《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠠᠵᠢᠯ᠎ᠤᠨ ᠮᠡᠷᠭᠡᠵᠢᠯ᠎ᠤᠨ ᠵᠦᠭᠯᠡᠭᠦᠷ》᠎ᠢ ᠳᠠᠷᠤᠮᠠᠯᠯᠠᠨ ᠲᠠᠷᠬᠠᠭ᠋ᠠᠪᠠ
2025-12-12

ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠠᠵᠢᠯ᠎ᠤᠨ ᠴᠤᠪᠤᠷᠠᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ᠎ᠤᠨ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ᠎ᠢ ᠳᠡᠭᠡᠭᠰᠢᠯᠡᠭᠦᠯᠬᠦ ᠵᠢᠨ ᠲᠤᠰᠠᠳᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠠᠵᠢᠯ᠎ᠤᠨ ᠮᠡᠷᠭᠡᠵᠢᠯ᠎ᠤᠨ ᠵᠦᠭᠯᠡᠭᠦᠷ》 (ᠳᠣᠷᠣᠭᠰᠢ 《ᠵᠦᠭᠯᠡᠭᠦᠷ》 ᠭᠡᠵᠦ ᠲᠣᠪᠴᠢᠯᠠᠨ᠎ᠠ)᠎ᠢ ᠲᠣᠭᠲᠠᠭ᠋ᠠᠪᠠ᠃ 《ᠵᠦᠭᠯᠡᠭᠦᠷ》᠎ᠲᠤ ᠬᠤᠳᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠠᠵᠢᠯ᠎ᠤᠨ ᠰᠢᠰᠲ᠋ᠧᠮ᠎ᠢ ᠰᠢᠰᠲᠸᠮ᠎ᠲᠠᠢ ᠪᠠᠶ᠋ᠢᠭᠤᠯᠵᠤ᠂ ᠬᠤᠳᠠ ᠵᠢᠨ ᠪᠡᠶ᠎ᠡ ᠵᠢᠨ ᠪᠠᠶ᠋ᠢᠴᠠᠭ᠋ᠠᠯᠲᠠ᠂ ᠬᠢᠨᠠᠨ ᠪᠠᠢ᠌ᠴᠠᠭ᠋ᠠᠯᠳᠠ ᠦᠨᠡᠯᠡᠯᠳᠡ᠂ ᠰᠠᠭᠤᠭ᠋ᠠᠯᠢ ᠠᠷᠠᠳ᠎ᠤᠨ ᠠᠰᠠᠭᠤᠯᠲᠠ ᠵᠢᠨ ᠬᠠᠭᠤᠳᠠᠰᠤ ᠵᠢᠨ ᠪᠠᠶ᠋ᠢᠴᠠᠭ᠋ᠠᠯᠲᠠ ᠵᠡᠷᠭᠡ ᠭᠤᠣᠯ ᠭᠤᠭᠴᠤᠭ᠎ᠠ ᠵᠢᠨ ᠲᠣᠭᠤᠷᠢᠨ᠎ᠳᠤ᠂ ᠪᠡᠶ᠎ᠡ ᠵᠢᠨ ᠪᠠᠶ᠋ᠢᠴᠠᠭ᠋ᠠᠯᠲᠠ ᠵᠢ ᠰᠢᠨᠡᠴᠢᠯᠡᠨ ᠬᠤᠪᠢᠷᠠᠭᠤᠯᠬᠤ᠂ ᠦᠷ᠎ᠡ ᠪᠦᠲᠦᠭᠡᠯ᠎ᠢ ᠭᠦᠨᠵᠡᠭᠡᠶ᠋ᠢᠷᠡᠭᠦᠯᠦᠨ ᠬᠡᠷᠡᠭᠯᠡᠬᠦ ᠵᠡᠷᠭᠡ ᠭᠤᠣᠯᠳᠠᠯᠭ᠎ᠠ᠎ᠲᠠᠢ ᠬᠦᠴᠢᠷ ᠠᠰᠠᠭᠤᠳᠠᠯ᠎ᠲᠠᠢ ᠵᠤᠯᠭ᠋ᠠᠭ᠋ᠠᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠣᠬᠢᠶᠠᠨ ᠪᠠᠶ᠋ᠢᠭᠤᠯᠤᠯᠲᠠ ᠵᠢᠨ ᠲᠣᠭᠲᠠᠴᠠ ᠵᠢ ᠵᠢᠷᠤᠮᠵᠢᠭᠤᠯᠬᠤ᠂ ᠪᠡᠶ᠎ᠡ ᠵᠢᠨ ᠪᠠᠶ᠋ᠢᠴᠠᠭ᠋ᠠᠯᠲᠠ ᠵᠢᠨ ᠠᠭᠤᠯᠭ᠎ᠠ ᠵᠢ ᠨᠠᠷᠢᠯᠢᠬ᠍ᠵᠢᠭᠤᠯᠬᠤ᠂ ᠦᠷ᠎ᠡ ᠪᠦᠲᠦᠭᠡᠯ᠎ᠤᠨ ᠪᠠᠷᠢᠮᠵᠢᠶ᠎ᠠ ᠵᠢ ᠲᠣᠳᠣᠷᠬᠠᠶ᠋ᠢᠯᠠᠬᠤ᠎ᠪᠠᠷ ᠳᠠᠮᠵᠢᠭᠤᠯᠵᠤ᠂ ᠡᠯ᠎ᠡ ᠭᠠᠵᠠᠷ᠎ᠤᠨ ᠬᠤᠳᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢ ᠥᠷᠨᠢᠭᠦᠯᠬᠦ᠎ᠳᠤ ᠪᠦᠬᠦ ᠲᠠᠯ᠎ᠠ ᠵᠢᠨ᠂ ᠰᠢᠰᠲ᠋ᠧᠮ᠎ᠲᠠᠢ ᠮᠡᠷᠭᠡᠵᠢᠯ᠎ᠤᠨ ᠵᠢᠯᠤᠭᠤᠳᠤᠯᠭ᠎ᠠ ᠪᠠ ᠠᠵᠢᠯᠯᠠᠭ᠋ᠠᠨ᠎ᠤ ᠵᠢᠷᠤᠮᠵᠢᠯ᠎ᠢ ᠬᠠᠩᠭ᠋ᠠᠪᠠ᠃

《ᠵᠦᠭᠯᠡᠭᠦᠷ》᠎ᠨᠢ ᠶᠡᠷᠦᠩᠬᠡᠶ ᠲᠦᠷᠢᠮ᠂ ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ᠂ ᠬᠢᠨᠠᠨ ᠪᠠᠢ᠌ᠴᠠᠭ᠋ᠠᠯᠳᠠ ᠦᠨᠡᠯᠡᠯᠳᠡ᠂ ᠰᠠᠭᠤᠭ᠋ᠠᠯᠢ ᠠᠷᠠᠳ᠎ᠤᠨ ᠠᠰᠠᠭᠤᠯᠲᠠ ᠵᠢᠨ ᠬᠠᠭᠤᠳᠠᠰᠤ ᠵᠢᠨ ᠪᠠᠶ᠋ᠢᠴᠠᠭ᠋ᠠᠯᠲᠠ᠂ ᠪᠡᠶ᠎ᠡ ᠵᠢᠨ ᠪᠠᠶ᠋ᠢᠴᠠᠭ᠋ᠠᠯᠲᠠ ᠵᠢᠨ ᠰᠢᠨᠡᠴᠢᠯᠡᠯᠲᠡ ᠬᠤᠪᠢᠷᠠᠭᠤᠯᠤᠯᠳᠠ ᠵᠢ ᠵᠤᠯᠭ᠋ᠠᠭ᠋ᠠᠤᠯᠬᠤ ᠵᠡᠷᠭᠡ ᠨᠡᠶ᠋ᠢᠲᠡ 5 ᠪᠦᠯᠦᠭ᠎ᠪᠠᠷ ᠪᠦᠷᠢᠯᠳᠦᠵᠦ᠂᠂ ᠯᠣᠭᠢᠭ ᠲᠣᠳᠣᠷᠬᠠᠶ᠂ ᠠᠯᠬᠤᠮ ᠠᠯᠬᠤᠮ ᠵᠶ᠋ᠠᠷ ᠭᠦᠨᠵᠡᠭᠡᠶ᠋ᠢᠷᠡᠬᠦ ᠠᠵᠢᠯ᠎ᠤᠨ ᠪᠢᠲᠡᠭᠦᠦ ᠴᠠᠭ᠋ᠠᠷᠢᠭ᠎ᠢ ᠪᠦᠷᠢᠯᠳᠦᠭᠦᠯᠪᠡ᠃ ᠳᠠᠭ᠋ᠠᠯᠳᠤᠭᠤᠯᠤᠭᠰᠠᠨ ᠬᠡᠰᠡᠭ᠎ᠲᠤ᠂ 《2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠭᠦᠢ᠍ᠴᠡᠳᠬᠡᠯ ᠲᠤᠭ᠎ᠠ ᠵᠢᠨ ᠰᠢᠰᠲ᠋ᠧᠮᠵᠢ ᠵᠢᠨ ᠬᠦᠰᠦᠨᠦᠭᠲᠦ》 《ᠬᠢᠨᠠᠨ ᠪᠠᠢ᠌ᠴᠠᠭ᠋ᠠᠯᠳᠠ ᠦᠨᠡᠯᠡᠯᠳᠡ ᠵᠢᠨ ᠭᠦᠢ᠍ᠴᠡᠳᠬᠡᠯ ᠲᠤᠭ᠎ᠠ ᠵᠢᠨ ᠰᠢᠰᠲ᠋ᠧᠮ》 《ᠬᠢᠨᠠᠨ ᠪᠠᠢ᠌ᠴᠠᠭ᠋ᠠᠬᠤ ᠭᠦᠢ᠍ᠴᠡᠳᠬᠡᠯ ᠲᠤᠭ᠎ᠠ ᠵᠢᠨ ᠬᠠᠷᠭᠤᠭᠤᠯᠤᠭᠰᠠᠨ ᠦᠷ᠎ᠡ ᠳ᠋ᠦᠩ᠎ᠤᠨ ᠬᠠᠷᠢᠭᠤ ᠲᠤᠰᠬᠠᠬᠤ ᠬᠦᠰᠦᠨᠦᠭᠲᠦ》 《ᠠᠰᠠᠭᠤᠳᠠᠯ᠎ᠤᠨ ᠨᠠᠷᠢᠨ ᠬᠠᠭᠤᠳᠠᠰᠤ ᠪᠠ ᠴᠡᠭᠴᠡᠯᠡᠨ ᠵᠠᠰᠠᠬᠤ ᠰᠠᠨᠠᠭᠤᠯᠭ᠎ᠠ ᠵᠢᠨ ᠨᠠᠷᠢᠨ ᠬᠠᠭᠤᠳᠠᠰᠤ》 ᠵᠢᠴᠢ 《ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠮᠡᠳᠡᠭᠦᠯᠦᠯᠲᠡ ᠵᠢᠨ ᠲᠣᠪᠴᠢ》 ᠵᠡᠷᠭᠡ 5 ᠵᠦᠢ᠍ᠯ᠎ᠤᠨ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ᠎ᠢ ᠪᠠᠭᠲᠠᠭ᠋ᠠᠵᠤ᠂ ᠡᠯ᠎ᠡ ᠭᠠᠵᠠᠷ᠎ᠤᠨ ᠪᠡᠶ᠎ᠡ ᠵᠢᠨ ᠪᠠᠶ᠋ᠢᠴᠠᠭ᠋ᠠᠯᠲᠠ ᠵᠢᠨ ᠠᠵᠢᠯ ᠥᠷᠨᠢᠭᠦᠯᠬᠦ᠎ᠳᠤ ᠪᠠᠷᠢᠮᠵᠢᠶᠠᠳᠤ ᠪᠠᠭ᠋ᠠᠵᠢ ᠵᠢᠨ ᠳᠡᠮᠵᠢᠯᠭᠡ ᠬᠠᠩᠭ᠋ᠠᠵᠤ᠂ ᠠᠵᠢᠯ᠎ᠤᠨ ᠰᠢᠨᠵᠢᠯᠡᠬᠦ ᠤᠬᠠᠭ᠋ᠠᠨᠴᠢᠯᠠᠯᠲᠠ᠂ ᠵᠢᠷᠤᠮᠵᠢᠭᠤᠯᠤᠯᠲᠠ᠂ ᠨᠠᠶ᠋ᠢᠳᠠᠪᠤᠷᠢᠵᠢᠭᠤᠯᠵᠤ ᠪᠣᠯᠬᠤ ᠵᠢ ᠠᠬᠢᠭᠤᠯᠪᠠ᠃

《ᠵᠦᠭᠯᠡᠭᠦᠷ》᠎ᠢ ᠳᠠᠷᠤᠮᠠᠯᠯᠠᠨ ᠲᠠᠷᠬᠠᠭ᠋ᠠᠭᠰᠠᠨ᠎ᠨᠢ ᠪᠥᠬᠦ ᠣᠷᠣᠨ᠎ᠤ ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠠᠵᠢᠯ᠎ᠳᠤ ᠨᠢᠭᠡᠳᠦᠯᠲᠡᠶ ᠪᠠᠷᠢᠮᠵᠢᠶ᠎ᠠ᠂ ᠲᠣᠳᠣᠷᠬᠠᠶ ᠠᠷᠭ᠎ᠠ ᠵᠠᠮ ᠪᠠ ᠬᠡᠷᠡᠭᠯᠡᠭᠡᠨ᠎ᠤ ᠪᠠᠭ᠋ᠠᠵᠢ ᠵᠢ ᠲᠣᠭᠲᠠᠭ᠋ᠠᠵᠤ ᠦᠭᠴᠡᠢ᠂ ᠪᠥᠬᠦ ᠲᠠᠯ᠎ᠠ ᠵᠢ ᠬᠠᠮᠤᠷᠬᠤ᠂ ᠨᠠᠷᠢᠯᠢᠭ ᠣᠨᠣᠴᠠᠲᠠᠶ ᠭᠦᠨᠵᠡᠭᠡᠶ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠬᠤ ᠣᠨᠴᠠᠯᠢᠭ᠎ᠲᠠᠢ ᠶᠤᠮ᠃ ᠡᠯ᠎ᠡ ᠭᠠᠵᠠᠷ᠎ᠤᠨ᠎ᠬᠢᠨ 《ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠵᠢᠨ ᠠᠵᠢᠯ᠎ᠤᠨ ᠭᠠᠷ ᠳᠡᠪᠲᠡᠷ》 ᠬᠢᠭᠡᠳ ᠲᠣᠰ 《ᠵᠦᠭᠯᠡᠭᠦᠷ》᠎ᠲᠠᠢ ᠤᠶᠠᠯᠳᠤᠭᠤᠯᠤᠨ᠂ ᠬᠤᠲᠠ ᠵᠢᠨ ᠪᠡᠶ᠎ᠡ ᠵᠢᠨ ᠪᠠᠶ᠋ᠢᠴᠠᠭ᠋ᠠᠯᠲᠠ ᠬᠢᠭᠡᠳ ᠬᠤᠲᠠ ᠵᠢᠨ ᠰᠢᠨᠡᠴᠢᠯᠡᠯᠲᠡ ᠵᠢᠨ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠡᠶ᠎ᠡ ᠵᠢᠨ ᠪᠠᠶ᠋ᠢᠴᠠᠭ᠋ᠠᠯᠲᠠ᠎ᠠᠴᠠ ᠬᠤᠳᠠ ᠵᠢᠨ ᠰᠢᠨᠡᠴᠢᠯᠡᠯᠳᠡ ᠬᠦᠷᠲᠡᠯᠡᠬᠢ ᠬᠤᠪᠢᠷᠠᠯᠳᠠ ᠵᠢ ᠵᠤᠯᠭ᠋ᠠᠭ᠋ᠠᠤᠯᠬᠤ ᠭᠤᠭᠴᠤᠭ᠎ᠠ ᠵᠢ ᠨᠡᠪᠲᠡᠷᠡᠭᠦᠯᠵᠦ᠂ ᠬᠤᠲᠠ ᠵᠢᠨ ᠬᠥᠭᠵᠢᠯᠲᠡ᠎ᠳᠤ ᠣᠷᠣᠰᠢᠵᠤ ᠪᠠᠶ᠋ᠢᠭ᠎ᠠ ᠠᠷᠠᠳ᠎ᠤᠨ ᠠᠮᠢᠳᠤᠷᠠᠯ᠎ᠤᠨ ᠡᠪᠡᠷᠰᠢᠶᠡᠯ᠂ ᠵᠠᠰᠠᠯᠲᠠ ᠵᠢᠨ ᠲᠦᠭᠵᠢᠷᠡᠯ᠎ᠢ ᠦᠨᠡᠨ ᠬᠦ᠌ ᠰᠢᠢ᠍ᠳᠪᠦᠷᠢᠯᠡᠬᠦ ᠵᠢ ᠠᠬᠢᠭᠤᠯᠵᠤ᠂ ᠬᠤᠲᠠ ᠵᠢᠨ ᠰᠢᠨᠡᠴᠢᠯᠡᠯᠲᠡ ᠵᠢᠨ ᠭᠤᠤᠯᠳᠠᠯᠭ᠎ᠠ᠎ᠲᠠᠢ ᠡᠭᠦᠷᠭᠡ ᠬᠢᠭᠡᠳ ᠬᠡᠷᠡᠭᠵᠢᠭᠦᠯᠬᠦ ᠲᠥᠷᠥᠯ ᠵᠦᠢ᠍ᠯ᠎ᠤᠨ ᠬᠤᠪᠢᠷᠠᠯᠳᠠ ᠵᠢ ᠦᠨᠡᠨ ᠬᠦ᠌ ᠵᠤᠯᠭ᠋ᠠᠬᠤᠯᠵᠤ᠂ ᠬᠤᠲᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠶ ᠨᠠᠶ᠋ᠢᠳᠠᠪᠤᠷᠢᠵᠢᠭᠤᠯᠵᠤ᠂ ᠣᠷᠳᠣ ᠬᠤᠭᠤᠴᠠᠭ᠋ᠠᠨ᠎ᠤ ᠪᠦᠳᠦᠮᠵᠢᠳᠡᠢ ᠪᠠᠢ᠌ᠬᠤ᠎ᠳᠤ ᠬᠦᠴᠦᠨ ᠨᠡᠮᠡᠷᠢᠯᠡᠨ᠎ᠡ᠃

ᠢᠷᠡᠯᠲᠡ᠄ ᠲᠢᠩᠬᠢᠮ᠎ᠤᠨ ᠬᠤᠲᠠ ᠵᠢᠨ ᠪᠥᠲᠥᠭᠡᠨ ᠪᠠᠶ᠋ᠢᠭᠤᠯᠤᠯᠲᠠ ᠵᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠬᠤᠲᠠ ᠬᠥᠳᠡᠭᠡ ᠵᠢᠨ ᠬᠦᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠤ ᠬᠥᠭᠵᠢᠯᠲᠡ ᠵᠢ ᠠᠬᠢᠭᠤᠯᠬᠤ ᠲᠦ