ᠡᠯ᠎ᠡ ᠠᠶ᠋ᠢᠮᠠᠭ ᠬᠤᠲᠠ (ᠮᠠᠨᠵᠤᠤᠷ ᠬᠤᠲᠠ᠂ ᠡᠷᠢᠶᠡᠨ ᠬᠤᠲᠠ) ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠬᠥᠬᠡᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠬᠢᠩᠭ᠋ᠠᠨ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠲᠦᠩᠯᠢᠶᠣᠤ ᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠣᠷᠳᠣᠰ ᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠮᠠᠨᠵᠤᠤᠷ ᠬᠤᠲᠠ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠬᠤᠯᠪᠣᠭᠳᠠᠯ ᠪᠦᠬᠦᠢ ᠠᠵᠤ ᠠᠬᠤᠶ᠋ᠢᠯᠠᠯ᠎ᠳᠤ᠄
《ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠤᠷᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠢ ᠦᠷᠭᠦᠯᠵᠢᠯᠡᠭᠦᠯᠬᠦ ᠬᠤᠯᠪᠣᠭᠳᠠᠯ ᠪᠥᠬᠦᠶ ᠵᠦᠢ᠍ᠯᠡᠰ᠎ᠤᠨ ᠲᠤᠬᠠᠶ ᠮᠡᠳᠡᠭᠳᠡᠯ》 (ᠪᠥᠲᠥᠭᠡᠨ ᠪᠠᠶ᠋ᠢᠭᠤᠯᠤᠯᠲᠠ ᠵᠢᠨ ᠵᠤᠷᠭ᠋ᠠᠨ ᠲᠣᠪᠴᠢᠶ᠎ᠠ ᠵᠢᠨ ᠵᠠᠬᠢᠳᠠᠯ ᠬᠤᠲᠠ [ 2023] 116 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠤᠷᠲᠤᠳᠬᠠᠬᠤ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠠᠵᠤ ᠠᠬᠤᠶ᠋ᠢᠯᠠᠯ᠎ᠤᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢ ᠪᠠᠲᠤᠯᠠᠨ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠢᠨ ᠲᠤᠰᠠᠳᠠ᠂ ᠡᠳᠦᠭᠡ ᠮᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠢ ᠦᠷᠭᠦᠯᠵᠢᠯᠡᠭᠦᠯᠬᠦ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠮᠠᠨ᠎ᠤ ᠲᠢᠩᠬᠢᠮ᠎ᠠᠴᠠ ᠬᠠᠷᠭᠤᠭᠤᠯᠤᠨ ᠣᠯᠭᠤᠭᠰᠠᠨ ᠪᠠᠷᠢᠯᠭ᠎ᠠ ᠵᠢᠨ ᠬᠠᠶ᠋ᠢᠨ ᠪᠠᠢ᠌ᠴᠠᠭ᠋ᠠᠯᠲᠠ᠂ ᠪᠠᠷᠢᠯᠭ᠎ᠠ ᠵᠢᠨ ᠲᠦᠯᠦᠪᠯᠡᠭᠡ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ ᠪᠠᠷᠢᠯᠭ᠎ᠠ ᠵᠢᠨ ᠬᠢᠨᠠᠨ ᠬᠠᠮᠢᠶᠠᠷᠬᠤ ᠠᠵᠤ ᠠᠬᠤᠶ᠋ᠢᠯᠠᠯ᠎ᠤᠨ ᠬᠢᠷᠢ ᠬᠡᠮ (ᠳᠣᠷᠣᠭᠰᠢ ᠠᠵᠤ ᠠᠬᠤᠶ᠋ᠢᠯᠠᠯ᠎ᠤᠨ ᠬᠢᠷᠢ ᠬᠡᠮ ᠭᠡᠵᠦ ᠲᠣᠪᠴᠢᠯᠠᠨ᠎ᠠ)᠂ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠲᠤᠯᠪᠠᠯ᠂ 2023 ᠣᠨ᠎ᠤ 11 ᠳ᠋ᠤᠭᠡᠷ ᠰᠠᠷ᠎ᠠ ᠵᠢᠨ 20᠎ᠤ ᠡᠳᠦᠷ᠎ᠠᠴᠠ ᠡᠬᠢᠯᠡᠨ ᠥᠪᠥᠷ ᠮᠣᠩᠭᠤᠯ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ ᠵᠶ᠋ᠠᠷ ᠳᠠᠮᠵᠢᠭᠤᠯᠤᠨ ᠮᠠᠨ᠎ᠤ ᠲᠢᠩᠬᠢᠮ᠎ᠠᠴᠠ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠤᠷᠲᠤᠳᠬᠠᠵᠤ ᠪᠣᠯᠤᠨ᠎ᠠ᠃ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠬᠣᠢ᠌ᠰᠢ ᠲᠤᠯᠪᠠᠯ᠂ ᠬᠢᠷᠢ ᠬᠡᠮ᠎ᠤᠨ ᠬᠠᠮᠢᠶᠠᠷᠤᠯᠲᠠ ᠵᠢᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠮᠠᠨ᠎ᠤ ᠲᠢᠩᠬᠢᠮ᠎ᠠᠴᠠ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠤᠷᠲᠤᠳᠬᠠᠬᠤ᠎ᠪᠠᠷ ᠭᠤᠶᠤᠴᠢᠯᠠᠵᠤ ᠪᠣᠯᠣᠨ᠎ᠠ᠃ ᠠᠵᠤ ᠠᠬᠤᠶ᠋ᠢᠯᠠᠯ᠎ᠤᠨ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠲᠣᠯᠣᠭᠰᠠᠨᠤ ᠳᠠᠷᠠᠭ᠎ᠠ ᠬᠢᠷᠢ ᠬᠡᠮ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ ᠵᠢ ᠤᠷᠲᠤᠳᠬᠠᠬᠤ᠎ᠪᠠᠷ ᠭᠤᠶᠤᠴᠢᠯᠠᠪᠠᠯ᠂ ᠮᠠᠨ᠎ᠤ ᠲᠢᠩᠬᠢᠮ ᠬᠦᠯᠢᠶᠡᠨ ᠠᠪᠴᠤ ᠰᠢᠢ᠍ᠳᠪᠦᠷᠢᠯᠡᠬᠦ ᠦᠭᠡᠢ᠃
ᠬᠤᠶᠠᠷ᠂ ᠬᠢᠷᠢ ᠬᠡᠮ ᠵᠶ᠋ᠠᠨ ᠦᠷᠭᠦᠯᠵᠢᠯᠡᠭᠦᠯᠬᠦ᠎ᠪᠠᠷ ᠭᠤᠶᠤᠴᠢᠯᠠᠬᠤ ᠠᠵᠤ ᠠᠬᠤᠶ᠋ᠢᠯᠠᠯ ᠬᠤᠯᠪᠣᠭᠳᠠᠯ ᠪᠦᠬᠦᠢ ᠬᠢᠷᠢ ᠬᠡᠮ᠎ᠤᠨ ᠬᠠᠮᠢᠶᠠᠷᠤᠯᠲᠠ ᠵᠢᠨ ᠲᠣᠭᠲᠠᠭ᠋ᠠᠯ ᠵᠢᠴᠢ ᠬᠢᠷᠢ ᠬᠡᠮ᠎ᠤᠨ ᠪᠠᠷᠢᠮᠵᠢᠶ᠎ᠠ ᠵᠢᠨ ᠬᠤᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠭᠤᠶᠤᠴᠢᠯᠠᠯ ᠵᠶ᠋ᠠᠨ ᠳᠡᠪᠰᠢᠭᠦᠯᠵᠦ᠂ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠎ᠲᠤ ᠠᠮᠠᠯᠠᠯᠲᠠ ᠬᠢᠬᠦ ᠵᠢᠨ ᠬᠠᠮᠲᠤ ᠠᠮᠠᠯᠠᠯᠲᠠ ᠵᠢᠨ ᠠᠭᠤᠯᠭ᠎ᠠ᠎ᠳᠤ ᠬᠠᠷᠢᠭᠤᠴᠠᠵᠤ᠂ ᠬᠠᠤᠯᠢ ᠴᠠᠭ᠋ᠠᠵᠠ ᠵᠢᠨ ᠪᠦᠬᠦᠢ᠌ᠯᠡ ᠬᠠᠷᠢᠭᠤᠴᠠᠯᠭ᠎ᠠ ᠵᠢ ᠡᠭᠦᠷᠭᠡᠯᠡᠨ᠎ᠡ᠃ ᠠᠵᠤ ᠠᠬᠤᠶ᠋ᠢᠯᠠᠯ᠎ᠤᠨ ᠬᠢᠷᠢ ᠴᠢᠳᠠᠮᠵᠢ ᠵᠢᠨ ᠦᠷᠭᠦᠯᠵᠢᠯᠡᠭᠦᠯᠬᠦ ᠭᠤᠶᠤᠴᠢᠯᠠᠯ᠎ᠢ ᠣᠯᠤᠭᠰᠠᠨ᠎ᠤ ᠳᠠᠷᠠᠭ᠎ᠠ᠂ ᠮᠠᠨ᠎ᠤ ᠲᠢᠩᠬᠢᠮ ᠬᠢᠷᠢ ᠭᠡᠮ᠎ᠤᠨ ᠪᠠᠷᠢᠮᠵᠢᠶ᠎ᠠ ᠶᠣᠰᠣᠭ᠋ᠠᠷ ᠠᠵᠤ ᠠᠬᠤᠶ᠋ᠢᠯᠠᠯ᠎ᠤᠨ ᠳᠠᠩᠰᠠᠯᠠᠭᠤᠯᠤᠭᠰᠠᠨ ᠬᠥᠮᠦᠰ ᠵᠡᠷᠭᠡ ᠠᠭᠤᠯᠭ᠎ᠠ᠎ᠳᠤ ᠬᠢᠨᠠᠨ ᠪᠠᠶ᠋ᠢᠴᠠᠭ᠋ᠠᠯᠲᠠ ᠬᠢᠵᠦ᠂ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠪᠣᠯ ᠰᠠᠶᠢ ᠦᠷᠭᠦᠯᠵᠢᠯᠡᠭᠦᠯᠬᠦ ᠵᠢ ᠵᠥᠪᠰᠢᠶᠡᠷᠡᠨ᠎ᠡ᠃
ᠭᠤᠷᠪᠠ᠂ 《〈ᠦᠨᠡᠮᠯᠡᠯ ᠪᠠ ᠭᠡᠷᠡᠴᠢ ᠵᠢ ᠲᠤᠰᠠᠭ᠋ᠠᠷᠯᠠᠬᠤ〉 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [ 2021] 7 ᠳ᠋ᠤᠭ᠋ᠠᠷ ᠲᠣᠭ᠋ᠠᠲᠤ)᠎ᠢ ᠬᠦᠴᠦᠨ ᠥᠬᠡᠶ ᠪᠣᠯᠭ᠋ᠠᠬᠤ᠎ᠪᠠᠷ ᠲᠣᠭᠲᠠᠭ᠋ᠠᠭᠰᠠᠨ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠤᠯᠪᠣᠭᠳᠠᠯ ᠪᠥᠬᠦᠶ ᠤᠴᠢᠷ᠎ᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠠᠴᠠ ᠬᠠᠮᠢᠶ᠎ᠠ ᠪᠥᠬᠦᠶ ᠮᠡᠳᠡᠭᠳᠡᠯ᠎ᠢ ᠨᠡᠶ᠋ᠢᠲᠡᠯᠡᠭᠰᠡᠨ᠎ᠤ ᠳᠠᠷᠠᠭ᠎ᠠ ᠠᠰᠲᠠᠭ᠋ᠠᠨ ᠮᠡᠳᠡᠭᠳᠡᠨ᠎ᠡ᠃
2023 ᠣᠨ᠎ᠤ 11 ᠳ᠋ᠦ᠍ᠭᠡᠷ ᠰᠠᠷ᠎ᠠ ᠵᠢᠨ 14᠎ᠤ ᠡᠳᠦᠷ