ᠬᠥᠯᠥᠨ ᠪᠤᠶ᠋ᠢᠷ ᠬᠤᠲᠠ ᠵᠢᠨ ᠡᠷᠭᠦᠨ᠎ᠡ ᠬᠤᠲᠠ ᠵᠢᠨ ᠬᠡᠷᠡᠭ᠎ᠤᠨ ᠵᠢᠱ᠌ᠢᠶ᠎ᠡ ᠳᠠᠬᠢᠨᠲᠠ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠤᠯᠠᠮᠵᠢᠯᠠᠯᠲᠤ ᠠᠢ᠌ᠯ ᠲᠣᠰᠬᠤᠨ᠎ᠢ ᠬᠠᠮᠠᠭ᠋ᠠᠯᠠᠵᠤ ᠠᠰᠢᠭᠯᠠᠬᠤ ᠬᠠᠭᠤᠯᠪᠤᠷᠢᠯᠠᠵᠤ ᠪᠣᠯᠬᠤ ᠲᠤᠷᠰᠢᠯᠭ᠎ᠠ ᠵᠢᠨ ᠨᠠᠷᠢᠨ ᠬᠠᠭᠤᠳᠠᠰᠤ᠎ᠳᠤ ᠰᠣᠩᠭᠤᠭᠳᠠᠪᠠ
2025-12-30

ᠬᠥᠯᠥᠨ ᠪᠤᠶ᠋ᠢᠷ ᠬᠤᠲᠠ ᠵᠢᠨ ᠡᠷᠭᠦᠨ᠎ᠡ ᠬᠤᠲᠠ ᠶᠡᠷᠦᠩᠬᠡᠶ ᠱᠦᠵᠢ ᠰᠢ᠎ᠵᠢᠨ᠎ᠫᠢᠩ᠎ᠤᠨ 《ᠤᠯᠠᠮᠵᠢᠯᠠᠯᠲᠤ ᠠᠢ᠌ᠯ ᠲᠣᠰᠬᠤᠨ᠎ᠢ ᠰᠠᠶ᠋ᠢᠲᠤᠷ ᠥᠭᠡᠷᠡᠴᠢᠯᠡᠨ ᠰᠠᠶ᠋ᠢᠵᠢᠷᠠᠭᠤᠯᠵᠤ᠂ ᠰᠠᠶ᠋ᠢᠲᠤᠷ ᠬᠠᠮᠠᠭ᠋ᠠᠯᠠᠬᠤ ᠬᠡᠷᠡᠭᠳᠡᠢ》 ᠭᠡᠬᠦ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠷᠣᠨ ᠪᠦᠰᠡ ᠵᠢᠨ ᠳᠣᠲᠣᠷᠠᠬᠢ 5 ᠰᠢᠶᠠᠩ ᠪᠠᠯᠭ᠋ᠠᠰᠤ ᠵᠢᠨ 11 ᠤᠯᠠᠮᠵᠢᠯᠠᠯᠲᠤ ᠠᠢ᠌ᠯ ᠲᠣᠰᠬᠤᠨ᠎ᠢ ᠬᠠᠮᠠᠭ᠋ᠠᠯᠠᠵᠤ ᠠᠰᠢᠭᠯᠠᠬᠤ ᠠᠵᠢᠯ᠎ᠢ ᠰᠢᠰᠲ᠋ᠧᠮ᠎ᠲᠠᠢ ᠠᠬᠢᠭᠤᠯᠵᠤ᠂ ᠲᠤᠷᠰᠢᠯᠭ᠎ᠠ ᠠᠷᠭ᠎ᠠ ᠬᠢᠳᠡᠯ᠎ᠨᠢ ᠳᠠᠬᠢᠨᠲᠠ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ 《ᠤᠯᠠᠮᠵᠢᠯᠠᠯᠲᠤ ᠠᠢ᠌ᠯ ᠲᠣᠰᠬᠤᠨ᠎ᠢ ᠬᠠᠮᠠᠭ᠋ᠠᠯᠠᠵᠤ ᠠᠰᠢᠭᠯᠠᠬᠤ ᠲᠤᠷᠰᠢᠯᠭ᠎ᠠ ᠵᠢᠨ ᠨᠠᠷᠢᠨ ᠬᠠᠭᠤᠳᠠᠰᠤ (ᠭᠤᠷᠪᠠᠳᠤᠭ᠋ᠠᠷ ᠪᠦᠯᠦᠭ)》᠎ᠳᠤ ᠰᠣᠩᠭᠤᠭᠳᠠᠵᠤ᠂ ᠤᠮᠠᠷᠠᠲᠤ ᠵᠢᠨ ᠬᠢᠯᠢ ᠬᠢᠵᠠᠭ᠋ᠠᠷ ᠣᠷᠣᠨ᠎ᠤ ᠤᠯᠠᠮᠵᠢᠯᠠᠯᠲᠤ ᠲᠣᠰᠬᠤᠨ᠎ᠢ ᠬᠥᠭᠵᠢᠭᠦᠯᠦᠨ ᠠᠰᠢᠭᠯᠠᠬᠤ᠎ᠳᠤ ᠦᠢ᠍ᠯᠡᠳᠦᠯᠭᠡ ᠵᠢᠨ ᠥᠯᠢᠭᠡᠷ ᠬᠡᠪ᠎ᠢ ᠬᠠᠩᠭ᠋ᠠᠪᠠ᠃

ᠨᠢᠭᠡ᠂ ᠲᠣᠭᠲᠠᠴᠠ ᠵᠢᠨ ᠰᠢᠨ᠎ᠡ ᠵᠢ ᠡᠭᠦᠳᠴᠦ᠂ ᠲᠣᠰᠬᠤᠨ᠎ᠤ ᠠᠷᠠᠳ᠎ᠤᠨ ᠣᠷᠣᠯᠴᠠᠬᠤ ᠰᠠᠭᠤᠷᠢ ᠵᠢ ᠪᠠᠳᠤᠳᠬᠠᠪᠠ᠃ ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ ᠲᠣᠰᠬᠤᠨ᠎ᠤ ᠠᠷᠠᠳ ᠵᠶ᠋ᠠᠷ ᠭᠤᠤᠯ ᠴᠣᠭᠴᠠ ᠪᠣᠯᠭ᠋ᠠᠨ᠂ ᠲᠣᠰᠬᠤᠨ᠎ᠤ ᠠᠷᠠᠳ᠎ᠤᠨ ᠣᠷᠣᠨ ᠰᠠᠭᠤᠴᠠ ᠵᠢᠨ ᠪᠠᠭᠤᠳᠠᠯ ᠡᠵᠡᠩᠨᠡᠬᠦ᠂ ᠭᠠᠷ ᠤᠷᠠᠯᠠᠯ᠎ᠢ ᠤᠯᠠᠮᠵᠢᠯᠠᠨ ᠵᠠᠯᠭ᠋ᠠᠮᠵᠢᠯᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠤᠯᠠᠮᠵᠢᠯᠠᠯᠲᠤ ᠠᠢ᠌ᠯ ᠲᠣᠰᠬᠤᠨ᠎ᠢ ᠬᠠᠮᠠᠭ᠋ᠠᠯᠠᠵᠤ ᠠᠰᠢᠭᠯᠠᠬᠤ ᠠᠵᠢᠯᠯᠠᠭ᠎ᠠ᠎ᠳᠤ ᠭᠦᠨᠵᠡᠭᠡᠢ ᠤᠷᠤᠯᠴᠠᠬᠤ ᠵᠢ ᠬᠦᠳᠦᠯᠦᠨ ᠵᠢᠯᠤᠭᠤᠳᠪᠠ᠃ ᠣᠳᠣᠬᠠᠨ᠎ᠳᠤ ᠡᠯ᠎ᠡ ᠲᠣᠰᠬᠤᠨ᠎ᠳᠤ ᠨᠡᠶ᠋ᠢᠲᠡ 175 ᠵᠣᠴᠢᠳ᠎ᠤᠨ ᠪᠠᠭᠤᠳᠠᠯ ᠤᠷᠤᠨ ᠰᠠᠭᠤᠴᠠ ᠵᠢᠨ ᠪᠠᠭᠤᠳᠠᠯ᠎ᠲᠠᠢ᠂ 2025 ᠣᠨ᠎ᠳᠤ 30 ᠭᠠᠷᠤᠶ ᠰᠢᠨ᠎ᠡ᠎ᠪᠠᠷ ᠨᠡᠮᠡᠭᠳᠡᠵᠦ᠂ ᠠᠰᠢᠭᠯᠠᠭᠳᠠᠭᠰᠠᠨ ᠨᠣᠷᠮ᠎ᠠ ᠠᠳᠠᠯᠢ ᠬᠤᠭᠤᠴᠠᠭ᠋ᠠᠨ᠎ᠤ᠎ᠬᠢ᠎ᠠᠴᠠ 30% ᠳᠡᠭᠡᠭᠰᠢᠯᠡᠪᠡ᠃ ᠵᠥᠪᠬᠡᠨ ᠡᠩᠬᠡ ᠲᠣᠰᠬᠤᠨ᠎ᠤ 109 ᠤᠨᠴᠠᠯᠢᠭᠳᠤ ᠣᠷᠣᠨ ᠰᠠᠭᠤᠴᠠ ᠵᠢᠨ ᠪᠠᠭᠤᠳᠠᠯ 28.4 ᠲᠦᠮᠡᠨ ᠬᠥᠮᠦᠨ ᠤᠳᠠᠭ᠎ᠠ ᠵᠤᠴᠢᠨ ᠬᠦᠯᠢᠶᠡᠨ ᠠᠪᠴᠤ᠂ ᠡᠵᠡᠩᠨᠡᠯᠲᠡ ᠵᠢᠨ ᠣᠷᠣᠯᠭ᠎ᠠ 2435 ᠲᠦᠮᠡᠨ ᠲᠥᠭᠦᠷᠢᠭ᠎ᠲᠤ ᠬᠦᠷᠴᠦ᠂ ᠬᠠᠮᠠᠭ᠋ᠠᠯᠠᠬᠤ ᠪᠠ ᠣᠷᠣᠯᠭ᠎ᠠ᠎ᠪᠠᠨ ᠨᠡᠮᠡᠭᠳᠡᠭᠦᠯᠵᠦ ᠬᠠᠮᠲᠤᠪᠠᠷ ᠠᠰᠢᠭ ᠬᠦᠷᠳᠡᠬᠦ ᠵᠢ ᠪᠡᠶᠡᠯᠡᠭᠦᠯᠪᠡ᠃

ᠬᠤᠶᠠᠷ᠂ ᠲᠥᠷᠥ ᠵᠢᠨ ᠪᠣᠳᠣᠯᠭ᠎ᠠ᠎ᠪᠠᠷ ᠡᠨ᠋ᠸᠷᠬᠢ ᠣᠯᠭᠤᠵᠤ᠂ ᠲᠣᠰ ᠭᠠᠵᠠᠷ ᠣᠷᠣᠨ᠎ᠤ ᠴᠢᠳᠠᠪᠤᠷᠢᠲᠠᠨ᠎ᠤ ᠨᠤᠲᠤᠭ᠎ᠲᠠᠭᠠᠨ ᠪᠤᠴᠠᠨ ᠢᠷᠡᠵᠦ ᠠᠵᠢᠯ ᠦᠢ᠍ᠯᠡᠰ ᠪᠤᠰᠬᠠᠬᠤ ᠵᠢ ᠵᠤᠷᠢᠭᠵᠢᠭᠤᠯᠪᠠ᠃ ᠪᠥᠬᠦ ᠬᠡᠯᠬᠢᠶᠡᠨ᠎ᠤ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠵᠤ᠂ ᠦᠢ᠍ᠯᠡᠰ ᠴᠣᠭᠴᠠᠯᠠᠬᠤ ᠲᠠᠪᠴᠠᠩ ᠪᠠᠶ᠋ᠢᠭᠤᠯᠬᠤ᠂ ᠵᠢᠯᠣᠭᠤᠳᠣᠭᠴᠢ ᠪᠠᠭᠰᠢ ᠲᠣᠬᠢᠷᠠᠭᠤᠯᠤᠨ ᠬᠠᠪᠰᠤᠷᠤᠨ ᠲᠡᠳᠬᠦᠬᠦ᠂ ᠵᠢᠭᠡᠯᠡᠯᠭᠡ ᠵᠢᠨ ᠴᠤᠪᠤᠷᠠᠯ᠎ᠢ ᠳᠥᠭᠦᠮᠴᠢᠯᠡᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠨᠤᠲᠤᠭ᠎ᠲᠠᠭᠠᠨ ᠪᠤᠴᠠᠭᠰᠠᠨ ᠵᠠᠯᠠᠭᠤᠴᠤᠳ᠎ᠤᠨ ᠮᠡᠷᠭᠡᠵᠢᠯ ᠴᠢᠳᠠᠪᠤᠷᠢ ᠬᠢᠭᠡᠳ ᠪᠠᠯᠠ ᠮᠥᠩᠭᠦ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ ᠦᠭᠴᠡᠢ᠃ 109 ᠬᠥᠮᠦᠨ ᠤᠳᠠᠭ᠎ᠠ ᠪᠣᠯᠪᠠᠰᠤᠷᠠᠯ ᠥᠷᠨᠢᠭᠦᠯᠵᠦ᠂ 390 ᠲᠦᠮᠡᠨ ᠲᠥᠭᠦᠷᠢᠭ᠎ᠤᠨ ᠵᠢᠭᠡᠯᠡᠯᠭᠡ ᠲᠠᠯᠪᠢᠵᠤ᠂ ᠵᠠᠭᠤ ᠭᠠᠷᠤᠶ ᠤᠶᠤᠲᠠᠳ᠎ᠢ ᠲᠡᠳᠡᠨ ᠠᠪᠴᠢᠷᠠᠵᠤ᠂ ᠬᠡᠷ ᠪᠦᠯᠢ ᠵᠢᠨ ᠵᠢᠭᠤᠯᠴᠢᠯᠠᠯ᠂ ᠰᠣᠶᠣᠯ᠎ᠤᠨ ᠡᠭᠦᠳᠦᠯᠲᠡ᠂ ᠰᠢᠭᠤᠳ ᠨᠡᠪᠲᠡᠷᠡᠭᠦᠯᠭᠡ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠬᠥᠭᠵᠢᠯᠲᠡ ᠵᠢ ᠳᠠᠶ᠋ᠢᠴᠢᠯᠠᠪᠠ᠃

ᠭᠤᠷᠪᠠ᠂ ᠣᠷᠴᠢᠨ ᠲᠣᠭᠤᠷᠢᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠭᠠᠳᠠᠷ ᠤᠷᠤᠨ᠎ᠤ ᠬᠦᠮᠦᠰ᠎ᠢ ᠰᠢᠨ᠎ᠡ ᠲᠣᠰᠬᠤᠨ᠎ᠤ ᠠᠷᠠᠳ ᠪᠤᠯᠭ᠋ᠠᠪᠠ᠃ ᠡᠩᠬᠡ ᠰᠢᠶᠠᠩ ᠵᠶ᠋ᠠᠷ ᠭᠤᠣᠯ ᠪᠣᠯᠭ᠋ᠠᠵᠤ᠂ 《ᠮᠣᠳᠤᠨ ᠰᠡᠶ᠋ᠢᠯᠦᠮᠡᠯ》 ᠪᠠᠷᠢᠯᠭ᠎ᠠ ᠵᠡᠷᠭᠡ ᠳᠦᠷᠰᠦ ᠪᠠᠶ᠋ᠢᠳᠠᠯ᠎ᠢ ᠬᠠᠮᠠᠭ᠋ᠠᠯᠠᠭᠰᠠᠨ ᠰᠠᠭᠤᠷᠢᠨ ᠳᠡᠭᠡᠷ᠎ᠡ᠂ ᠰᠠᠭᠤᠷᠢ ᠲᠥᠬᠦᠭᠡᠷᠦᠮᠵᠢ ᠵᠢ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠵᠤ᠂ ᠠᠮᠢ ᠠᠬᠤᠢ ᠵᠢᠨ ᠠᠮᠢᠳᠤᠷᠠᠯ᠎ᠤᠨ ᠣᠷᠣᠨ ᠵᠠᠢ ᠵᠢ ᠰᠢᠯᠢᠳᠡᠭᠵᠢᠭᠦᠯᠪᠡ᠃ 《ᠰᠢᠨ᠎ᠡ ᠲᠣᠰᠬᠤᠨ᠎ᠤ ᠠᠷᠠᠳ》᠎ᠤᠨ ᠦᠢ᠍ᠯᠡᠴᠢᠯᠡᠭᠡᠨ᠎ᠤ ᠲᠣᠭᠲᠠᠴᠠ ᠵᠢᠨ ᠰᠢᠨ᠎ᠡ ᠵᠢ ᠡᠭᠦᠳᠴᠦ᠂ ᠪᠡᠭᠡᠵᠢᠩ᠂ ᠱᠠᠩᠬᠠᠶ ᠵᠡᠷᠭᠡ ᠭᠠᠵᠠᠷ᠎ᠠᠴᠠ ᠢᠷᠡᠭᠰᠡᠨ 25 ᠴᠢᠳᠠᠪᠤᠷᠢᠲᠠᠨ᠎ᠢ ᠲᠡᠳᠡᠨ ᠠᠪᠴᠢᠷᠠᠵᠤ᠂ ᠠᠢ᠌ᠯ ᠲᠣᠰᠬᠤᠨ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

ᠳᠥᠷᠪᠡ᠂ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠳᠤ ᠠᠭᠤᠰᠤᠯᠴᠠᠭᠤᠯᠵᠤ᠂ ᠲᠤᠰᠬᠠᠶ ᠮᠡᠷᠭᠡᠵᠢᠯ᠎ᠤᠨ ᠤᠷᠠᠯᠢᠭ᠎ᠤᠨ ᠴᠢᠳᠠᠪᠤᠷᠢ ᠤᠯᠭᠤᠬᠤ ᠵᠢ ᠠᠰᠢᠭᠯᠠᠪᠠ᠃ 《ᠲᠣᠰᠤᠨ ᠵᠢᠷᠤᠭ᠎ᠤᠨ ᠬᠤᠲᠠ》 ᠵᠢᠨ ᠨᠠᠷᠠᠲᠤ ᠲᠡᠮᠳᠡᠭ᠎ᠲᠤ ᠲᠦᠰᠢᠭᠯᠡᠨ᠂ ᠶᠡᠭᠡ ᠳᠡᠭᠡᠳᠦ ᠰᠤᠷᠭ᠋ᠠᠭᠤᠯᠢ᠎ᠲᠠᠢ ᠬᠠᠮᠲᠤᠷᠠᠨ 20 ᠭᠠᠷᠤᠶ ᠵᠣᠬᠢᠶᠠᠨ ᠪᠦᠲᠦᠭᠡᠬᠦ ᠰᠠᠭᠤᠷᠢᠨ ᠭᠠᠵᠠᠷ ᠪᠠᠶ᠋ᠢᠭᠤᠯᠵᠤ᠂ 《ᠤᠷᠠᠯᠢᠭ + ᠣᠷᠣᠨ ᠰᠠᠭᠤᠴᠠ ᠵᠢᠨ ᠪᠠᠭᠤᠳᠠᠯ》᠎ᠤᠨ ᠠᠭᠤᠰᠤᠯᠴᠠᠯ᠎ᠢ ᠠᠬᠢᠭᠤᠯᠵᠤ᠂ ᠨᠡᠭᠡᠭᠡᠨ ᠠᠰᠢᠭᠯᠠᠬᠤ ᠰᠤᠳᠤᠯᠤᠨ ᠰᠤᠷᠤᠯᠴᠠᠬᠤ ᠵᠡᠷᠭᠡ ᠪᠡᠶᠡᠴᠢᠯᠡᠨ ᠣᠶ᠋ᠢᠯᠠᠭ᠋ᠠᠬᠤ ᠲᠥᠷᠥᠯ ᠵᠦᠢ᠍ᠯ᠎ᠢ ᠨᠡᠭᠡᠭᠡᠨ ᠬᠦᠭᠵᠢᠭᠦᠯᠪᠡ᠃ 2025 ᠣᠨ᠎ᠳᠤ ᠡᠩᠬᠡ ᠰᠢᠶᠠᠩ ᠤᠷᠠᠯᠢᠭ᠎ᠤᠨ ᠠᠵᠢᠯᠯᠠᠭ᠎ᠠ 60 ᠭᠠᠷᠤᠶ ᠲᠠᠯᠠᠪᠠᠶ ᠡᠷᠭᠢᠯᠡᠵᠦ᠂ ᠵᠢᠭᠤᠯᠴᠢᠯᠠᠭᠴᠢᠳ᠎ᠢ 60.8 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ᠎ᠤᠨ ᠣᠷᠣᠯᠭ᠎ᠠ 9876 ᠲᠦᠮᠡᠨ ᠲᠥᠭᠦᠷᠢᠭ᠎ᠲᠤ ᠬᠦᠷᠴᠡᠶ᠃

ᠡᠭᠦᠨ᠎ᠠᠴᠠ ᠡᠮᠦᠨ᠎ᠡ᠂ ᠬᠥᠯᠥᠨ ᠪᠤᠶ᠋ᠢᠷ ᠬᠤᠲᠠ ᠵᠢᠨ ᠲᠣᠭᠲᠠᠭ᠋ᠠᠭᠰᠠᠨ ᠤᠯᠠᠮᠵᠢᠯᠠᠯᠲᠤ ᠠᠢ᠌ᠯ ᠲᠣᠰᠬᠤᠨ᠎ᠤ 《ᠮᠣᠳᠣᠨ ᠰᠡᠶ᠋ᠢᠯᠦᠮᠡᠯ》᠎ᠢ ᠰᠡᠯᠪᠢᠨ ᠵᠠᠰᠠᠬᠤ ᠪᠠ ᠠᠰᠢᠭᠯᠠᠬᠤ ᠵᠦᠭᠯᠡᠭᠦᠷ ᠵᠡᠷᠭᠡ ᠮᠡᠷᠭᠡᠵᠢᠯ᠎ᠤᠨ ᠪᠠᠷᠢᠮᠵᠢᠶ᠎ᠠ ᠵᠢᠨ ᠬᠠᠮᠢᠶ᠎ᠠ ᠪᠥᠬᠦᠶ ᠲᠤᠷᠰᠢᠯᠭ᠎ᠠ᠎ᠨᠢ ᠨᠢᠭᠡᠨᠲᠡ ᠬᠤᠶᠠᠳᠤᠭ᠋ᠠᠷ ᠪᠦᠯᠦᠭ᠎ᠤᠨ ᠨᠠᠷᠢᠨ ᠬᠠᠭᠤᠳᠠᠰᠤ᠎ᠪᠠᠷ ᠰᠣᠩᠭᠤᠭᠳᠠᠪᠠ᠃

ᠲᠠᠷᠠᠭ᠋ᠠᠴᠢ ᠵᠢᠨ ᠠᠯᠬᠤᠮ᠎ᠳᠤ᠂ ᠬᠥᠯᠥᠨ ᠪᠤᠶ᠋ᠢᠷ ᠬᠤᠲᠠ ᠤᠯᠠᠮᠵᠢᠯᠠᠯᠲᠤ ᠲᠣᠰᠬᠤᠨ᠎ᠤ ᠬᠠᠮᠠᠭ᠋ᠠᠯᠠᠯᠲᠠ ᠬᠢᠭᠡᠳ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠵᠢ ᠭᠦᠨᠵᠡᠭᠡᠶ ᠠᠭᠤᠰᠤᠯᠴᠠᠭᠤᠯᠬᠤ ᠵᠢ ᠦᠷᠭᠦᠯᠵᠢᠯᠡᠨ ᠠᠬᠢᠭᠤᠯᠵᠤ᠂ ᠤᠨᠴᠠᠯᠢᠬᠳᠤ ᠦᠷᠭᠦᠯᠵᠢᠯᠡᠬᠦ ᠬᠥᠭᠵᠢᠯᠲᠡ ᠵᠢᠨ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠂ ᠡᠶ᠎ᠡ ᠵᠤᠬᠢᠴᠠᠯᠳᠠᠢ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠢ ᠪᠥᠲᠥᠭᠡᠨ ᠪᠠᠶ᠋ᠢᠭᠤᠯᠤᠨ᠎ᠠ᠃

ᠢᠷᠡᠯᠲᠡ᠄ ᠲᠢᠩᠬᠢᠮ᠎ᠤᠨ ᠲᠣᠰᠬᠤᠨ ᠪᠠᠯᠭ᠋ᠠᠰᠤ ᠵᠢᠨ ᠪᠥᠲᠥᠭᠡᠨ ᠪᠠᠶ᠋ᠢᠭᠤᠯᠤᠯᠲᠠ ᠵᠢᠨ ᠭᠠᠵᠠᠷ