵᠢᠨ ᠬᠢᠨᠠᠨ ᠪᠠᠢ᠌ᠴᠠᠭ᠋ᠠᠯᠳᠠ ᠵᠢ ᠲᠠᠮᠵᠢᠨ ᠳᠡᠪᠰᠢᠭᠦᠯᠦᠭᠰᠡᠨ 《ᠪᠤᠭᠤᠲᠤ ᠬᠤᠲᠠ ᠵᠢ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠲᠠᠰᠤᠨ ᠲᠡᠤᠬᠡ ᠰᠣᠶᠣᠯᠤᠨ ᠨᠠᠷᠠᠲᠤ ᠬᠤᠲᠠ ᠵᠢᠨ ᠵᠢᠭᠰᠠᠭ᠋ᠠᠯᠳᠠᠳᠤ ᠣᠷᠣᠭᠤᠯᠬᠤ ᠲᠤᠬᠠᠶ ᠵᠢᠭ᠋ᠠᠪᠤᠷᠢ ᠠᠪᠬᠤ ᠮᠡᠳᠡᠭᠦᠯᠦᠯᠲᠡ》 ᠤᠯᠤᠯᠠ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠶᠠ᠄
ᠨᠢᠭᠡ᠂ ᠪᠤᠭᠤᠲᠤ ᠬᠤᠲᠠ ᠥᠨᠢ ᠤᠳᠠᠭ᠋ᠠᠨ ᠲᠡᠦᠬᠡᠲᠠᠢ᠂ ᠰᠣᠶᠣᠯᠤᠨ ᠠᠭᠤᠯᠭᠠᠪᠠᠷ ᠡᠯᠪᠡᠭ᠂ ᠲᠡᠦᠬᠡ ᠵᠢᠨ ᠳᠦᠷᠰᠦ ᠪᠠᠶ᠋ᠢᠳᠠᠯ ᠣᠯᠠᠨ ᠶᠠᠩᠵᠤ ᠵᠢᠨ ᠪᠠᠶ᠋ᠢᠵᠤ᠂ ᠳᠤᠮᠳᠠᠳᠤ ᠵᠢᠨ ᠪᠣᠯᠪᠠᠰᠤᠨᠤ ᠴᠢᠬᠤᠯᠠ ᠠᠴᠢᠶᠠᠯᠠᠪᠤᠷᠢ ᠵᠢᠨ ᠭᠠᠵᠠᠷ᠂ ᠰᠢᠨᠡ ᠳᠤᠮᠳᠠᠳᠤ ᠤᠯᠤᠰᠤᠨ ᠠᠵᠤ ᠦᠢ᠍ᠯᠡᠳᠪᠦᠷᠢ ᠵᠢᠨ ᠰᠣᠶᠣᠯᠤᠨ ᠲᠥᠯᠥᠭᠡᠯᠡᠬᠦ ᠭᠠᠵᠠᠷ ᠪᠠᠶ᠋ᠢᠵᠤ᠂ ᠴᠢᠬᠤᠯᠠ ᠲᠡᠦᠬᠡ ᠰᠣᠶᠣᠯᠤᠨ ᠦᠨᠡ ᠥᠷᠲᠡᠭᠲᠠᠢ ᠶᠤᠮ᠃ ᠪᠤᠭᠤᠲᠤ ᠬᠣᠲᠠ ᠵᠢ ᠥᠪᠡᠷᠲᠡᠭᠡᠨ ᠵᠠᠰᠠᠬᠤ ᠣᠷᠣᠨᠤ ᠲᠡᠦᠬᠡ ᠰᠤᠶᠤᠯᠤᠨ ᠨᠡᠷᠡᠲᠦ ᠬᠤᠳᠠ ᠵᠢᠨ ᠵᠢᠭᠰᠠᠭ᠋ᠠᠯᠳᠠᠳᠤ ᠣᠷᠣᠭᠤᠯᠬᠤ ᠵᠢ ᠵᠦᠪᠰᠢᠶᠡᠷᠡᠨᠡ᠃
ᠬᠤᠶᠠᠷ᠂ ᠲᠠᠨᠤ ᠬᠤᠲᠠ ᠰᠢᠵᠢᠨᠫᠢᠩᠤᠨ ᠰᠣᠶᠣᠯᠤᠨ ᠦᠵᠡᠯ ᠰᠠᠨᠠᠭᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨᠤ ᠬᠠᠮᠲᠤ ᠵᠢᠨ ᠴᠣᠭᠴᠠ ᠵᠢᠨ ᠤᠬᠠᠮᠰᠠᠷᠢ ᠪᠠᠲᠤ ᠪᠠᠬᠢ ᠪᠤᠢ ᠪᠣᠯᠭ᠋ᠠᠬᠤ ᠠᠵᠢᠯᠤᠨ ᠭᠤᠤᠯ ᠰᠢᠵᠢᠮᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨᠤ ᠨᠠᠮᠤᠨ ᠬᠤᠷᠢᠶᠠ ᠪᠣᠯᠤᠨ ᠵᠠᠰᠠᠭᠤᠨ ᠣᠷᠳᠣᠨᠤ ᠲᠡᠤᠬᠡ ᠰᠣᠶᠣᠯᠢ ᠬᠠᠮᠠᠭ᠋ᠠᠯᠠᠨ ᠤᠯᠠᠮᠵᠢᠯᠠᠬᠤ ᠰᠢᠢ᠍ᠳᠪᠦᠷᠢᠲᠦ ᠪᠣᠳᠣᠯᠭᠠ ᠵᠢᠨ ᠪᠠᠶ᠋ᠢᠷᠢᠯᠠᠭᠤᠯᠤᠯᠲᠠ ᠵᠢ ᠪᠦᠬᠦ ᠲᠠᠯᠠᠪᠠᠷ ᠨᠠᠶ᠋ᠢᠳᠠᠪᠤᠷᠢᠵᠢᠭᠤᠯᠵᠤ᠂ 《ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠣᠯᠣᠰᠤᠨ ᠲᠡᠤᠬᠡ ᠵᠢᠨ ᠲᠤᠷᠠᠰᠬᠠᠯᠳᠦ ᠵᠦᠢ᠍ᠯᠡᠰᠤᠨ ᠬᠠᠮᠠᠭ᠋ᠠᠯᠠᠯᠳᠠ ᠵᠢᠨ ᠠᠷᠭᠠ》᠂ 《ᠲᠡᠤᠬᠡ ᠰᠣᠶᠣᠯᠤᠨ ᠨᠡᠷᠡᠲᠦ ᠬᠤᠲᠠ ᠨᠠᠷᠠᠲᠤ ᠪᠠᠯᠭ᠋ᠠᠰᠤ ᠨᠠᠷᠠᠲᠤ ᠲᠣᠰᠬᠤᠨᠤ ᠬᠠᠮᠠᠭ᠋ᠠᠯᠠᠯᠳᠠ ᠵᠢᠨ ᠲᠤᠭᠳᠠᠭ᠋ᠠᠯ》 ᠪᠣᠯᠤᠨ 《ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠨᠡᠷᠡᠲᠦ ᠬᠤᠲᠠ ᠨᠠᠷᠠᠲᠤ ᠪᠠᠯᠭ᠋ᠠᠰᠤ ᠨᠠᠷᠠᠲᠤ ᠲᠣᠰᠬᠤᠨᠤ ᠲᠡᠤᠬᠡ ᠵᠢᠨ ᠪᠠᠷᠢᠯᠭᠠ ᠵᠢ ᠬᠠᠮᠠᠭ᠋ᠠᠯᠠᠬᠤ ᠠᠷᠭᠠ》 ᠵᠢᠨ ᠱᠠᠭ᠋ᠠᠷᠳᠠᠯᠭᠠ ᠶᠤᠰᠤᠭ᠋ᠠᠷ᠂ ᠪᠤᠭᠤᠲᠤ ᠬᠤᠳᠠ ᠵᠢᠨ ᠲᠡᠦᠬᠡ ᠰᠣᠶᠣᠯᠤᠨ ᠤᠯᠠᠨ ᠡᠰᠢᠲᠦ ᠦᠷᠳᠡᠭ ᠪᠣᠯᠤᠨ ᠣᠨᠴᠠᠯᠢᠭᠢ ᠦᠷᠭᠦᠯᠵᠢᠯᠡᠨ ᠠᠭᠤᠳᠠᠯᠵᠤ᠂ ᠲᠡᠦᠬᠡ ᠰᠣᠶᠣᠯᠤᠨ ᠡᠬᠢ ᠪᠠᠶᠠᠯᠢᠭᠢ ᠬᠠᠮᠠᠭ᠋ᠠᠯᠠᠨ ᠠᠰᠢᠭᠯᠠᠬᠤ ᠵᠢ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠰᠣᠶᠣᠯ ᠵᠡᠷᠭᠡ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯᠢ ᠤᠯᠠᠮᠵᠢᠯᠠᠨ ᠪᠠᠳᠠᠷᠠᠭᠤᠯᠵᠤ᠂ ᠬᠤᠳᠠ ᠵᠢᠨ ᠰᠣᠶᠣᠯᠤᠨ ᠰᠤᠳᠠᠰᠤ ᠵᠢ ᠦᠷᠭᠦᠯᠵᠢᠯᠡᠭᠦᠯᠬᠦ ᠪᠠ ᠤᠯᠠᠮᠵᠢᠯᠠᠬᠤ ᠵᠢ ᠬᠦᠴᠦᠯᠡᠨ ᠠᠬᠢᠭᠤᠯᠬᠤ ᠬᠡᠷᠡᠭᠳᠡᠢ; ᠥᠪᠡᠷᠲᠡᠭᠡᠨ ᠵᠠᠰᠠᠬᠤ ᠣᠷᠣᠨᠤ ᠲᠡᠦᠬᠡ ᠰᠣᠶᠣᠯᠤᠨ ᠨᠠᠷᠠᠲᠤ ᠬᠤᠲᠠ ᠵᠢᠨ ᠵᠢᠭᠰᠠᠭ᠋ᠠᠯᠳᠠᠳᠤ ᠤᠷᠤᠭᠤᠯᠬᠤ ᠵᠦᠪᠰᠢᠶᠡᠷᠡᠯᠢ ᠨᠡᠶ᠋ᠢᠲᠡᠯᠡᠭᠰᠡᠨ ᠡᠳᠦᠷᠠᠴᠠ ᠡᠬᠢᠯᠡᠨ 1 ᠵᠢᠯᠤᠨ ᠳᠣᠲᠣᠷᠠ᠂ ᠬᠠᠤᠯᠢ ᠶᠣᠰᠣᠭ᠋ᠠᠷ ᠪᠤᠭᠤᠲᠤ ᠬᠤᠲᠠ ᠵᠢᠨ ᠲᠡᠦᠬᠡ ᠰᠣᠶᠣᠯᠤᠨ ᠨᠠᠷᠠᠲᠤ ᠬᠤᠲᠠ ᠵᠢ ᠬᠠᠮᠠᠭ᠋ᠠᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠲᠡᠦᠬᠡ ᠰᠣᠶᠣᠯᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠰᠢᠰᠲ᠋ᠧᠮᠵᠢ ᠵᠢ ᠲᠡᠭᠦᠯᠳᠡᠷᠵᠢᠭᠦᠯᠦᠨ᠂ ᠡᠯᠡ ᠲᠥᠷᠥᠯᠤᠨ ᠬᠠᠮᠠᠭ᠋ᠠᠯᠠᠬᠤ ᠡᠲᠡᠭᠡᠳᠲᠤ ᠨᠠᠷᠢᠨ ᠳᠠᠩᠰᠠ ᠵᠢᠨ ᠨᠡᠷᠡᠰᠤᠨ ᠵᠢᠭᠰᠠᠭ᠋ᠠᠯᠲᠠ ᠵᠢ ᠪᠠᠶ᠋ᠢᠭᠤᠯᠵᠤ᠂ ᠬᠠᠮᠠᠭ᠋ᠠᠯᠠᠬᠤ ᠱᠠᠭ᠋ᠠᠷᠳᠠᠯᠭᠠ ᠪᠠ ᠠᠵᠢᠯᠤᠨ ᠬᠠᠷᠢᠭᠤᠴᠠᠯᠭᠠ ᠵᠢ ᠲᠣᠳᠣᠷᠬᠠᠶ᠋ᠢᠯᠠᠨ᠂ ᠬᠠᠮᠠᠭ᠋ᠠᠯᠠᠯᠲᠠ ᠬᠠᠮᠢᠶᠠᠷᠤᠯᠲᠠ ᠵᠢᠨ ᠲᠣᠭᠲᠠᠭ᠋ᠠᠯᠢ ᠲᠣᠭᠲᠠᠭ᠋ᠠᠬᠤ ᠵᠢᠨ ᠬᠠᠮᠲᠤ ᠴᠢᠩᠭᠠ ᠬᠡᠷᠡᠭᠵᠢᠭᠦᠯᠬᠦ ᠬᠡᠷᠡᠭᠲᠡᠶ᠃ ᠬᠣᠲᠠ ᠵᠢᠨ ᠲᠦᠷᠢ ᠲᠦᠷᠬᠦ ᠵᠢᠨ ᠬᠠᠮᠢᠶᠠᠷᠤᠯᠲᠠ ᠵᠢᠨ ᠳᠦᠷᠢᠮᠢ ᠪᠦᠷᠢᠨᠰᠢᠭᠦᠯᠵᠦ᠂ ᠲᠡᠦᠬᠡ ᠰᠣᠶᠣᠯᠤᠨ ᠡᠬᠢ ᠪᠠᠶᠠᠯᠢᠭᠢ ᠬᠠᠮᠠᠭ᠋ᠠᠯᠠᠬᠤ ᠪᠠ ᠬᠣᠲᠠ ᠵᠢᠨ ᠨᠡᠭᠡᠭᠡᠨ ᠬᠦᠭᠵᠢᠭᠦᠯᠦᠯᠳᠡ ᠪᠦᠳᠦᠭᠡᠨ ᠪᠠᠢ᠌ᠭᠤᠯᠤᠯᠳᠠ ᠵᠢᠨ ᠬᠠᠷᠢᠴᠠᠭᠠ ᠵᠢ ᠰᠠᠶ᠋ᠢᠲᠤᠷ ᠰᠢᠢ᠍ᠳᠪᠦᠷᠢᠯᠡᠵᠦ᠂ ᠬᠣᠲᠠ ᠵᠢᠨ ᠤᠯᠠᠮᠵᠢᠯᠠᠯᠲᠤ ᠲᠦᠷᠢ ᠲᠦᠷᠬᠦ ᠵᠢᠨ ᠪᠠᠶ᠋ᠢᠷᠢᠰᠢᠯᠢ ᠬᠠᠮᠠᠭ᠋ᠠᠯᠠᠬᠤ ᠵᠢ ᠴᠢᠬᠤᠯᠠᠴᠢᠯᠠᠵᠤ᠂ ᠪᠦᠬᠦᠯᠢ ᠴᠣᠭᠴᠠ ᠵᠢᠨ ᠴᠢᠨᠠᠷᠲᠠᠶ᠂ ᠰᠢᠰᠲ᠋ᠧᠮᠲᠦ ᠴᠢᠨᠠᠷᠲᠠᠶ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠶ᠃ ᠲᠡᠤᠬᠡ ᠵᠢᠨ ᠳᠤᠷᠠᠰᠬᠠᠯᠲᠤ ᠵᠦᠢ᠍ᠯᠡᠰᠢ ᠬᠠᠮᠠᠭ᠋ᠠᠯᠠᠬᠤ ᠨᠢᠭᠡᠴᠢ ᠪᠠ ᠲᠡᠤᠬᠡ ᠵᠢᠨ ᠪᠠᠷᠢᠯᠭᠠ ᠵᠢ ᠬᠠᠮᠠᠭ᠋ᠠᠯᠠᠵᠤ ᠰᠡᠯᠪᠢᠨ ᠵᠠᠰᠠᠬᠤ ᠪᠠ ᠠᠮᠢᠳᠤᠯᠢᠭᠵᠢᠭᠤᠯᠤᠨ ᠠᠰᠢᠭᠯᠠᠬᠤ ᠵᠢ ᠴᠢᠩᠭ᠋ᠠᠳᠬᠠᠵᠤ᠂ ᠲᠡᠤᠬᠡ ᠰᠣᠶᠣᠯᠤᠨ ᠵᠡᠭᠡᠯᠢ ᠲᠣᠭᠤᠷᠢᠭᠤᠨ ᠢᠵᠢ ᠪᠥᠷᠢᠳᠦᠭᠦᠯᠬᠦ ᠰᠠᠭᠤᠷᠢ ᠪᠡᠯᠡᠳᠬᠡᠮᠵᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨᠤ ᠪᠡᠯᠡᠳᠬᠡᠮᠵᠢ ᠵᠢᠨ ᠲᠤᠳᠠᠭᠳᠠᠯᠢ ᠭᠦᠢ᠍ᠴᠡᠳ ᠨᠥᠬᠦᠪᠥᠷᠢᠯᠡᠵᠦ᠂ ᠬᠥᠮᠦᠨ ᠵᠶ᠋ᠠᠷ ᠦᠨᠳᠦᠰᠦ ᠪᠣᠯᠭ᠋ᠠᠨ ᠬᠠᠭᠤᠴᠢᠨ ᠵᠡᠭᠡᠯᠢ ᠲᠣᠭᠤᠷᠢᠭᠤᠨ ᠬᠦᠮᠦᠰᠤᠨ ᠣᠷᠣᠰᠢᠨ ᠰᠠᠭᠤᠬᠤ ᠣᠷᠴᠢᠨ ᠲᠣᠭᠤᠷᠢᠨᠤ ᠴᠢᠨᠠᠷ ᠴᠢᠨᠰᠠᠭᠠ ᠵᠢ ᠲᠠᠰᠤᠷᠠᠯᠲᠠ ᠥᠬᠡᠶ ᠲᠡᠭᠡᠭᠰᠢᠯᠡᠭᠦᠯᠬᠦ ᠬᠡᠷᠡᠭᠳᠡᠢ; ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢ ᠴᠢᠩᠳᠠᠯᠠᠵᠤ᠂ ᠨᠠᠷᠠᠲᠤ ᠬᠤᠲᠠ ᠵᠢᠨ ᠣᠷᠴᠢᠨ ᠲᠣᠭᠤᠷᠢᠨ ᠪᠠ ᠲᠦᠷᠢ ᠲᠦᠷᠬᠦᠲᠠᠢ ᠵᠣᠬᠢᠴᠠᠯᠳᠤᠬᠤ ᠥᠬᠡᠶ ᠶᠠᠮᠠᠷᠪᠠ ᠪᠥᠲᠥᠭᠡᠨ ᠪᠠᠶ᠋ᠢᠭᠤᠯᠤᠯᠲᠠ ᠵᠢᠨ ᠠᠵᠢᠯᠯᠠᠭᠠ ᠬᠢᠵᠦ ᠪᠣᠯᠬᠤ ᠥᠬᠡᠶ᠂ ᠲᠡᠦᠬᠡ ᠰᠣᠶᠣᠯᠤᠨ ᠥᠪᠤᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷᠢ ᠬᠤᠬᠢᠷᠠᠭᠤᠯᠬᠤ ᠪᠤᠶᠤ ᠲᠤᠷᠠᠪᠠᠷ ᠵᠶ᠋ᠠᠨ ᠰᠢᠯᠵᠢᠭᠦᠯᠵᠦ ᠪᠤᠯᠬᠤ ᠦᠭᠡᠢ᠂ ᠰᠢᠯᠵᠢᠭᠦᠯᠵᠦ ᠪᠤᠯᠤᠰᠢ ᠦᠭᠡᠢ ᠰᠤᠶᠤᠯᠤᠨ ᠲᠡᠤᠬᠡ ᠵᠢᠨ ᠲᠤᠷᠠᠰᠬᠠᠯᠳᠤ ᠵᠦᠢ᠍ᠯᠡᠰ ᠪᠠ ᠲᠡᠤᠬᠡ ᠵᠢᠨ ᠪᠠᠷᠢᠯᠭᠠ ᠵᠢ ᠨᠤᠷᠠᠭ᠋ᠠᠵᠦ ᠪᠣᠯᠬᠤ ᠥᠬᠡᠶ᠃ ᠬᠠᠷᠢᠭᠤᠴᠠᠯᠭᠠ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠵᠤ᠂ ᠡᠭᠦᠷᠭᠡ ᠬᠠᠷᠢᠭᠤᠴᠠᠯᠭᠠᠪᠠᠨ ᠭᠦᠢ᠍ᠴᠡᠳᠬᠡᠭᠰᠡᠨ ᠥᠬᠡᠶ᠂ ᠬᠠᠮᠠᠭ᠋ᠠᠯᠠᠭᠰᠠᠨᠨᠢ ᠭᠦᠢ᠍ᠴᠡᠳ ᠥᠬᠡᠶ᠂ ᠨᠠᠷᠠᠲᠤ ᠬᠤᠲᠠ ᠵᠢᠨ ᠲᠡᠦᠬᠡ ᠰᠣᠶᠣᠯᠤᠨ ᠦᠨᠡ ᠥᠷᠲᠡᠭᠢ ᠬᠦᠨᠳᠦ ᠨᠣᠴᠢᠲᠠᠶ ᠨᠦᠯᠦᠭᠡᠯᠡᠭᠰᠡᠨ ᠦᠢ᠍ᠯᠡ ᠠᠵᠢᠯᠯᠠᠭᠠᠳᠤ ᠬᠠᠤᠯᠢ ᠲᠣᠭᠲᠠᠭ᠋ᠠᠯ ᠶᠣᠰᠣᠭ᠋ᠠᠷ ᠬᠢᠨᠠᠯᠲᠠ ᠲᠠᠯᠪᠢᠵᠤ ᠬᠠᠷᠢᠭᠤᠴᠠᠯᠭᠠ ᠨᠡᠬᠡᠮᠵᠢᠯᠡᠬᠦ ᠡᠷᠴᠢᠮᠢ ᠴᠢᠩᠭ᠋ᠠᠷᠠᠭᠤᠯᠬᠤ ᠬᠡᠷᠡᠭᠳᠡᠢ᠃
ᠭᠤᠷᠪᠠ᠂ ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠂ ᠲᠡᠤᠬᠡ ᠵᠢᠨ ᠳᠤᠷᠠᠰᠬᠠᠯᠲᠤ ᠵᠦᠢ᠍ᠯᠡᠰᠤᠨ ᠲᠣᠪᠴᠢᠶᠠᠠᠴᠠ ᠪᠤᠭᠤᠲᠤ ᠬᠤᠲᠠ ᠵᠢᠨ ᠥᠪᠡᠷᠲᠡᠭᠡᠨ ᠵᠠᠰᠠᠬᠤ ᠣᠷᠣᠨᠤ ᠲᠡᠤᠬᠡ ᠰᠣᠶᠣᠯᠤᠨ ᠨᠠᠷᠠᠲᠤ ᠬᠤᠲᠠ ᠵᠢ ᠬᠠᠮᠠᠭ᠋ᠠᠯᠠᠬᠤ ᠠᠵᠢᠯᠢ ᠵᠢᠯᠣᠭᠤᠳᠬᠤ᠂ ᠬᠢᠨᠠᠯᠲᠠ ᠲᠠᠯᠪᠢᠬᠤ ᠪᠠ ᠪᠠᠶ᠋ᠢᠴᠠᠭ᠋ᠠᠬᠤᠪᠠᠨ ᠴᠢᠩᠭ᠋ᠠᠳᠬᠠᠬᠤ ᠬᠡᠷᠡᠭᠲᠡᠶ᠃
2025 ᠣᠨᠤ 10 ᠳ᠋ᠤᠭ᠋ᠠᠷ ᠰᠠᠷᠠ ᠵᠢᠨ 28ᠤ ᠡᠳᠦᠷ
(ᠲᠤᠰ ᠪᠢᠴᠢᠭ ᠮᠠᠲ᠋ᠧᠷᠢᠶᠠᠯᠢ ᠢᠯᠡ ᠨᠡᠢ᠌ᠳᠡᠯᠡᠨᠡ)