ᠥᠪᠥᠷ ᠮᠣᠩᠭᠣᠯ 2025 ᠣᠨ᠎ᠤ ᠪᠥᠬᠥ ᠤᠯᠤᠰ᠎ᠤᠨ ᠬᠣᠲᠠ ᠵᠢᠨ ᠤᠰᠤ ᠵᠢ ᠠᠷᠪᠢᠯᠠᠵᠤ ᠬᠡᠷᠡᠭᠯᠡᠬᠦ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ
2025-05-13

    34 ᠳ᠋ᠦ᠍ᠭᠡᠷ 《ᠪᠥᠬᠥ ᠤᠯᠤᠰ᠎ᠤᠨ ᠬᠣᠲᠠ ᠵᠢᠨ ᠤᠰᠤ ᠵᠢ ᠠᠷᠪᠢᠯᠠᠵᠤ ᠬᠡᠷᠡᠭᠯᠡᠬᠦ ᠤᠬᠠᠭᠤᠯᠭ᠎ᠠ ᠵᠢᠨ ᠭᠠᠷᠠᠭ》 ᠬᠦᠷᠴᠦ ᠢᠷᠡᠬᠦ ᠲᠠᠰᠢᠷᠠᠮ ᠵᠶ᠋ᠠᠷ᠂ 5 ᠳ᠋ᠤᠭ᠋ᠠᠷ ᠰᠠᠷ᠎ᠠ ᠵᠢᠨ 11᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠵᠡᠷᠭᠡ ᠣᠯᠠᠨ ᠰᠠᠯᠠᠭ᠎ᠠ ᠮᠥᠴᠢᠷ᠎ᠠᠴᠠ ᠬᠠᠮᠳᠤᠷᠠᠨ ᠡᠷᠭᠢᠯᠡᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠴᠢ ᠬᠥᠬᠡᠬᠣᠲᠠ ᠵᠢᠨ 2025 ᠣᠨ᠎ᠤ ᠪᠥᠬᠥ ᠤᠯᠤᠰ᠎ᠤᠨ ᠬᠣᠲᠠ ᠵᠢᠨ ᠤᠰᠤ ᠵᠢ ᠠᠷᠪᠢᠯᠠᠵᠤ ᠬᠡᠷᠡᠭᠯᠡᠬᠦ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠬᠥᠬᠡᠬᠣᠲᠠ ᠵᠢᠨ ᠠᠯᠲᠠᠢ ᠴᠡᠴᠡᠷᠯᠢᠭ᠎ᠲᠤ ᠡᠬᠢᠯᠡᠪᠡ᠃

     ᠣᠢ᠌ᠯᠠᠭ᠋ᠠᠭᠰᠠᠨ ᠵᠶ᠋ᠠᠷ᠂ ᠲᠣᠰ ᠠᠵᠢᠯᠯᠠᠭ᠎ᠠ᠎ᠨᠢ 《ᠬᠣᠲᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠬᠡᠷᠡᠭᠵᠢᠭᠦᠯᠵᠦ᠂ ᠬᠣᠲᠠ ᠵᠢᠨ ᠤᠰᠤ ᠠᠷᠪᠢᠯᠠᠬᠤ ᠵᠢ ᠬᠠᠮᠵᠢᠯᠴᠠᠨ ᠠᠬᠢᠭᠤᠯᠤᠶ᠎ᠠ》᠎ᠪᠠᠷ ᠭᠣᠣᠯ ᠰᠡᠳᠦᠪ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠳᠤᠷᠠᠳᠤᠭᠰᠠᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠢ ᠵᠢ ᠲᠡᠩᠴᠡᠭᠦᠷᠢᠲᠡᠢ ᠪᠠᠢ᠌ᠯᠭ᠋ᠠᠬᠤ᠂ ᠰᠢᠰᠲ᠋ᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ᠂ ᠪᠥᠬᠥ ᠠᠷᠠᠳ᠎ᠤᠨ ᠤᠰᠤ ᠠᠷᠪᠢᠯᠠᠬᠤ ᠤᠬᠠᠮᠰᠠᠷ᠎ᠢ ᠭᠦᠨᠵᠡᠭᠡᠢ᠌ᠷᠡᠭᠦᠯᠦᠨ᠂ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠲᠦᠯᠬᠢᠨ ᠠᠬᠢᠭᠤᠯᠬᠤ ᠵᠢᠨ ᠲᠥᠯᠥᠭᠡ ᠶᠤᠮ᠃

     ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠤᠰᠤ ᠠᠷᠪᠢᠯᠠᠬᠤ ᠰᠠᠢ᠌ᠨ ᠳᠤᠷ᠎ᠠ ᠵᠢᠨ ᠠᠵᠢᠯᠯᠠᠭᠴᠢ ᠬᠤᠳᠠ ᠵᠢᠨ ᠠᠷᠠᠳ᠎ᠲᠤ ᠤᠰᠤ ᠠᠷᠪᠢᠯᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ᠂ 《ᠠᠷᠠᠳ ᠢᠷᠭᠡᠳ᠎ᠤᠨ ᠤᠰᠤ ᠵᠢ ᠠᠷᠪᠢᠯᠠᠵᠤ ᠬᠡᠷᠡᠭᠯᠡᠬᠦ ᠠᠵᠢᠯᠯᠠᠭ᠎ᠠ ᠵᠢᠨ ᠵᠢᠷᠤᠮᠵᠢᠯ》᠂ ᠳᠠᠬᠢᠯᠲᠠ ᠤᠰᠤ ᠵᠢ ᠠᠰᠢᠭᠯᠠᠬᠤ᠂ ᠬᠠᠶ᠋ᠢᠮᠢᠶᠠᠨ ᠬᠤᠳᠠ ᠵᠢᠨ ᠪᠦᠲᠦᠭᠡᠨ ᠪᠠᠢ᠌ᠭᠤᠯᠤᠯᠲᠠ ᠵᠡᠷᠭᠡ ᠠᠭᠤᠯᠭ᠎ᠠ ᠵᠢ ᠲᠠᠢ᠌ᠯᠪᠤᠷᠢᠯᠠᠬᠤ ᠵᠢᠨ ᠬᠠᠮᠲᠤ ᠤᠰᠤ ᠠᠷᠪᠢᠯᠠᠬᠤ ᠤᠬᠠᠭᠤᠯᠭ᠎ᠠ ᠵᠢᠨ ᠳᠡᠪᠲᠡᠷ᠎ᠢ ᠲᠠᠷᠬᠠᠭ᠋ᠠᠵᠤ᠂  ᠲᠤᠬᠠᠢ ᠵᠢᠨ ᠲᠠᠯᠠᠪᠠᠢ ᠵᠢᠨ ᠤᠯᠠᠨ ᠲᠦᠮᠡᠨ᠎ᠲᠠᠢ ᠤᠰᠤ ᠠᠷᠪᠢᠯᠠᠬᠤ ᠮᠡᠳᠡᠯᠭᠡ ᠵᠢᠨ ᠠᠰᠠᠭᠤᠯᠲᠠ ᠬᠠᠷᠢᠭᠤᠯᠲᠠ᠂ ᠤᠰᠤ ᠠᠷᠪᠢᠯᠠᠬᠤ ᠲᠣᠭᠯᠠᠭ᠋ᠠᠮ ᠵᠡᠷᠭᠡ ᠵᠢ ᠥᠷᠨᠢᠭᠦᠯᠵᠦ᠂ ᠬᠤᠳᠠ ᠵᠢᠨ ᠠᠷᠠᠳ ᠨᠠᠢ᠌ᠵᠠ ᠨᠠᠷ᠎ᠲᠤ ᠤᠰᠤ ᠠᠷᠪᠢᠯᠠᠬᠤ 《ᠮᠡᠳᠡᠯᠭᠡ ᠵᠢᠨ ᠦᠪᠡᠳᠡᠭᠰᠢ ᠳᠠᠶ᠋ᠢᠯᠠᠯᠭ᠎ᠠ》 ᠵᠢ ᠠᠪᠴᠢᠷᠠᠭᠰᠠᠨ ᠪᠠᠢ᠌ᠨ᠎ᠠ᠃

     ᠲᠠᠨᠢᠯᠴᠠᠭᠤᠯᠤᠭᠰᠠᠨ ᠵᠶ᠋ᠠᠷ᠂ ᠣᠢ᠌ᠷ᠎ᠠ ᠵᠢᠨ ᠵᠢᠯ᠎ᠤᠳ᠎ᠲᠤ᠂ ᠪᠥᠬᠥ ᠣᠷᠣᠨ᠎ᠤ ᠳᠡᠭᠡᠳᠦ ᠳᠣᠣᠷᠠᠳᠤ ᠱᠠᠲᠤᠨ᠎ᠤ᠎ᠬᠢᠨ ᠬᠣᠲᠠ ᠵᠢᠨ ᠤᠰᠤ ᠠᠷᠪᠢᠯᠠᠵᠤ ᠬᠣᠷᠣᠭᠳᠠᠯ᠎ᠢ ᠪᠠᠭ᠋ᠠᠰᠬᠠᠬᠤ ᠠᠵᠢᠯ᠎ᠢ ᠢᠳᠡᠪᠬᠢᠲᠡᠢ ᠲᠦᠯᠬᠢᠨ ᠠᠬᠢᠭᠤᠯᠵᠤ᠂ ᠬᠠᠶ᠋ᠢᠮᠢᠶᠠᠨ ᠬᠣᠲᠠ ᠵᠢᠨ ᠪᠦᠲᠦᠭᠡᠨ ᠪᠠᠢ᠌ᠭᠤᠯᠤᠯᠲᠠ᠂ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠬᠦ᠂ ᠬᠣᠭᠣᠯᠠᠢ ᠲᠣᠣᠷ᠎ᠢ ᠰᠢᠨᠡᠳᠬᠡᠨ ᠥᠭᠡᠷᠡᠴᠢᠯᠡᠬᠦ ᠵᠡᠷᠭᠡ ᠬᠣᠲᠠ ᠵᠢᠨ ᠰᠠᠭᠤᠷᠢ ᠲᠥᠬᠦᠭᠡᠷᠦᠮᠵᠢ ᠵᠢ ᠰᠢᠨᠡᠳᠬᠡᠨ ᠥᠭᠡᠷᠡᠴᠢᠯᠡᠬᠦ ᠠᠵᠢᠯ᠎ᠤᠨ ᠳᠤᠮᠳᠠ᠂ ᠬᠣᠲᠠ ᠵᠢᠨ ᠤᠰᠤ ᠬᠡᠷᠡᠭᠯᠡᠬᠦ ᠠᠰᠢᠭᠯᠠᠮᠵᠢ ᠲᠠᠰᠤᠷᠠᠯᠲᠠ ᠦᠭᠡᠢ ᠳᠡᠭᠡᠭᠰᠢᠯᠡᠵᠦ᠂ ᠪᠣᠬᠢᠷ ᠤᠰᠤ ᠵᠢ ᠳᠠᠬᠢᠨ ᠠᠰᠢᠭᠯᠠᠬᠤ ᠵᠢᠴᠢ ᠤᠰᠤᠨ᠎ᠤ ᠣᠷᠴᠢᠨ ᠲᠣᠭᠣᠷᠢᠨ᠎ᠢ ᠰᠠᠢ᠌ᠵᠢᠷᠠᠭᠤᠯᠵᠤ᠂ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠨᠣᠯᠵᠢᠬᠤᠨ᠎ᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠬᠤ ᠵᠢ ᠲᠦᠯᠬᠢᠨ ᠠᠬᠢᠭᠤᠯᠪᠠ᠃ 2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ 《ᠤᠰᠤ ᠠᠷᠪᠢᠯᠠᠬᠤ ᠠᠵᠢᠯᠯᠠᠭ᠎ᠠ》 ᠵᠢᠨ ᠠᠵᠢᠯ᠎ᠤᠨ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠤᠰᠤ ᠬᠠᠩᠭ᠋ᠠᠬᠤ ᠬᠣᠭᠣᠯᠠᠢ ᠲᠣᠣᠷ᠎ᠤᠨ ᠭᠣᠭᠣᠵᠢᠯᠲᠠ ᠬᠣᠬᠢᠷᠠᠯ᠎ᠢ ᠬᠠᠮᠢᠶᠠᠷᠤᠨ ᠡᠵᠡᠮᠳᠡᠬᠦ ᠵᠢ ᠦᠷᠭᠦᠯᠵᠢᠯᠡᠨ ᠴᠢᠩᠭ᠋ᠠᠳᠬᠠᠵᠤ᠂ ᠳᠠᠬᠢᠯᠲᠠ ᠤᠰᠤ ᠵᠢ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠤᠨ᠂ ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ᠂ ᠤᠰᠤ ᠬᠠᠩᠭ᠋ᠠᠬᠤ ᠪᠠᠳᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠤᠰᠤ ᠠᠷᠪᠢᠯᠠᠵᠤ ᠬᠡᠷᠡᠭᠯᠡᠬᠦ ᠠᠵᠢᠯ᠎ᠤᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠢᠳᠡᠪᠬᠢᠲᠡᠢ ᠠᠬᠢᠭᠤᠯᠤᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ