ᠭᠤᠷᠪᠠᠨ ᠰᠠᠯᠠᠭ᠎ᠠ ᠮᠦᠴᠢᠷ᠄ ᠰᠠᠭᠤᠭ᠋ᠠᠯᠢ ᠠᠷᠠᠳ᠎ᠤᠨ ᠣᠷᠣᠨ ᠰᠠᠭᠤᠴᠠ ᠰᠤᠯᠢᠬᠤ ᠬᠤᠳᠠᠯᠳᠤᠨ ᠠᠪᠬᠤ ᠵᠢ ᠳᠡᠮᠵᠢᠬᠦ ᠬᠤᠪᠢ ᠬᠥᠮᠥᠨ᠎ᠤ ᠠᠰᠢᠭ ᠣᠷᠣᠯᠭ᠎ᠠ ᠵᠢᠨ ᠭᠠᠶ᠋ᠢᠯᠢ ᠵᠢᠨ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠦᠨ᠎ᠡ
2026-01-16

ᠲᠦᠷᠦᠭᠦᠬᠡᠨ᠂ ᠡᠳ᠋᠎ᠤᠨ ᠵᠠᠰᠠᠭ᠎ᠤᠨ ᠶᠠᠮᠤᠨ᠂ ᠭᠠᠶ᠋ᠢᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ ᠬᠠᠮᠲᠤᠷᠠᠨ 《ᠰᠠᠭᠤᠭ᠋ᠠᠯᠢ ᠠᠷᠠᠳ᠎ᠤᠨ ᠣᠷᠣᠨ ᠰᠠᠭᠤᠴᠠ ᠰᠤᠯᠢᠬᠤ ᠬᠤᠳᠠᠯᠳᠤᠨ ᠠᠪᠬᠤ ᠵᠢ ᠳᠡᠮᠵᠢᠬᠦ ᠬᠤᠪᠢ ᠬᠥᠮᠥᠨ᠎ᠤ ᠠᠰᠢᠭ ᠣᠷᠣᠯᠭ᠎ᠠ ᠵᠢᠨ ᠭᠠᠶ᠋ᠢᠯᠢ ᠵᠢᠨ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠬᠦ ᠲᠤᠬᠠᠢ ᠠᠯᠪᠠᠨ ᠵᠠᠷ》᠎ᠢ ᠨᠡᠶ᠋ᠢᠲᠡᠯᠡᠪᠡ᠃

《ᠠᠯᠪᠠᠨ ᠵᠠᠷ》᠎ᠲᠤ᠂ 2026 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ 2027 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠬᠤᠪᠢ ᠬᠦᠮᠦᠨ᠎ᠤ ᠣᠷᠣᠨ ᠰᠠᠭᠤᠴᠠ᠎ᠪᠠᠨ ᠬᠤᠳᠠᠯᠳᠤᠭᠰᠠᠨ᠎ᠤ ᠳᠠᠷᠠᠭ᠎ᠠ 1 ᠵᠢᠯ᠎ᠤᠨ ᠳᠣᠲᠣᠷ᠎ᠠ ᠲᠠᠬᠢᠨ ᠰᠢᠨ᠎ᠡ ᠣᠷᠣᠨ ᠰᠠᠭᠤᠴᠠ ᠬᠤᠳᠠᠯᠳᠤᠨ ᠠᠪᠤᠭᠰᠠᠨ ᠭᠠᠶ᠋ᠢᠯᠢ ᠲᠤᠰᠢᠶᠠᠭᠴᠢ᠎ᠠᠴᠠ ᠣᠷᠣᠨ ᠰᠠᠭᠤᠴᠠ᠎ᠪᠠᠨ ᠬᠤᠳᠠᠯᠳᠤᠬᠤ᠎ᠳᠤ ᠨᠢᠭᠡᠨᠲᠡ ᠲᠤᠰᠢᠶᠠᠭᠰᠠᠨ ᠬᠤᠪᠢ ᠬᠥᠮᠦᠨ᠎ᠤ ᠠᠰᠢᠭ ᠣᠷᠣᠯᠭ᠎ᠠ ᠵᠢᠨ ᠭᠠᠶ᠋ᠢᠯᠢ᠎ᠳᠤᠨᠢ ᠭᠠᠶ᠋ᠢᠯᠢ ᠪᠤᠴᠠᠭ᠋ᠠᠬᠤ ᠬᠠᠷᠠᠭ᠋ᠠᠯᠵᠠᠯ ᠦᠵᠡᠭᠦᠯᠦᠨ᠎ᠡ ᠭᠡᠵᠦ ᠲᠣᠳᠣᠷᠬᠠᠶ᠋ᠢᠯᠠᠪᠠ᠃ ᠪᠥᠬᠦ ᠠᠭᠤᠯᠭ᠎ᠠ᠎ᠨᠢ ᠳᠣᠤᠷᠠᠬᠢ ᠮᠡᠲᠦ᠄

ᠨᠢᠭᠡ᠂ 2026 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ 2027 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠂ ᠬᠤᠪᠢ ᠬᠦᠮᠦᠨ᠎ᠤ ᠣᠷᠣᠨ ᠰᠠᠭᠤᠴᠠ᠎ᠪᠠᠨ ᠬᠤᠳᠠᠯᠳᠤᠭᠰᠠᠨ᠎ᠤ ᠳᠠᠷᠠᠭ᠎ᠠ 1 ᠵᠢᠯ᠎ᠤᠨ ᠳᠣᠲᠣᠷ᠎ᠠ ᠰᠢᠨ᠎ᠡ ᠣᠷᠣᠨ ᠰᠠᠭᠤᠴᠠ ᠬᠤᠳᠠᠯᠳᠤᠨ ᠠᠪᠤᠭᠰᠠᠨ ᠭᠠᠶ᠋ᠢᠯᠢ ᠲᠤᠰᠢᠶᠠᠭᠴᠢ᠎ᠳᠤ ᠣᠷᠣᠨ ᠰᠠᠭᠤᠴᠠ᠎ᠪᠠᠨ ᠬᠤᠳᠠᠯᠳᠤᠬᠤ᠎ᠳᠤ ᠨᠢᠭᠡᠨᠲᠡ ᠲᠤᠰᠢᠶᠠᠭᠰᠠᠨ ᠬᠤᠪᠢ ᠬᠥᠮᠦᠨ᠎ᠤ ᠠᠰᠢᠭ ᠣᠷᠣᠯᠭ᠎ᠠ ᠵᠢᠨ ᠭᠠᠶ᠋ᠢᠯᠢ᠎ᠳᠤᠨᠢ ᠭᠠᠶ᠋ᠢᠯᠢ ᠪᠤᠴᠠᠭ᠋ᠠᠬᠤ ᠬᠠᠷᠠᠭ᠋ᠠᠯᠵᠠᠯ ᠦᠵᠡᠭᠦᠯᠦᠨ᠎ᠡ᠃ ᠡᠭᠦᠨ᠎ᠳᠤ᠂ ᠰᠢᠨ᠎ᠡ᠎ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠵᠢᠨ ᠵᠣᠭᠤᠰ᠎ᠤᠨ ᠲᠤᠭ᠎ᠠ᠎ᠨᠢ ᠬᠤᠳᠠᠯᠳᠤᠭᠰᠠᠨ ᠣᠷᠣᠨ ᠰᠠᠭᠤᠴᠠ ᠵᠢᠨ ᠵᠣᠭᠤᠰ᠎ᠤᠨ ᠲᠤᠭ᠎ᠠ᠎ᠠᠴᠠ ᠶᠡᠭᠡ ᠪᠣᠶᠣ ᠲᠡᠩᠴᠡᠭᠦᠦ ᠪᠠᠶ᠋ᠢᠪᠠᠯ᠂ ᠨᠢᠭᠡᠨᠲᠡ ᠲᠤᠰᠢᠶᠠᠭᠰᠠᠨ ᠬᠤᠪᠢ ᠬᠦᠮᠦᠨ᠎ᠤ ᠠᠰᠢᠭ ᠣᠯᠵᠠᠪᠤᠷᠢ ᠵᠢᠨ ᠭᠠᠶ᠋ᠢᠯᠢ ᠵᠢ ᠪᠦᠬᠦᠨ᠎ᠢ ᠪᠤᠴᠠᠭ᠋ᠠᠨ᠎ᠠ; ᠰᠢᠨ᠎ᠡ᠎ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠵᠢᠨ ᠵᠣᠭᠤᠰ᠎ᠤᠨ ᠲᠤᠭ᠎ᠠ᠎ᠨᠢ ᠬᠤᠳᠠᠯᠳᠤᠭᠰᠠᠨ ᠣᠷᠣᠨ ᠰᠠᠭᠤᠴᠠ ᠵᠢᠨ ᠵᠣᠭᠤᠰ᠎ᠤᠨ ᠲᠤᠭ᠎ᠠ᠎ᠠᠴᠠ ᠪᠠᠭ᠎ᠠ ᠪᠠᠶ᠋ᠢᠪᠠᠯ᠂ ᠰᠢᠨ᠎ᠡ᠎ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠵᠢᠨ ᠵᠣᠭᠤᠰ᠎ᠤᠨ ᠲᠤᠭ᠎ᠠ᠎ᠨᠢ ᠬᠤᠳᠠᠯᠳᠤᠭᠰᠠᠨ ᠣᠷᠣᠨ ᠰᠠᠭᠤᠴᠠ ᠵᠢᠨ ᠵᠣᠭᠤᠰ᠎ᠤᠨ ᠲᠤᠭ᠎ᠠ᠎ᠳᠠᠬᠢ ᠡᠵᠡᠯᠡᠬᠦ ᠬᠠᠷᠢᠴᠠᠯ ᠵᠶ᠋ᠠᠷ ᠨᠦᠭᠡᠨᠳᠡ ᠬᠤᠳᠠᠯᠳᠤᠭᠰᠠᠨ ᠣᠷᠣᠨ ᠰᠠᠭᠤᠴᠠ ᠵᠢᠨ ᠲᠤᠰᠢᠶᠠᠭᠰᠠᠨ ᠬᠤᠪᠢ ᠬᠦᠮᠦᠨ᠎ᠤ ᠠᠰᠢᠭ ᠣᠯᠵᠠᠪᠤᠷᠢ ᠵᠢᠨ ᠭᠠᠶ᠋ᠢᠯᠢ ᠵᠢ ᠪᠤᠴᠠᠭ᠋ᠠᠵᠤ ᠥᠭᠭᠦᠨ᠎ᠡ᠃

ᠬᠣᠶᠠᠷ᠂ ᠲᠤᠰ ᠠᠯᠪᠠᠨ ᠵᠠᠷ᠎ᠲᠤ ᠬᠡᠯᠡᠵᠦ ᠪᠠᠶ᠋ᠢᠭ᠎ᠠ ᠣᠳᠣ ᠵᠢᠨ ᠰᠠᠭᠤᠭ᠎ᠠ ᠣᠷᠣᠨ ᠰᠠᠭᠤᠴᠠ᠎ᠪᠠᠨ ᠬᠤᠳᠠᠯᠳᠤᠭᠰᠠᠨ ᠵᠣᠭᠣᠰ᠎ᠤᠨ ᠲᠣᠭ᠎ᠠ᠎ᠨᠢ ᠲᠤᠰ ᠭᠡᠷ ᠪᠠᠶ᠋ᠢᠰᠢᠩ᠎ᠢ ᠬᠤᠳᠠᠯᠳᠤᠭᠰᠠᠨ ᠵᠠᠬ᠎ᠠ ᠳᠡᠯᠭᠡᠭᠦᠷ᠎ᠤᠨ ᠠᠷᠠᠯᠵᠢᠶ᠎ᠠ ᠪᠦᠲᠦᠭᠰᠡᠨ ᠦᠨ᠎ᠡ ᠪᠣᠯᠤᠨ᠎ᠠ᠃ ᠰᠢᠨ᠎ᠡ᠎ᠪᠠᠷ ᠬᠤᠳᠠᠯᠳᠤᠨ ᠠᠪᠤᠭᠰᠠᠨ ᠣᠷᠣᠨ ᠰᠠᠭᠤᠴᠠ᠎ᠨᠢ ᠰᠢᠨ᠎ᠡ ᠭᠡᠷ ᠪᠠᠶ᠋ᠢᠰᠢᠩ ᠪᠠᠶ᠋ᠢᠪᠠᠯ᠂ ᠭᠡᠷ ᠪᠠᠶ᠋ᠢᠰᠢᠩ ᠬᠤᠳᠠᠯᠳᠤᠨ ᠠᠪᠤᠭᠰᠠᠨ ᠵᠣᠭᠤᠰ᠎ᠤᠨ ᠲᠤᠭ᠎ᠠ᠎ᠨᠢ ᠭᠠᠶ᠋ᠢᠯᠢ ᠲᠤᠰᠢᠶᠠᠭᠴᠢ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠤᠭᠰᠠᠨ ᠭᠡᠷ ᠪᠠᠶ᠋ᠢᠰᠢᠩ ᠬᠤᠳᠠᠯᠳᠤᠨ ᠠᠪᠬᠤ ᠭᠡᠷ᠎ᠡ᠎ᠳᠤ ᠲᠣᠳᠣᠷᠬᠠᠶ᠋ᠢᠯᠠᠭᠰᠠᠨ ᠦᠨ᠎ᠡ ᠬᠠᠩᠰᠢ ᠪᠤᠯᠤᠨ᠎ᠠ; ᠰᠢᠨ᠎ᠡ᠎ᠪᠠᠷ ᠬᠤᠳᠠᠯᠳᠤᠨ ᠠᠪᠤᠭᠰᠠᠨ ᠣᠷᠣᠨ ᠰᠠᠭᠤᠴᠠ᠎ᠨᠢ ᠭᠠᠷ ᠳᠠᠮᠵᠢᠭᠰᠠᠨ ᠭᠡᠷ ᠪᠠᠶ᠋ᠢᠰᠢᠩ ᠪᠠᠶ᠋ᠢᠪᠠᠯ᠂ ᠭᠡᠷ ᠪᠠᠶ᠋ᠢᠰᠢᠩ ᠬᠤᠳᠠᠯᠳᠤᠭᠰᠠᠨ ᠵᠣᠭᠤᠰ᠎ᠤᠨ ᠲᠤᠭ᠎ᠠ᠎ᠨᠢ ᠭᠡᠷ ᠪᠠᠶ᠋ᠢᠰᠢᠩ᠎ᠤᠨ ᠠᠷᠠᠯᠵᠢᠶ᠎ᠠ ᠪᠦᠲᠦᠭᠰᠡᠨ ᠦᠨ᠎ᠡ ᠬᠠᠩᠰᠢ ᠪᠣᠯᠤᠨ᠎ᠠ᠃

ᠭᠤᠷᠪᠠ᠂ ᠲᠣᠰ ᠠᠯᠪᠠᠨ ᠵᠠᠷ᠎ᠲᠤ ᠲᠣᠭᠲᠠᠭ᠋ᠠᠭᠰᠠᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠡᠳ᠋ᠯᠡᠬᠦ ᠭᠠᠶ᠋ᠢᠯᠢ ᠲᠤᠰᠢᠶᠠᠭᠴᠢ ᠡᠷᠬᠡᠪᠰᠢ ᠳᠣᠤᠷᠠᠬᠢ ᠨᠥᠬᠦᠴᠡᠯ᠎ᠢ ᠬᠠᠮᠲᠤ᠎ᠳᠤᠨᠢ ᠬᠠᠩᠭ᠋ᠠᠬᠤ ᠬᠡᠷᠡᠭᠲᠡᠶ᠄

1. ᠭᠠᠶ᠋ᠢᠯᠢ ᠲᠤᠰᠢᠶᠠᠭᠴᠢ ᠵᠢᠨ ᠬᠤᠳᠠᠯᠳᠤᠭᠰᠠᠨ ᠪᠠ ᠳᠠᠬᠢᠨ ᠬᠤᠳᠠᠯᠳᠤᠨ ᠠᠪᠤᠭᠰᠠᠨ ᠣᠷᠣᠨ ᠰᠠᠭᠤᠴᠠ᠎ᠨᠢ ᠠᠳᠠᠯᠢ ᠨᠢᠭᠡᠨ ᠬᠤᠲᠠ ᠵᠢᠨ ᠬᠡᠪᠴᠢᠶᠡᠨ᠎ᠳᠤ ᠪᠠᠶ᠋ᠢᠬᠤ ᠬᠡᠷᠡᠭᠲᠡᠶ᠃ ᠠᠳᠠᠯᠢ ᠨᠢᠭᠡ ᠬᠣᠲᠠ ᠵᠢᠨ ᠬᠡᠪᠴᠢᠶ᠎ᠡ ᠭᠡᠳᠡᠭ᠎ᠨᠢ ᠰᠢᠭᠤᠳ ᠬᠠᠷᠢᠶ᠎ᠠ ᠬᠣᠲᠠ᠂ ᠳᠡᠳ᠋ ᠮᠤᠵᠢ ᠵᠢᠨ ᠲᠠᠰ᠎ᠤᠨ ᠬᠣᠲᠠ᠂ ᠲᠤᠰᠬᠠᠶ ᠣᠷᠣᠨ᠎ᠤ ᠲᠠᠰ᠎ᠤᠨ ᠬᠣᠲᠠ (ᠭᠠᠵᠠᠷ ᠣᠷᠣᠨ᠂ ᠵᠧᠦ᠂ ᠠᠶ᠋ᠢᠮᠠᠭ) ᠵᠢᠨ ᠬᠠᠷᠢᠶᠠᠨ᠎ᠳᠠᠬᠢ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠪᠦᠬᠦ ᠬᠡᠪᠴᠢᠶ᠎ᠡ ᠵᠢ ᠵᠢᠭ᠋ᠠᠵᠤ ᠪᠤᠶ᠃

2. ᠬᠤᠪᠢ ᠵᠢᠨ ᠣᠷᠣᠨ ᠰᠠᠭᠤᠴᠠ᠎ᠪᠠᠨ ᠬᠤᠳᠠᠯᠳᠣᠠᠠᠰᠠᠨ ᠭᠠᠶ᠋ᠢᠯᠢ ᠲᠣᠰᠢᠶᠬᠠᠴᠢ ᠬᠢᠭᠡᠳ ᠰᠢᠨ᠎ᠡ᠎ᠪᠠᠷ ᠬᠤᠳᠠᠯᠳᠣᠨ ᠠᠪᠤᠠᠠᠰᠠᠨ ᠣᠷᠣᠨ ᠰᠠᠭᠤᠴᠠ ᠵᠢᠨ ᠬᠤᠭᠤᠷᠣᠨᠳᠦ᠎ᠨᠢ ᠰᠢᠭᠤᠳ ᠬᠤᠯᠪᠤᠭ᠎ᠠ᠎ᠲᠠᠢ ᠪᠠᠶ᠋ᠢᠵᠦ᠂ ᠰᠢᠨ᠎ᠡ᠎ᠪᠠᠷ ᠬᠤᠳᠠᠯᠳᠣᠨ ᠠᠪᠤᠠᠠᠰᠠᠨ ᠣᠷᠣᠨ ᠰᠠᠭᠤᠴᠠ ᠵᠢᠨ ᠦᠮᠴᠢᠯᠡᠯ᠎ᠤᠨ ᠡᠷᠬᠡᠲᠦ ᠬᠦᠮᠦᠨ ᠪᠤᠶᠤ ᠦᠮᠴᠢᠯᠡᠯ᠎ᠤᠨ ᠡᠷᠬᠡᠲᠦ ᠬᠦᠮᠦᠨ᠎ᠤ ᠨᠢᠭᠡ ᠪᠠᠶ᠋ᠢᠬᠤ ᠭᠡᠷᠡᠭᠳᠡᠢ᠃

ᠳᠥᠷᠪᠡ᠂ ᠭᠠᠶ᠋ᠢᠯᠢ ᠪᠤᠴᠠᠭ᠋ᠠᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠨᠥᠬᠦᠴᠡᠯ᠎ᠳᠤ ᠨᠡᠶ᠋ᠢᠴᠡᠬᠦ ᠭᠠᠶ᠋ᠢᠯᠢ ᠲᠤᠰᠢᠶᠠᠭᠴᠢ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ᠎ᠳᠤ ᠬᠠᠤᠯᠢ ᠶᠣᠰᠣᠨ᠎ᠤ᠂ ᠬᠦᠴᠦᠨ ᠲᠡᠭᠦᠯᠳᠡᠷ ᠭᠡᠷ ᠪᠠᠢ᠌ᠰᠢᠩ ᠬᠤᠳᠠᠯᠳᠤᠭᠰᠠᠨ᠂ ᠭᠡᠷ ᠪᠠᠶ᠋ᠢᠰᠢᠩ ᠬᠤᠳᠠᠯᠳᠤᠨ ᠠᠪᠤᠭᠰᠠᠨ ᠭᠡᠷ᠎ᠡ ᠪᠠ ᠭᠠᠶ᠋ᠢᠯᠢ ᠵᠢᠨ ᠶᠠᠪᠤᠳᠠᠯ᠎ᠤᠨ ᠭᠤᠤᠯᠴᠢᠯᠠᠨ ᠬᠠᠮᠢᠶᠠᠷᠬᠤ ᠪᠠᠶ᠋ᠢᠭᠤᠯᠭ᠎ᠠ ᠵᠢᠨ ᠬᠠᠩᠭ᠋ᠠᠬᠤ᠎ᠪᠠᠷ ᠱᠠᠭ᠋ᠠᠷᠳᠠᠭᠰᠠᠨ ᠪᠤᠰᠤᠳ ᠬᠤᠯᠪᠣᠭᠳᠠᠯ ᠪᠦᠬᠦᠢ ᠮᠠᠲ᠋ᠧᠷᠢᠶᠠᠯ᠎ᠢ ᠬᠠᠩᠭ᠋ᠠᠵᠤ᠂ ᠭᠤᠤᠯᠴᠢᠯᠠᠨ ᠬᠠᠮᠢᠶᠠᠷᠬᠤ ᠭᠠᠶ᠋ᠢᠯᠢ ᠵᠢᠨ ᠶᠠᠪᠤᠳᠠᠯ᠎ᠤᠨ ᠪᠠᠶ᠋ᠢᠭᠤᠯᠭ᠎ᠠ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ ᠭᠠᠶ᠋ᠢᠯᠢ ᠪᠤᠴᠠᠭ᠋ᠠᠬᠤ ᠵᠢ ᠭᠦᠢ᠍ᠴᠡᠳᠬᠡᠨ᠎ᠡ᠃

ᠲᠠᠪᠤ᠂ ᠡᠯ᠎ᠡ ᠱᠠᠲᠤᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠨᠢ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠠᠢ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠶ᠋ᠢᠭᠤᠯᠵᠤ᠂ ᠲᠤᠰ ᠭᠠᠵᠠᠷ ᠣᠷᠣᠨ᠎ᠤ ᠭᠡᠷ ᠪᠠᠶ᠋ᠢᠰᠢᠩ᠎ᠤᠨ ᠠᠷᠠᠯᠵᠢᠶᠠᠨ᠎ᠤ ᠭᠡᠷ᠎ᠡ ᠵᠢ ᠰᠦᠯᠵᠢᠶᠡᠨ ᠳᠡᠭᠡᠷ᠎ᠡ ᠪᠦᠷᠢᠳᠬᠡᠨ ᠳᠠᠩᠰᠠᠯᠠᠭᠤᠯᠬᠤ ᠵᠡᠷᠭᠡ ᠮᠡᠳᠡᠭᠡ ᠵᠠᠩᠭᠢ (ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ ᠵᠢ ᠬᠦᠴᠦᠨ ᠦᠭᠡᠢ ᠪᠣᠯᠭ᠋ᠠᠬᠤ ᠵᠢ ᠪᠠᠭᠲᠠᠭ᠋ᠠᠨ᠎ᠠ) ᠵᠢ ᠲᠤᠬᠠᠢ ᠵᠢᠨ ᠭᠠᠵᠠᠷ᠎ᠤᠨ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠴᠠᠭ ᠲᠤᠬᠠᠢ᠎ᠳᠤᠨᠢ ᠬᠠᠮᠲᠤ᠎ᠳᠤ᠎ᠪᠠᠨ ᠡᠳ᠋ᠯᠡᠬᠦ ᠬᠡᠷᠡᠭᠲᠡᠢ; ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠬᠠᠮᠲᠤ᠎ᠪᠠᠷ ᠡᠳ᠋ᠯᠡᠬᠦ ᠵᠢ ᠲᠦᠷ ᠪᠡᠶᠡᠯᠡᠭᠦᠯᠦᠭᠡᠳᠦᠢ ᠭᠠᠵᠠᠷ ᠣᠷᠣᠨ᠎ᠳᠤ᠂ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠨ ᠭᠠᠶ᠋ᠢᠯᠢ ᠪᠤᠴᠠᠭ᠋ᠠᠬᠤ ᠵᠢ ᠬᠢᠨᠠᠨ ᠬᠠᠷᠭᠤᠭᠤᠯᠬᠤ᠎ᠳᠤ ᠬᠡᠷᠡᠭᠰᠡᠬᠦ ᠭᠡᠷ ᠪᠠᠶ᠋ᠢᠰᠢᠩ᠎ᠤᠨ ᠠᠷᠠᠯᠵᠢᠶᠠᠨ᠎ᠤ ᠭᠡᠷ᠎ᠡ ᠵᠢᠨ ᠪᠦᠷᠢᠳᠬᠡᠨ ᠳᠠᠩᠰᠠᠯᠠᠭᠤᠯᠬᠤ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃

ᠢᠷᠡᠯᠲᠡ᠄ ᠰᠣᠨᠢᠨ ᠮᠡᠳᠡᠭᠡᠨ᠎ᠤ ᠨᠡᠪᠲᠡᠷᠡᠭᠦᠯᠭᠡ