ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠪᠣᠯ ᠳᠤᠮᠳᠠᠳᠤ ᠤᠯᠤᠰᠤᠨ ᠡᠪ ᠬᠠᠮᠲᠤ ᠨᠠᠮᠤᠨ ᠲᠥᠪ ᠬᠣᠷᠢᠶ᠎ᠠ᠂ ᠲᠥᠷᠥ ᠵᠢᠨ ᠶᠠᠪᠤᠳᠠᠯᠤᠨ ᠬᠣᠷᠢᠶ᠎ᠠ ᠵᠢᠨ ᠵᠦᠪᠰᠢᠶᠡᠷᠡᠯ ᠵᠶ᠋ᠡᠷ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》ᠢ ᠦᠨᠳᠦᠰᠦᠯᠡᠨ ᠪᠠᠢ᠌ᠭᠤᠯᠤᠭᠳᠠᠭᠰᠠᠨ ᠶᠤᠮ᠂ ᠥᠪᠡᠷᠲᠡᠭᠡᠨ ᠵᠠᠰᠠᠬᠤ ᠣᠷᠣᠨᠤ ᠠᠷᠠᠳᠤᠨ ᠵᠠᠰᠠᠭᠤᠨ ᠣᠷᠳᠣᠨᠤ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃ ᠵᠢᠩᠬᠢᠨᠢ ᠲᠢᠩᠬᠢᠮᠤᠨ ᠲᠡᠰᠤᠨ ᠪᠠᠢ᠌ᠭᠤᠯᠤᠮᠵᠢ ᠮᠦᠨ᠃
ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ
ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ ᠪᠤᠯ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯᠤᠨ ᠲᠤᠬᠠᠶ ᠨᠠᠮᠤᠨ ᠲᠥᠪ ᠬᠤᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶ᠎ᠠ ᠵᠢᠨ ᠬᠠᠮᠢᠶ᠎ᠠ ᠪᠦᠬᠦᠢ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠣᠰᠢᠯᠠᠭᠤᠯᠤᠨ ᠨᠠᠢ᠌ᠳᠠᠪᠣᠷᠢᠵᠢᠭᠣᠯᠵᠤ᠂ ᠲᠤᠰᠢᠶᠠᠯ ᠬᠠᠷᠢᠭᠤᠴᠠᠯᠭ᠎ᠠᠪᠠᠨ ᠭᠦᠢ᠍ᠴᠡᠳᠭᠡᠬᠦ ᠶᠠᠪᠤᠴᠠᠳᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯᠳᠠᠬᠢ ᠨᠠᠮᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠭ᠋ᠠᠨᠠ᠃
ᠭᠣᠣᠯ ᠡᠭᠦᠷᠭᠡ ᠬᠠᠷᠢᠭᠤᠴᠠᠯᠭ᠎ᠠ ᠪᠣᠯ᠄
(ᠨᠢᠭᠡ) ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠨᠤᠲᠤᠭᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯᠤᠨ ᠲᠥᠰᠦᠯᠢ ᠲᠤᠭᠤᠷᠪᠢᠵᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠶᠡᠬᠡ ᠠᠰᠠᠭᠤᠳᠠᠯᠤᠨ ᠲᠤᠬᠠᠶ ᠲᠦᠷᠦ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠳᠤᠷᠠᠳᠴᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠳᠠ ᠵᠢᠨ ᠦᠢ᠍ᠯᠡᠰᠤᠨ ᠬᠥᠭᠵᠢᠯᠲᠡ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠡᠷᠡᠭᠵᠢᠭᠦᠯᠦᠨ᠎ᠡ᠃
(ᠬᠣᠶᠠᠷ) ᠣᠷᠣᠨ ᠰᠠᠭᠤᠴᠠ ᠵᠢᠨ ᠲᠦᠷᠢᠮᠤᠨ ᠥᠭᠡᠷᠡᠴᠢᠯᠡᠯᠲᠡ ᠪᠠ ᠣᠷᠣᠨ ᠰᠠᠭᠤᠴᠠ ᠵᠢᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠦᠬᠦ ᠣᠷᠣᠨᠤ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠪᠣᠯᠤᠨ ᠣᠨᠤ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠠᠲᠤᠯᠠᠭ᠎ᠠ ᠵᠢᠨ ᠴᠢᠨᠠᠷᠲᠠᠶ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠵᠢ ᠵᠢᠯᠣᠭᠤᠳᠤᠨ᠎ᠠ᠃ ᠲᠥᠪᠤᠨ ᠪᠠ ᠥᠪᠡᠷᠲᠡᠭᠡᠨ ᠵᠠᠰᠠᠬᠤ ᠣᠷᠣᠨᠤ ᠪᠠᠲᠤᠯᠠᠭ᠎ᠠ ᠵᠢᠨ ᠴᠢᠨᠠᠷᠲᠠᠶ ᠬᠢᠮᠳᠠ ᠣᠷᠣᠨ ᠰᠠᠭᠤᠴᠠ ᠵᠢᠨ ᠢᠨᠵᠧᠨᠧᠷᠢᠩᠤᠨ ᠪᠡᠯᠡ ᠮᠥᠩᠭᠦ ᠵᠢ ᠲᠣᠬᠢᠷᠠᠭᠤᠯᠬᠤ ᠬᠤᠯᠪᠣᠭᠳᠠᠯ ᠪᠦᠬᠦᠢ ᠵᠦᠢ᠍ᠯᠡᠰᠢ ᠳᠠᠭ᠋ᠠᠭ᠋ᠠᠨ ᠡᠷᠬᠢᠯᠡᠨ᠎ᠡ᠃ ᠥᠪᠡᠷᠲᠡᠭᠡᠨ ᠵᠠᠰᠠᠬᠤ ᠣᠷᠣᠨᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠢ ᠵᠢ ᠬᠠᠷᠢᠭᠤᠴᠠᠨ᠎ᠠ) ᠣᠷᠣᠨ ᠰᠠᠭᠤᠴᠠ ᠵᠢᠨ ᠨᠥᠬᠥᠪᠥᠷᠢ ᠵᠢ ᠬᠢᠨᠠᠨ ᠬᠠᠷᠭᠤᠭᠤᠯᠬᠤ ᠠᠵᠢᠯ᠃ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢ ᠲᠤᠰᠢᠶᠠᠨ ᠬᠠᠳᠠᠭ᠋ᠠᠯᠠᠭᠤᠯᠬᠤ᠂ ᠬᠡᠷᠡᠭᠯᠡᠬᠦ᠂ ᠬᠠᠮᠢᠶᠠᠷᠬᠤ᠂ ᠬᠢᠨᠠᠯᠲᠠ ᠲᠠᠯᠪᠢᠬᠤ ᠵᠡᠷᠭᠡ ᠳᠦᠷᠢᠮ ᠲᠣᠭᠲᠠᠭ᠋ᠠᠯᠢ ᠲᠤᠭᠤᠷᠪᠢᠨ ᠲᠣᠭᠲᠠᠭ᠋ᠠᠨᠠ᠃ ᠪᠥᠬᠦ ᠣᠷᠣᠨᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠪᠠ ᠪᠤᠰᠤᠳ ᠣᠷᠣᠨ ᠰᠠᠭᠤᠴᠠ ᠵᠢᠨ ᠪᠠᠯᠠ ᠮᠥᠩᠭᠦ ᠵᠢ ᠬᠠᠮᠢᠶᠠᠷᠬᠤ᠂ ᠬᠡᠷᠡᠭᠯᠡᠬᠦ ᠪᠠ ᠠᠮᠤᠷ ᠲᠦᠪᠰᠢᠨᠳᠤ ᠬᠢᠨᠠᠯᠲᠠ ᠲᠠᠯᠪᠢᠨ᠎ᠠ᠃ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠠᠵᠢᠯ ᠪᠠ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮᠤᠨ ᠪᠠᠶ᠋ᠢᠭᠤᠯᠤᠯᠲᠠ ᠵᠢ ᠵᠢᠯᠣᠭᠤᠳᠤᠨ᠎ᠠ᠃
(ᠭᠤᠷᠪᠠ) ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷᠤᠨ ᠬᠢᠨᠠᠯᠲᠠ ᠬᠠᠮᠢᠶᠠᠷᠤᠯᠲᠠ ᠪᠣᠯᠤᠨ ᠭᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰᠤᠨ ᠬᠥᠭᠵᠢᠯᠲᠡ ᠵᠢᠨ ᠠᠵᠢᠯᠢ ᠡᠭᠦᠷᠭᠡᠯᠡᠨ᠎ᠡ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷᠤᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠭ᠎ᠠ ᠵᠢᠨ ᠡᠵᠡᠮᠳᠡᠯᠤᠨ ᠲᠥᠷᠥ ᠵᠢᠨ ᠪᠣᠳᠣᠯᠭ᠎ᠠ᠂ ᠳᠦᠷᠢᠮ ᠲᠣᠭᠲᠠᠭ᠋ᠠᠯᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰᠤᠨ ᠬᠥᠭᠵᠢᠯᠲᠡ ᠵᠢᠨ ᠲᠦᠯᠦᠪᠵᠢᠭᠦᠯᠭᠡ ᠪᠠ ᠠᠵᠤ ᠦᠢ᠍ᠯᠡᠰᠤᠨ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠨᠠ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ᠂ ᠭᠡᠷ ᠪᠠᠶ᠋ᠢᠰᠢᠩᠤᠨ ᠡᠷᠬᠡ ᠵᠢᠨ ᠬᠠᠷᠢᠶ᠎ᠠ ᠵᠢᠨ ᠬᠠᠮᠢᠶᠠᠷᠤᠯᠳᠠ᠂ ᠭᠡᠷ ᠪᠠᠶ᠋ᠢᠰᠢᠩᠤᠨ ᠲᠦᠷᠢᠶᠡᠰᠦᠯᠡᠯ᠂ ᠭᠡᠷ ᠪᠠᠶ᠋ᠢᠰᠢᠩᠤᠨ ᠲᠠᠯᠠᠪᠠᠢ ᠵᠢᠨ ᠬᠠᠮᠢᠶᠠᠷᠤᠯᠲᠠ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠵᠢᠱ᠌ᠢᠯᠲᠡ ᠦᠨ᠎ᠡ ᠬᠢᠭᠡᠳ ᠠᠵᠤ ᠠᠬᠤᠢ ᠵᠢᠨ ᠬᠠᠮᠢᠶᠠᠷᠤᠯᠲᠠ᠂ ᠭᠡᠷ ᠪᠠᠶ᠋ᠢᠰᠢᠩ ᠲᠠᠲᠠᠪᠤᠷᠢᠯᠠᠬᠤ ᠳᠦᠷᠢᠮ ᠲᠣᠭᠲᠠᠭ᠋ᠠᠯᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠳᠠ ᠲᠠᠯᠪᠢᠵᠤ ᠬᠡᠷᠡᠭᠵᠢᠭᠦᠯᠦᠨ᠎ᠡ᠃ ᠭᠡᠷ ᠪᠠᠶ᠋ᠢᠰᠢᠩᠤᠨ ᠥᠮᠴᠢᠯᠡᠬᠦ ᠡᠷᠬᠡ ᠵᠢᠨ ᠬᠠᠮᠢᠶᠠᠷᠤᠯᠲᠠ ᠵᠢᠨ ᠠᠵᠢᠯᠢ ᠵᠢᠯᠣᠭᠣᠳᠤᠨ ᠬᠢᠨᠠᠯᠲᠠ ᠲᠠᠯᠪᠢᠵᠤ᠂ ᠭᠡᠷ ᠪᠠᠶ᠋ᠢᠰᠢᠩ ᠳᠠᠩᠰᠠᠯᠠᠬᠤ ᠠᠵᠢᠯᠢ ᠬᠠᠮᠵᠢᠯᠴᠠᠨ ᠵᠢᠯᠣᠭᠣᠳᠤᠨ᠎ᠠ᠃
(ᠲᠦᠷᠪᠡ) ᠤᠯᠤᠰᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠪᠠ ᠬᠣᠯᠪᠣᠭᠳᠠᠯ ᠪᠦᠬᠦᠢ ᠠᠵᠢᠯ ᠲᠥᠷᠥᠯᠤᠨ ᠪᠠᠷᠢᠮᠵᠢᠶ᠎ᠠ ᠵᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠣᠷᠣᠨ ᠨᠤᠲᠤᠭᠤᠨ ᠪᠠᠷᠢᠮᠵᠢᠶ᠎ᠠ ᠪᠣᠯᠤᠨ ᠪᠦᠬᠦ ᠣᠷᠣᠨᠤ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠣᠭᠲᠠᠭᠰᠠᠨ ᠲᠣᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠳᠦ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠪᠠᠶ᠋ᠢᠭᠤᠯᠤᠭᠰᠠᠨ ᠦᠨ᠎ᠡ ᠵᠢᠨ ᠬᠠᠮᠢᠶᠠᠷᠤᠯᠲᠠ ᠵᠢᠨ ᠠᠵᠢᠯᠢ ᠡᠭᠦᠷᠭᠡᠯᠡᠨ᠎ᠡ᠃ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯᠤᠨ ᠪᠣᠯᠤᠮᠵᠢᠲᠤ ᠰᠤᠳᠤᠯᠭ᠋ᠠᠨᠤ ᠦᠨᠡᠯᠡᠯᠲᠡ ᠵᠢᠨ ᠠᠷᠭ᠎ᠠ᠂ ᠠᠵᠤ ᠠᠬᠤᠶ ᠵᠢᠨ ᠪᠣᠯᠵᠣᠯᠲᠤ ᠲᠣᠭ᠎ᠠ᠂ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠪᠣᠯᠤᠨ ᠪᠠᠷᠢᠯᠭ᠎ᠠ ᠵᠢᠨ ᠦᠨ᠎ᠡ ᠵᠢᠨ ᠬᠠᠮᠢᠶᠠᠷᠤᠯᠲᠠ ᠵᠢᠨ ᠳᠦᠷᠢᠮᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠣᠯᠠᠨ ᠨᠡᠢ᠍ᠢ᠍ᠲᠡ ᠵᠢᠨ ᠦᠢ᠍ᠯᠡᠴᠢᠯᠡᠭᠡᠨᠤ ᠪᠡᠯᠡᠳᠬᠡᠮᠵᠢ (ᠴᠢᠮᠡᠭᠡ ᠬᠣᠯᠪᠣᠭ᠋ᠠᠨᠤ ᠪᠡᠯᠡᠳᠬᠡᠮᠵᠢ ᠪᠠᠭᠲᠠᠬᠤ ᠦᠭᠡᠢ) ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠦ ᠬᠡᠷᠡᠭᠵᠢᠭᠦᠯᠦᠨ᠎ᠡ᠃ ᠡᠯ᠎ᠡ ᠲᠥᠷᠥᠯᠤᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢᠨ ᠲᠣᠭᠲᠠᠭᠰᠠᠨ ᠲᠣᠭ᠎ᠠ ᠵᠢ ᠬᠡᠷᠡᠭᠵᠢᠭᠦᠯᠬᠦ ᠪᠠ ᠪᠠᠷᠢᠯᠭ᠎ᠠ ᠵᠢᠨ ᠪᠠᠶ᠋ᠢᠭᠤᠯᠤᠭᠰᠠᠨ ᠦᠨ᠎ᠡ ᠵᠢ ᠪᠣᠳᠣᠬᠤ ᠵᠢ ᠵᠢᠯᠣᠭᠣᠳᠤᠨ ᠬᠢᠨᠠᠯᠲᠠ ᠲᠠᠯᠪᠢᠵᠦ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠣᠭᠲᠠᠭᠰᠠᠨ ᠲᠣᠭ᠎ᠠ ᠪᠣᠯᠤᠨ ᠪᠠᠷᠢᠯᠭ᠎ᠠ ᠵᠢᠨ ᠪᠠᠢ᠌ᠭᠤᠯᠤᠭᠰᠠᠨ ᠦᠨ᠎ᠡ ᠵᠢᠨ ᠮᠡᠳᠡᠭᠡ ᠵᠠᠩᠭᠢ ᠵᠢ ᠵᠣᠬᠢᠶᠠᠨ ᠪᠠᠶ᠋ᠢᠭᠤᠯᠤᠨ ᠨᠡᠢ᠌ᠳᠡᠯᠡᠨᠡ᠃
(ᠲᠠᠪᠤ) ᠪᠠᠷᠢᠯᠭ᠎ᠠ ᠵᠢᠨ ᠵᠠᠬ᠎ᠠ ᠳᠡᠯᠭᠡᠭᠦᠷᠢ ᠬᠢᠨᠠᠨ ᠬᠠᠮᠢᠶᠠᠷᠴᠤ᠂ ᠵᠠᠬ᠎ᠠ ᠳᠡᠯᠭᠡᠭᠦᠷᠤᠨ ᠭᠣᠤᠯ ᠴᠣᠭᠴᠠ ᠵᠢᠨ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃ ᠪᠠᠷᠢᠯᠭ᠎ᠠ ᠵᠢᠨ ᠵᠠᠬ᠎ᠠ ᠳᠡᠯᠭᠡᠭᠦᠷ᠂ ᠠᠵᠢᠯ ᠲᠥᠷᠥᠯᠤᠨ ᠬᠢᠨᠠᠯᠲᠠ ᠬᠠᠮᠢᠶᠠᠷᠤᠯᠲᠠ ᠪᠠ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠎ᠠ ᠵᠢ ᠵᠢᠷᠤᠮᠵᠢᠭᠤᠯᠬᠤ ᠳᠦᠷᠢᠮ ᠲᠣᠭᠲᠠᠭ᠋ᠠᠯᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠵᠦ ᠬᠡᠷᠡᠭᠵᠢᠭᠦᠯᠦᠨ᠎ᠡ᠃ ᠪᠠᠷᠢᠯᠭ᠎ᠠ ᠵᠢᠨ ᠦᠢ᠍ᠯᠡᠰ᠂ ᠬᠠᠶ᠋ᠢᠨ ᠪᠠᠶ᠋ᠢᠴᠠᠭ᠋ᠠᠬᠤ ᠵᠢᠷᠤᠭ ᠲᠥᠯᠥᠪᠯᠡᠭᠡ ᠵᠢᠨ ᠦᠢ᠍ᠯᠡᠰ᠂ ᠪᠠᠷᠢᠯᠭ᠎ᠠ ᠵᠢᠨ ᠬᠢᠨᠠᠨ ᠬᠠᠮᠢᠶᠠᠷᠬᠤ ᠵᠥᠪᠯᠡᠯᠭᠡ ᠥᠭᠬᠦ ᠦᠢ᠍ᠯᠡᠰᠤᠨ ᠠᠵᠢᠯ ᠲᠥᠷᠥᠯᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ᠂ ᠤᠷᠳᠦ ᠬᠤᠭᠤᠴᠠᠭ᠋ᠠᠨᠤ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠠᠵᠤ ᠠᠬᠤᠶ᠋ᠢᠯᠠᠯ᠂ ᠨᠢᠭᠡᠴᠡ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠭᠡᠷ ᠳᠣᠲᠣᠷᠠᠬᠢ ᠵᠠᠰᠠᠯ ᠴᠢᠮᠡᠭᠯᠡᠯᠤᠨ ᠦᠢ᠍ᠯᠡᠰᠢ ᠬᠠᠮᠢᠶᠠᠷᠬᠤ ᠪᠠ ᠵᠢᠯᠣᠭᠣᠳᠤᠨ᠎ᠠ᠃ ᠪᠠᠷᠢᠯᠭ᠎ᠠ ᠵᠢᠨ ᠠᠵᠤ ᠠᠬᠤᠶ᠋ᠢᠯᠠᠯ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠭᠠᠳᠠᠭ᠋ᠠᠳᠤᠳᠤ ᠳᠠᠭ᠋ᠠᠭ᠋ᠠᠴᠢᠯᠠᠭᠤᠯᠬᠤ᠂ ᠪᠠᠷᠢᠯᠭ᠎ᠠ ᠵᠢᠨ ᠬᠥᠳᠡᠯᠮᠦᠷᠢ ᠦᠢ᠍ᠯᠡᠴᠢᠯᠡᠭᠡᠨᠤ ᠬᠠᠮᠲᠤᠷᠠᠯᠴᠠᠭᠠᠳᠤ ᠤᠷᠤᠯᠴᠠᠭᠤᠯᠤᠨ᠎ᠠ᠃
(ᠵᠢᠷᠭᠤᠭ᠎ᠠ) ᠪᠠᠷᠢᠯᠭ᠎ᠠ ᠵᠢᠨ ᠠᠵᠢᠯᠤᠨ ᠶᠠᠰᠤ ᠴᠢᠨᠠᠷᠤᠨ ᠠᠶᠦᠯᠭᠦᠢ ᠵᠢᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃ ᠪᠠᠷᠢᠯᠭ᠎ᠠ ᠵᠢᠨ ᠠᠵᠢᠯᠤᠨ ᠶᠠᠰᠤ ᠴᠢᠨᠠᠷ᠂ ᠪᠠᠷᠢᠯᠭ᠎ᠠ ᠵᠢᠨ ᠠᠶᠤᠯᠭᠦᠶ ᠦᠢ᠍ᠯᠡᠳᠪᠦᠷᠢᠯᠡᠯ ᠪᠠ ᠪᠠᠷᠢᠯᠭ᠎ᠠ ᠵᠢᠨ ᠠᠵᠢᠯ ᠳᠠᠭᠤᠰᠤᠭᠰᠠᠨᠢ ᠰᠢᠯᠭ᠋ᠠᠨ ᠠᠪᠴᠤ ᠳᠠᠩᠰᠠᠯᠠᠬᠤ ᠲᠦᠷᠦ ᠵᠢᠨ ᠪᠤᠳᠤᠯᠭ᠎ᠠ᠂ ᠲᠦᠷᠢᠮ ᠲᠣᠭᠲᠠᠭ᠋ᠠᠯᠢ ᠲᠤᠭᠤᠷᠪᠢᠨ ᠲᠤᠭᠳᠠᠭ᠋ᠠᠬᠤ ᠵᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠮᠡᠷᠭᠡᠵᠢᠯᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠪᠠᠷᠢᠯᠭ᠎ᠠ ᠵᠢᠨ ᠶᠠᠰᠤ ᠴᠢᠨᠠᠷ᠂ ᠠᠮᠤᠷ ᠲᠦᠪᠰᠢᠨᠤ ᠬᠦᠨᠳᠦ ᠶᠡᠬᠡ ᠡᠨᠳᠡᠯᠢ ᠪᠠᠶ᠋ᠢᠴᠠᠭ᠋ᠠᠨ ᠰᠢᠢ᠍ᠳᠪᠦᠷᠢᠯᠡᠬᠦᠳᠤ ᠤᠷᠤᠯᠴᠠᠨ᠎ᠠ᠃ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠢ᠌ᠴᠠᠭ᠋ᠠᠵᠦ ᠰᠢᠯᠭ᠋ᠠᠨ ᠠᠪᠬᠤ ᠵᠢ ᠵᠢᠯᠣᠭᠣᠳᠤᠨ ᠬᠢᠨᠠᠯᠲᠠ ᠲᠠᠯᠪᠢᠨ᠎ᠠ᠃ ᠰᠤᠯᠠ ᠰᠠᠪᠠᠯᠠᠭᠰᠠᠨ ᠱᠦᠢ᠍ᠨᠢ ᠵᠢᠨ ᠠᠵᠤ ᠦᠢ᠍ᠯᠡᠰᠤᠨ ᠬᠥᠭᠵᠢᠯᠲᠡ ᠵᠢ ᠵᠢᠯᠣᠭᠣᠳᠤᠨ᠎ᠠ᠃
(ᠳᠣᠯᠣᠭ᠎ᠠ) ᠬᠣᠲᠠ ᠵᠢᠨ ᠬᠠᠶ᠋ᠢᠨ ᠪᠠᠶ᠋ᠢᠴᠠᠭ᠋ᠠᠬᠤ᠂ ᠬᠣᠲᠠ ᠵᠢᠨ ᠶᠠᠪᠤᠳᠠᠯᠤᠨ ᠪᠠᠷᠢᠯᠭ᠎ᠠ ᠵᠢᠨ ᠬᠡᠮᠵᠢᠯᠲᠡ᠂ ᠬᠣᠲᠠ ᠵᠢᠨ ᠭᠠᠵᠠᠷ ᠳᠣᠤᠷᠠᠬᠢ ᠣᠷᠣᠨ ᠵᠠᠶ ᠵᠢ ᠨᠡᠭᠡᠭᠡᠨ ᠠᠰᠢᠭᠯᠠᠬᠤ ᠪᠠ ᠬᠣᠲᠠ ᠵᠢᠨ ᠱᠤᠭᠤᠮᠠᠯᠤᠨ ᠠᠵᠢᠯᠢ ᠵᠢᠯᠣᠭᠣᠳᠤᠨ᠎ᠠ᠃ ᠬᠣᠲᠠ ᠵᠢ ᠰᠡᠯᠪᠢᠨ ᠵᠠᠰᠠᠬᠤ ᠪᠠ ᠠᠮᠢ ᠠᠬᠤᠶ ᠵᠢ ᠰᠡᠷᠭᠦᠭᠡᠬᠦ ᠲᠥᠷᠥ ᠵᠢᠨ ᠪᠣᠳᠣᠯᠭ᠎ᠠ ᠪᠠ ᠳᠦᠷᠢᠮᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠡᠤᠬᠡ ᠵᠢᠨ ᠳᠤᠷᠠᠰᠬᠠᠯᠲᠤ ᠵᠦᠢ᠍ᠯᠡᠰᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷᠲᠠᠢ ᠬᠠᠮᠲᠤᠷᠠᠨ ᠲᠡᠤᠬᠡ ᠰᠣᠶᠣᠯᠤᠨ ᠨᠡᠷᠡᠲᠦ ᠬᠣᠲᠠ (ᠪᠠᠯᠭ᠋ᠠᠰᠤ᠂ ᠲᠣᠰᠬᠣᠨ) ᠵᠢ ᠬᠠᠮᠠᠭ᠋ᠠᠯᠠᠬᠤ ᠪᠠ ᠬᠢᠨᠠᠨ ᠬᠠᠮᠢᠶᠠᠷᠬᠤ ᠠᠵᠢᠯᠢ ᠬᠠᠷᠢᠭᠤᠴᠠᠨ᠎ᠠ᠃
(ᠨᠠᠢ᠍ᠮᠠ) ᠬᠣᠲᠠ ᠵᠢᠨ ᠪᠦᠲᠦᠭᠡᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ ᠵᠢᠨ ᠠᠵᠢᠯᠢ ᠵᠢᠯᠤᠭᠤᠳᠤᠨ᠎ᠠ᠃ ᠬᠣᠲᠠ ᠵᠢᠨ ᠪᠦᠲᠦᠭᠡᠨ ᠪᠠᠶ᠋ᠢᠭᠤᠯᠤᠯᠲᠠ᠂ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠪᠣᠯᠤᠨ ᠳᠦᠷᠢᠮᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠬᠣᠲᠠ ᠵᠢᠨ ᠪᠦᠲᠦᠭᠡᠨ ᠪᠠᠶ᠋ᠢᠭᠤᠯᠤᠯᠲᠠ ᠪᠣᠯᠤᠨ ᠬᠣᠲᠠ ᠵᠢᠨ ᠶᠠᠪᠤᠳᠠᠯᠤᠨ ᠨᠡᠢ᠍ᠢ᠍ᠲᠡ ᠵᠢᠨ ᠬᠡᠷᠡᠭᠯᠡᠭᠡᠨᠤ ᠦᠢ᠍ᠯᠡᠰᠤᠨ ᠤᠷᠲᠤᠪᠲᠤᠷ ᠪᠠ ᠤᠷᠲᠤ ᠬᠤᠭᠤᠴᠠᠭ᠋ᠠᠨᠤ ᠬᠥᠭᠵᠢᠯᠲᠡ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠢ᠌ᠷᠠᠭᠤᠯᠤᠨ ᠵᠣᠬᠢᠶᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠬᠣᠲᠠ ᠵᠢᠨ ᠶᠠᠪᠤᠳᠠᠯᠤᠨ ᠨᠡᠢ᠍ᠢ᠍ᠲᠡ ᠵᠢᠨ ᠬᠡᠷᠡᠭᠯᠡᠭᠡᠨᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠪᠣᠯᠤᠨ ᠠᠵᠢᠯᠯᠠᠭ᠋ᠠᠨᠤ ᠠᠶᠦᠯᠭᠦᠢ ᠵᠢᠨ ᠬᠠᠮᠢᠶᠠᠷᠤᠯᠲᠠ ᠵᠢᠨ ᠠᠵᠢᠯᠢ ᠵᠢᠯᠣᠭᠣᠳᠤᠨ᠎ᠠ᠃ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢᠨ ᠳᠠᠩᠰᠠ ᠡᠪᠬᠡᠮᠡᠯᠤᠨ ᠬᠠᠮᠢᠶᠠᠷᠤᠯᠲᠠ ᠵᠢᠨ ᠠᠵᠢᠯᠢ ᠬᠠᠷᠢᠭᠤᠴᠠᠨ᠎ᠠ᠃
(ᠶᠢᠰᠦ) ᠬᠣᠲᠠ ᠵᠢᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠠᠵᠢᠯᠢ ᠵᠢᠯᠣᠭᠣᠳᠤᠨ᠎ᠠ᠃ ᠬᠣᠲᠠ ᠵᠢᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡᠳᠤ ᠬᠢᠨᠠᠯᠲᠠ ᠲᠠᠯᠪᠢᠬᠤ ᠲᠥᠷᠥ ᠵᠢᠨ ᠪᠣᠳᠣᠯᠭ᠎ᠠ ᠪᠠ ᠳᠦᠷᠢᠮᠢ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠬᠦᠷᠢᠶ᠎ᠡ ᠵᠢᠴᠢ ᠬᠣᠲᠠ ᠵᠢᠨ ᠬᠠᠮᠢᠶᠠᠷᠤᠯᠳᠠᠲᠠᠢ ᠬᠣᠯᠪᠣᠭᠳᠠᠬᠤ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠠᠯᠤᠰᠯᠠᠭᠰᠠᠨ ᠬᠠᠮᠢᠶ᠎ᠠ ᠪᠦᠬᠦᠢ ᠵᠠᠰᠠᠭ ᠵᠠᠬᠢᠷᠭ᠋ᠠᠨᠤ ᠰᠢᠢ᠍ᠳᠬᠡᠯ ᠲᠣᠷᠭ᠋ᠠᠭᠤᠯᠢ ᠵᠢᠨ ᠠᠵᠢᠯᠢ ᠵᠢᠯᠣᠭᠣᠳᠤᠨ ᠬᠢᠨᠠᠯᠲᠠ ᠲᠠᠯᠪᠢᠨ᠎ᠠ᠃ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠬᠦᠷᠢᠶᠡᠨᠳᠠᠬᠢ ᠴᠢᠬᠤᠯᠠ ᠶᠡᠬᠡ ᠬᠡᠷᠡᠭᠢ ᠵᠣᠬᠢᠶᠠᠨ ᠪᠠᠶ᠋ᠢᠭᠤᠯᠵᠤ ᠪᠠᠶ᠋ᠢᠴᠠᠭ᠋ᠠᠨ ᠰᠢᠢ᠍ᠳᠪᠦᠷᠢᠯᠡᠨᠡ᠃
(ᠠᠷᠪᠠ) ᠲᠣᠰᠬᠣᠨ ᠪᠠᠯᠭ᠋ᠠᠰᠤ ᠵᠢᠨ ᠪᠦᠲᠦᠭᠡᠨ ᠪᠠᠶ᠋ᠢᠭᠤᠯᠤᠯᠲᠠ ᠵᠢᠨ ᠠᠵᠢᠯᠢ ᠵᠢᠯᠣᠭᠣᠳᠤᠨ᠎ᠠ᠃ ᠵᠢᠵᠢᠭ ᠬᠣᠲᠠ ᠪᠠᠯᠭ᠋ᠠᠰᠤ ᠪᠠ ᠠᠶ᠋ᠢᠯ ᠲᠣᠰᠬᠣᠨᠤ ᠪᠦᠲᠦᠭᠡᠨ ᠪᠠᠶ᠋ᠢᠭᠤᠯᠤᠯᠲᠠ ᠵᠢᠨ ᠲᠥᠷᠥ ᠵᠢᠨ ᠪᠣᠳᠣᠯᠭ᠎ᠠ᠂ ᠬᠦᠭᠵᠢᠯᠳᠡ ᠵᠢᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠪᠦᠬᠦ ᠣᠷᠣᠨᠤ ᠲᠠᠷᠢᠶᠠᠯᠠᠬᠤ ᠮᠠᠯᠵᠢᠬᠤ ᠣᠷᠣᠨᠤ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠪᠣᠯᠤᠨ ᠨᠤᠷᠠᠬᠤ ᠠᠶᠤᠯᠲᠠᠶ ᠭᠡᠷ ᠪᠠᠶ᠋ᠢᠰᠢᠩᠢ ᠰᠢᠨᠡᠳᠬᠡᠨ ᠵᠠᠰᠠᠬᠤ ᠠᠵᠢᠯᠢ ᠵᠢᠯᠣᠭᠣᠳᠤᠨ᠎ᠠ᠃ ᠪᠦᠬᠦ ᠣᠷᠣᠨᠤ ᠭᠣᠤᠯᠳᠠᠯᠭᠠᠲᠠᠢ ᠪᠠᠯᠭ᠋ᠠᠰᠤ ᠵᠢᠨ ᠪᠦᠲᠦᠭᠡᠨ ᠪᠠᠶ᠋ᠢᠭᠤᠯᠤᠯᠲᠠ ᠪᠠ ᠤᠯᠠᠮᠵᠢᠯᠠᠯᠲᠤ ᠠᠶ᠋ᠢᠯ ᠲᠣᠰᠬᠣᠨ᠂ ᠤᠯᠠᠮᠵᠢᠯᠠᠯᠲᠤ ᠪᠠᠷᠢᠯᠭ᠎ᠠ ᠵᠢ ᠬᠠᠮᠠᠭ᠋ᠠᠯᠠᠨ ᠬᠥᠭᠵᠢᠭᠦᠯᠬᠦ ᠠᠵᠢᠯᠢ ᠵᠢᠯᠣᠭᠣᠳᠤᠨ᠎ᠠ᠃
(ᠠᠷᠪᠠᠨ ᠨᠢᠭᠡ) ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠬᠣᠲᠠ ᠪᠠᠯᠭ᠋ᠠᠰᠤ ᠵᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯᠢ ᠵᠢᠯᠣᠭᠣᠳᠤᠨ᠎ᠠ᠃ ᠪᠠᠷᠢᠯᠭ᠎ᠠ ᠵᠢᠨ ᠡᠨᠧᠷᠭᠢ ᠠᠷᠪᠢᠯᠠᠬᠤ᠂ ᠬᠣᠲᠠ ᠪᠠᠯᠭ᠋ᠠᠰᠤ ᠵᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠪᠠ ᠰᠢᠨᠵᠢᠯᠡᠬᠦ ᠤᠬᠠᠭ᠋ᠠᠨ ᠮᠡᠷᠭᠡᠵᠢᠯᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠬᠥᠭᠵᠢᠯᠲᠡ ᠵᠢᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠲᠤᠭᠤᠷᠪᠢᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠮᠠᠶᠢᠭᠤᠨ ᠪᠠᠷᠢᠯᠭ᠎ᠠ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠲᠣᠭᠲᠠᠭ᠋ᠠᠬᠤ ᠵᠢᠨ ᠬᠠᠮᠲᠤ ᠵᠢᠯᠣᠭᠣᠳᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠵᠢᠨ ᠬᠡᠷᠡᠮᠤᠨ ᠮᠠᠲ᠋ᠧᠷᠢᠶᠠᠯᠤᠨ ᠬᠥᠭᠵᠢᠯᠲᠡ ᠵᠢᠨ ᠠᠵᠢᠯᠢ ᠵᠢᠯᠣᠭᠣᠳᠤᠨ᠎ᠠ᠃ ᠴᠢᠬᠤᠯᠠ ᠶᠡᠬᠡ ᠪᠠᠷᠢᠯᠭ᠎ᠠ ᠵᠢᠨ ᠡᠨᠧᠷᠭᠢ ᠠᠷᠪᠢᠯᠠᠬᠤ ᠲᠥᠷᠥᠯ ᠵᠦᠢ᠍ᠯ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯᠤᠨ ᠲᠥᠷᠥᠯ ᠵᠦᠢ᠍ᠯᠤᠨ ᠪᠣᠭᠣᠮᠲᠠ ᠰᠢᠪᠲᠤᠯᠬᠤ ᠪᠠ ᠰᠢᠨᠵᠢᠯᠡᠬᠦ ᠤᠬᠠᠭ᠋ᠠᠨ ᠮᠡᠷᠭᠡᠵᠢᠯᠤᠨ ᠦᠷ᠎ᠡ ᠪᠦᠲᠦᠭᠡᠯᠢ ᠤᠯᠠᠷᠢᠭᠤᠯᠤᠨ ᠳᠡᠯᠭᠡᠷᠡᠭᠦᠯᠬᠦ ᠵᠢ ᠵᠢᠯᠣᠭᠣᠳᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
(ᠠᠷᠪᠠᠨ ᠬᠣᠶᠠᠷ) ᠪᠥᠬᠦ ᠣᠷᠣᠨᠤ ᠠᠳᠠᠯ ᠠᠬᠤᠢ ᠵᠢᠨ ᠦᠢ᠍ᠯᠡᠴᠢᠯᠡᠭᠡᠨᠤ ᠠᠵᠢᠯ ᠲᠥᠷᠥᠯᠤᠨ ᠬᠥᠭᠵᠢᠯᠲᠡ᠂ ᠬᠤᠲᠠ ᠪᠠᠯᠭ᠋ᠠᠰᠤᠨᠤ ᠬᠠᠭᠤᠴᠢᠷᠠᠭᠰᠠᠨ ᠰᠠᠭᠤᠭ᠋ᠠᠯᠢ ᠲᠣᠭᠤᠷᠢᠭᠢ ᠥᠭᠡᠷᠡᠴᠢᠯᠡᠬᠦ ᠪᠠ ᠣᠷᠣᠨ ᠰᠠᠭᠤᠴᠠ ᠵᠢ ᠲᠤᠰᠬᠠᠶ᠋ᠢᠯᠠᠨ ᠰᠡᠯᠪᠢᠨ ᠵᠠᠰᠠᠬᠤ ᠪᠡᠯᠡ ᠮᠥᠩᠭᠦ ᠵᠢᠨ ᠲᠥᠷᠥ ᠵᠢᠨ ᠪᠣᠳᠣᠯᠭ᠎ᠠ᠂ ᠳᠦᠷᠢᠮ ᠲᠣᠭᠲᠠᠭ᠋ᠠᠯᠢ ᠲᠤᠭᠤᠷᠪᠢᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠠᠳᠠᠯ ᠠᠬᠤᠶ ᠵᠢᠨ ᠦᠢ᠍ᠯᠡᠴᠢᠯᠡᠭᠡᠨᠤ ᠵᠠᠬ᠎ᠠ ᠳᠡᠯᠭᠡᠭᠦᠷᠢ ᠬᠢᠨᠠᠨ ᠬᠠᠮᠢᠶᠠᠷᠬᠤ ᠵᠢ ᠬᠠᠷᠢᠭᠤᠴᠠᠵᠤ᠂ ᠠᠳᠠᠯ ᠠᠬᠤᠶ ᠵᠢᠨ ᠦᠢ᠍ᠯᠡᠴᠢᠯᠡᠭᠡᠨᠤ ᠪᠠᠷᠢᠮᠵᠢᠶ᠎ᠠ ᠵᠢᠨ ᠵᠢᠷᠤᠮᠵᠢᠯᠢ ᠵᠣᠬᠢᠶᠠᠨ ᠪᠠᠶ᠋ᠢᠭᠤᠯᠤᠨ ᠲᠣᠭᠲᠠᠭ᠋ᠠᠬᠤ ᠵᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠪᠠᠯᠭ᠋ᠠᠰᠤᠨᠤ ᠬᠠᠭᠤᠴᠢᠷᠠᠭᠰᠠᠨ ᠣᠷᠣᠨ ᠰᠠᠭᠤᠴᠠ ᠵᠢᠨ ᠰᠠᠭᠤᠭ᠋ᠠᠯᠢ ᠲᠣᠭᠤᠷᠢᠭᠢ ᠥᠭᠡᠷᠡᠴᠢᠯᠡᠨ ᠰᠢᠨᠡᠳᠬᠡᠬᠦ ᠲᠥᠯᠥᠪᠵᠢᠭᠦᠯᠭᠡ ᠵᠢᠴᠢ ᠣᠨᠤ ᠲᠥᠯᠥᠪᠯᠡᠭᠡ ᠵᠢ ᠬᠠᠷᠢᠭᠤᠴᠠᠨ ᠲᠣᠭᠲᠠᠭ᠋ᠠᠵᠤ᠂ ᠬᠤᠲᠠ ᠪᠠᠯᠭ᠋ᠠᠰᠤᠨᠤ ᠬᠠᠭᠤᠴᠢᠷᠠᠭᠰᠠᠨ ᠣᠷᠣᠨ ᠰᠠᠭᠤᠴᠠ ᠵᠢᠨ ᠰᠠᠭᠤᠭ᠋ᠠᠯᠢ ᠲᠣᠭᠤᠷᠢᠭᠢ ᠰᠢᠨᠡᠳᠬᠡᠨ ᠥᠭᠡᠷᠡᠴᠢᠯᠡᠬᠦ ᠠᠵᠢᠯᠢ ᠵᠢᠯᠣᠭᠤᠳᠤᠨ᠎ᠠ᠃
(ᠠᠷᠪᠠᠨ ᠭᠤᠷᠪᠠ) ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨᠤ ᠴᠢᠳᠠᠪᠦᠷᠢᠳᠡᠨᠤ ᠡᠩᠨᠡᠭᠡ ᠵᠢᠨ ᠪᠠᠶ᠋ᠢᠭᠤᠯᠤᠯᠲᠠ ᠵᠢ ᠵᠢᠯᠣᠭᠣᠳᠴᠤ᠂ ᠭᠠᠳᠠᠭ᠋ᠠᠳᠤᠲᠠᠢ ᠰᠣᠯᠢᠯᠴᠠᠭ᠎ᠠ ᠬᠢᠬᠦ ᠪᠠ ᠬᠠᠮᠳᠤᠷᠠᠨ ᠠᠵᠢᠯᠯᠠᠬᠤ ᠵᠢ ᠥᠷᠨᠢᠭᠦᠯᠦᠨ᠎ᠡ᠃
(ᠠᠷᠪᠠᠨ ᠲᠦᠷᠪᠡ) ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶ᠎ᠠ᠂ ᠵᠠᠰᠠᠭᠤᠨ ᠣᠷᠳᠣᠨᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
ᠠᠵᠢᠯᠯᠠᠬᠤ ᠬᠠᠶᠢᠭ᠄ ᠥᠪᠥᠷ ᠮᠣᠩᠭᠤᠯᠤᠨ ᠥᠪᠡᠷᠲᠡᠭᠡᠨ ᠵᠠᠰᠠᠬᠤ ᠣᠷᠣᠨᠤ ᠬᠥᠬᠡᠬᠤᠲᠠ ᠵᠢᠨ ᠴᠢᠩᠭᠢᠰ ᠬᠠᠭ᠋ᠠᠨ ᠵᠡᠭᠦᠨ ᠵᠡᠭᠡᠯᠢ ᠵᠢᠨ 15 ᠳ᠋ᠤᠭ᠋ᠠᠷ ᠨᠣᠮᠧᠷᠲᠤ ᠪᠥᠲᠥᠭᠡᠨ ᠪᠠᠶ᠋ᠢᠭᠤᠯᠤᠯᠲᠠ ᠵᠢᠨ ᠲᠣᠮᠣ ᠠᠰᠠᠷᠤᠨ A ᠰᠠᠭᠤᠷᠢ
ᠠᠵᠢᠯᠯᠠᠵᠤ ᠴᠠᠭ᠄ ᠭᠠᠷᠠᠭᠤᠨ ᠨᠢᠭᠡᠨᠠᠴᠠ ᠲᠠᠪᠤ ᠵᠢᠨ 9᠄ 00-12᠄ 00᠂ 14᠄ 30-17᠄ 30 ᠴᠠᠭ᠃ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠦᠭᠡᠢ᠃
ᠬᠠᠷᠢᠯᠴᠠᠬᠤ ᠤᠲᠠᠰᠤ᠄ 0471-6527116
ᠬᠠᠷᠢᠭᠤᠴᠠᠯᠭ᠋ᠠᠲᠠᠨ᠄ ᠭᠥᠸᠧ ᠢᠤᠢ ᠹᠧᠩ