ᠥᠪᠥᠷ ᠪᠠᠶ᠋ᠢᠭᠤᠯᠤᠯᠲᠠ ᠪᠠᠷᠢᠮᠵᠢᠶ᠎ᠠ [ 2023] 196 ᠳ᠋ᠤᠭ᠋ᠠᠷ ᠲᠣᠭ᠋ᠠᠲᠤ
ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠲᠢᠩᠬᠢᠮ᠎ᠤᠨ ᠪᠠᠶ᠋ᠢᠭᠤᠯᠭ᠎ᠠ ᠵᠢᠨ ᠬᠤᠯᠪᠣᠭᠳᠠᠯ ᠪᠦᠬᠦᠢ ᠭᠠᠵᠠᠷ ᠲᠠᠰᠤᠭ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠨᠢᠭᠡᠴᠢ᠂ ᠬᠤᠯᠪᠣᠭᠳᠠᠯ ᠪᠦᠬᠦᠢ ᠠᠵᠢᠯ ᠲᠥᠷᠥᠯ (ᠨᠡᠢ᠌ᠭᠡᠮᠯᠢᠭ)᠎ᠤᠨ ᠨᠡᠶ᠋ᠢᠭᠡᠮᠯᠢᠭ᠎ᠲᠤ᠄
ᠤᠯᠤᠰ᠂ ᠥᠪᠡᠷᠲᠡᠭᠡᠨ ᠵᠠᠰᠠᠬᠤ ᠣᠷᠣᠨ᠎ᠤ 《ᠨᠡᠭᠦᠷᠡᠰᠦᠲᠥ᠋ᠷᠥᠭᠴᠢ ᠵᠢ ᠣᠷᠬᠢᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ》 ᠪᠠ ᠡᠬᠢ ᠪᠠᠶᠠᠯᠢᠭ᠎ᠢ ᠡᠷᠴᠢᠮᠵᠢᠭᠦᠯᠦᠨ ᠭᠠᠮᠨᠠᠨ ᠠᠰᠢᠭᠯᠠᠬᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠡᠷᠢᠭᠦᠨ᠎ᠤ ᠮᠡᠷᠭᠡᠵᠢᠯ ᠪᠠ ᠦᠢ᠍ᠯᠡᠳᠬᠦᠨ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠨ᠂ ᠬᠤᠴᠣᠷᠤᠩᠭᠤᠶ ᠮᠡᠷᠭᠡᠵᠢᠯ᠎ᠢ ᠬᠢᠵᠠᠭ᠋ᠠᠷᠯᠠᠬᠤ ᠪᠠ ᠰᠢᠭᠰᠢᠭᠳᠡᠭᠦᠯᠵᠦ᠂ ᠠᠵᠢᠯ ᠲᠥᠷᠥᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠬᠡᠷᠡᠭᠯᠡᠭᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠵᠢᠨ ᠬᠥᠭᠵᠢᠯᠲᠡ ᠵᠢᠨ ᠲᠦᠷᠢᠮ》᠂ 《ᠪᠦᠲᠦᠭᠡᠨ ᠪᠠᠶ᠋ᠢᠭᠤᠯᠤᠯᠲᠠ ᠵᠢᠨ ᠬᠦᠷᠢᠶ᠎ᠡ ᠴᠠᠷᠠᠭ᠎ᠠ᠎ᠳᠤ ᠰᠢᠨ᠎ᠡ ᠮᠡᠷᠭᠡᠵᠢᠯ᠎ᠤᠨ ᠬᠠᠮᠢᠶᠠᠷᠤᠯᠲᠠ ᠵᠢ ᠳᠡᠯᠭᠡᠷᠡᠭᠦᠯᠦᠨ ᠬᠡᠷᠡᠭᠯᠡᠬᠦ ᠲᠣᠭᠲᠠᠭ᠋ᠠᠯ》 (ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠵᠠᠷᠯᠢᠭ 109 ᠳ᠋ᠦ᠍ᠭᠡᠷ ᠲᠣᠭ᠋ᠠᠲᠤ) ᠪᠣᠯᠤᠨ 《ᠪᠠᠷᠢᠯᠭ᠎ᠠ ᠵᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠵᠢᠨ ᠬᠥᠭᠵᠢᠯᠲᠡ ᠵᠢ ᠴᠢᠩᠭ᠋ᠠᠳᠬᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 ᠵᠡᠷᠭᠡ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠴᠢ ᠬᠠᠮᠢᠶ᠎ᠠ ᠪᠦᠬᠦᠢ ᠲᠣᠭᠲᠠᠭ᠋ᠠᠯ᠎ᠢ ᠰᠤᠳᠤᠯᠤᠨ ᠲᠣᠭᠲᠠᠭ᠋ᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠮᠡᠷᠭᠡᠵᠢᠯ ᠬᠢᠭᠡᠳ ᠦᠢ᠍ᠯᠡᠳᠬᠦᠨ᠎ᠢ ᠳᠡᠯᠭᠡᠷᠡᠭᠦᠯᠬᠦ᠂ ᠬᠢᠵᠠᠭ᠋ᠠᠷᠯᠠᠬᠤ ᠪᠠ ᠬᠡᠷᠡᠭᠯᠡᠬᠦ ᠵᠢ ᠬᠣᠷᠢᠭᠯᠠᠬᠤ ᠭᠠᠷᠴᠠᠭ》᠎ᠢ ᠰᠤᠳᠤᠯᠤᠨ ᠲᠣᠭᠲᠠᠭ᠋ᠠᠪᠠ᠂ ᠡᠳᠦᠭᠡ ᠪᠠᠷᠢᠯᠭ᠎ᠠ ᠵᠢᠨ ᠡᠨᠧᠷᠭᠢ ᠠᠷᠪᠢᠯᠠᠬᠤ ᠵᠢ ᠳᠡᠯᠭᠡᠷᠡᠭᠦᠯᠬᠦ᠂ ᠬᠢᠵᠠᠭ᠋ᠠᠷᠯᠠᠬᠤ ᠪᠠ ᠬᠡᠷᠡᠭᠯᠡᠬᠦ ᠵᠢ ᠬᠣᠷᠢᠭᠯᠠᠬᠤ ᠮᠡᠷᠭᠡᠵᠢᠯ ᠵᠢᠴᠢ ᠦᠢ᠍ᠯᠡᠳᠬᠦᠨ᠎ᠤ ᠭᠠᠷᠴᠠᠭ᠎ᠢ ᠢᠯᠡ᠎ᠪᠠᠷ ᠴᠤᠭᠯᠠᠭᠤᠯᠵᠤ ᠪᠣᠢ᠂ ᠬᠣᠯᠪᠣᠭᠳᠠᠯ ᠪᠦᠬᠦᠢ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠡᠯᠰᠡᠬᠦ ᠬᠡᠪᠴᠢᠶ᠎ᠡ
ᠪᠠᠷᠢᠯᠭ᠎ᠠ ᠵᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢ᠍ᠯᠡᠳᠬᠦᠨ᠎ᠤ ᠭᠠᠷᠴᠠᠭ᠎ᠤᠨ ᠬᠦᠷᠢᠶ᠎ᠡ ᠬᠡᠪᠴᠢᠶᠡᠨ᠎ᠤ ᠱᠠᠭ᠋ᠠᠷᠳᠠᠯᠭ᠎ᠠ ᠵᠢ ᠬᠠᠩᠭ᠋ᠠᠭᠰᠠᠨ ᠪᠣᠯᠭ᠋ᠠᠨ᠂ ᠤᠯᠤᠰ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠵᠦ᠂ ᠭᠤᠷᠪᠠᠨ ᠲᠥᠷᠥᠯ᠎ᠤᠨ ᠮᠡᠷᠭᠡᠵᠢᠯ ᠵᠢᠴᠢ ᠦᠢ᠍ᠯᠡᠳᠬᠦᠨ ᠬᠡᠷᠡᠭᠯᠡᠬᠦ᠎ᠳᠤ ᠬᠣᠯᠪᠣᠭᠳᠠᠵᠤ᠂ ᠮᠠᠨ᠎ᠤ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠬᠦᠷᠢᠶ᠎ᠡ ᠴᠠᠷᠠᠭ᠎ᠠ ᠵᠢᠨ ᠮᠡᠷᠭᠡᠵᠢᠯ᠂ ᠦᠢ᠍ᠯᠡᠳᠬᠦᠨ (ᠮᠠᠲ᠋ᠧᠷᠢᠶᠠᠯ)᠂ ᠭᠠᠷ ᠤᠷᠠᠯᠠᠯ᠂ ᠲᠥᠬᠥᠭᠡᠷᠦᠮᠵᠢ ᠵᠡᠷᠭᠡ ᠵᠢ ᠬᠠᠮᠤᠷᠬᠤ᠎ᠳᠤ ᠴᠥᠮ ᠭᠤᠶᠤᠴᠢᠯᠠᠬᠤ ᠪᠠ ᠪᠠᠲᠤᠯᠠᠨ ᠲᠠᠨᠢᠯᠴᠠᠭᠤᠯᠵᠤ ᠪᠣᠯᠤᠨ᠎ᠠ᠃
ᠬᠤᠶᠠᠷ᠂ ᠡᠯᠰᠡᠬᠦ ᠱᠠᠭ᠋ᠠᠷᠳᠠᠯᠭ᠎ᠠ
(ᠨᠢᠭᠡ) ᠳᠡᠯᠭᠡᠷᠡᠭᠦᠯᠦᠨ ᠬᠡᠷᠡᠭᠯᠡᠬᠦ ᠲᠥᠷᠥᠯ
ᠤᠯᠤᠰ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠂ ᠪᠠᠷᠢᠮᠵᠢᠶ᠎ᠠ ᠵᠢᠨ ᠵᠢᠷᠤᠮᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠵᠦ᠂ ᠴᠢᠬᠤᠯᠠ ᠪᠦᠬᠦᠢ ᠮᠡᠷᠭᠡᠵᠢᠯ᠎ᠤᠨ ᠪᠠᠷᠢᠮᠵᠢᠶ᠎ᠠ᠂ ᠵᠢᠷᠤᠭ ᠲᠥᠯᠥᠪᠯᠡᠭᠡ ᠵᠢᠨ ᠵᠢᠷᠤᠭ᠎ᠤᠨ ᠡᠮᠬᠢᠳᠬᠡᠯ᠂ ᠪᠠᠷᠢᠯᠭ᠎ᠠ ᠪᠠᠷᠢᠬᠤ ᠠᠵᠢᠯ᠎ᠤᠨ ᠠᠷᠭ᠎ᠠ ᠵᠡᠷᠭᠡ ᠢᠵᠢ ᠪᠦᠷᠢᠳᠦᠭᠦᠯᠦᠭᠰᠡᠨ ᠪᠠᠷᠢᠮᠵᠢᠶᠠᠵᠢᠭᠤᠯᠤᠭᠰᠠᠨ ᠬᠡᠷᠡᠭᠯᠡᠭᠡᠨ᠎ᠤ ᠮᠡᠷᠭᠡᠵᠢᠯ᠎ᠤᠨ ᠪᠢᠴᠢᠭ ᠮᠠᠲ᠋ᠧᠷᠢᠶᠠᠯ᠎ᠢ ᠪᠦᠷᠢᠳᠦᠭᠦᠯᠦᠭᠰᠡᠨ ᠪᠠᠶ᠋ᠢᠪᠠᠯ᠂ ᠪᠠᠷᠢᠯᠭ᠎ᠠ ᠵᠢᠨ ᠦᠢ᠍ᠯᠡᠳᠦᠯᠭᠡ ᠵᠢᠨ ᠬᠡᠷᠡᠭᠯᠡᠭᠡ᠎ᠪᠠᠷ ᠳᠠᠮᠵᠢᠭ᠋ᠠᠳ᠂ ᠳᠡᠯᠭᠡᠷᠡᠭᠦᠯᠦᠨ ᠬᠡᠷᠡᠭᠯᠡᠬᠦ ᠦᠨ᠎ᠡ ᠥᠷᠲᠡᠭ᠎ᠲᠠᠢ᠂ ᠡᠷᠬᠡ ᠵᠢᠨ ᠬᠠᠷᠢᠶ᠎ᠠ ᠵᠢᠨ ᠮᠠᠷᠭᠤᠯᠳᠤᠭ᠋ᠠᠨ ᠪᠠᠢ᠌ᠬᠤ ᠦᠭᠡᠶ᠃
(ᠬᠤᠶᠠᠷ) ᠬᠢᠵᠠᠭ᠋ᠠᠷ᠎ᠲᠠᠢ ᠬᠡᠷᠡᠭᠯᠡᠭᠡᠨ᠎ᠤ ᠲᠥᠷᠥᠯ
ᠮᠡᠷᠭᠡᠵᠢᠯ᠂ ᠦᠢ᠍ᠯᠡᠳᠬᠦᠨ (ᠮᠠᠲ᠋ᠧᠷᠢᠶᠠᠯ)᠂ ᠭᠠᠷ ᠤᠷᠠᠯᠠᠯ᠂ ᠲᠥᠬᠥᠭᠡᠷᠦᠮᠵᠢ ᠵᠡᠷᠭᠡ᠎ᠨᠢ ᠣᠳᠣ ᠵᠢᠨ ᠪᠠᠶ᠋ᠢᠭ᠎ᠠ ᠵᠠᠬ᠎ᠠ ᠳᠡᠯᠭᠡᠭᠦᠷ᠎ᠲᠤ ᠪᠠᠰᠠ ᠬᠡᠷᠡᠭᠯᠡᠬᠦ ᠦᠨ᠎ᠡ ᠥᠷᠲᠡᠭ᠎ᠲᠠᠢ ᠪᠠᠶ᠋ᠢᠵᠤ᠂ ᠣᠨᠴᠠᠭ᠋ᠠᠢ ᠲᠣᠭᠲᠠᠭ᠋ᠠᠭᠰᠠᠨ ᠪᠠᠷᠢᠯᠭ᠎ᠠ ᠵᠢᠨ ᠲᠥᠷᠥᠯ ᠬᠡᠯᠪᠡᠷᠢ ᠪᠠ ᠬᠡᠰᠡᠭ ᠬᠡᠰᠡᠭ ᠪᠤᠶᠤ ᠣᠨᠴᠠᠭ᠋ᠠᠢ ᠨᠥᠬᠥᠴᠡᠯ᠎ᠤᠨ ᠳᠣᠤᠷ᠎ᠠ ᠬᠡᠷᠡᠭᠯᠡᠵᠦ ᠪᠣᠯᠤᠨ᠎ᠠ᠃
(ᠭᠤᠷᠪᠠ) ᠬᠡᠷᠡᠭᠯᠡᠬᠦ ᠵᠢ ᠬᠣᠷᠢᠭᠯᠠᠬᠤ ᠲᠥᠷᠥᠯ
ᠤᠯᠤᠰ ᠪᠠ ᠥᠪᠡᠷᠲᠡᠭᠡᠨ ᠵᠠᠰᠠᠬᠤ ᠣᠷᠣᠨ ᠨᠢᠭᠡᠨᠲᠡ ᠲᠣᠳᠣᠷᠬᠠᠢ ᠵᠠᠷᠯᠢᠭ ᠵᠶ᠋ᠠᠷ ᠬᠡᠷᠡᠭᠯᠡᠬᠦ ᠵᠢ ᠬᠣᠷᠢᠭᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠨᠡᠶ᠋ᠢᠲᠡᠯᠡᠭᠰᠡᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ᠂ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠬᠥᠭᠵᠢᠯᠲᠡ ᠵᠢᠨ ᠱᠠᠭ᠋ᠠᠷᠳᠠᠯᠭ᠎ᠠ ᠵᠢ ᠬᠠᠩᠭ᠋ᠠᠬᠤ ᠵᠢᠨ ᠠᠷᠭ᠎ᠠ ᠦᠭᠡᠢ᠂ ᠠᠵᠢᠯ ᠲᠥᠷᠥᠯ᠎ᠤᠨ ᠮᠡᠷᠭᠡᠵᠢᠯ᠎ᠤᠨ ᠳᠠᠪᠰᠢᠯᠲᠠ ᠵᠢ ᠬᠦᠨᠳᠦ ᠨᠣᠴᠢᠲᠠᠢ ᠬᠢᠵᠠᠭ᠋ᠠᠷᠯᠠᠵᠤ᠂ ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ᠎ᠨᠢ ᠬᠤᠴᠣᠷᠤᠩᠭᠤᠶ᠂ ᠪᠠᠷᠢᠯᠭ᠎ᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠢ ᠨᠥᠯᠥᠭᠡᠯᠡᠵᠦ᠂ ᠣᠳᠣ ᠵᠢᠨ ᠬᠡᠷᠡᠭᠵᠢᠭᠦᠯᠵᠦ ᠪᠠᠶ᠋ᠢᠭ᠎ᠠ ᠪᠠᠷᠢᠮᠵᠢᠶ᠎ᠠ ᠵᠢᠨ ᠵᠢᠷᠤᠮᠵᠢᠯ᠎ᠲᠠᠢ ᠨᠡᠶ᠋ᠢᠴᠡᠬᠦ ᠦᠭᠡᠢ ᠮᠡᠷᠭᠡᠵᠢᠯ᠂ ᠦᠢ᠍ᠯᠡᠳᠬᠦᠨ (ᠮᠠᠲ᠋ᠧᠷᠢᠶᠠᠯ)᠂ ᠤᠷᠠᠯᠠᠯ᠂ ᠲᠥᠬᠦᠭᠡᠷᠦᠮᠵᠢ ᠵᠡᠷᠭᠡ᠃
ᠭᠤᠷᠪᠠ᠂ ᠪᠤᠰᠤᠳ ᠵᠦᠢ᠍ᠯ
(ᠨᠢᠭᠡ) ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠎ᠨᠢ ᠲᠤᠰ ᠭᠠᠵᠠᠷ ᠣᠷᠣᠨ᠎ᠤ᠎ᠪᠠᠨ ᠭᠤᠶᠤᠴᠢᠯᠠᠯ᠎ᠤᠨ ᠬᠦᠰᠦᠨᠦᠭᠲᠦ ᠵᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠵᠢ ᠬᠠᠷᠢᠭᠤᠴᠠᠵᠤ᠂ ᠲᠤᠬᠠᠢ ᠵᠢᠨ ᠭᠠᠵᠠᠷ᠎ᠤᠨ ᠪᠠᠷᠢᠯᠭ᠎ᠠ ᠵᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢ᠍ᠯᠡᠳᠬᠦᠨ᠎ᠤ ᠬᠡᠷᠡᠭᠯᠡᠯᠲᠡ ᠵᠢᠨ ᠪᠠᠶ᠋ᠢᠳᠠᠯ᠎ᠢ ᠭᠦᠢ᠍ᠴᠡᠳ ᠣᠶ᠋ᠢᠯᠠᠭ᠋ᠠᠵᠤ᠂ ᠮᠠᠨ᠎ᠤ ᠣᠷᠣᠨ᠎ᠤ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠴᠢᠨᠠᠷ ᠰᠠᠶ᠋ᠢᠲᠠᠢ ᠬᠥᠭᠵᠢᠯᠲᠡ᠎ᠳᠤ ᠵᠣᠬᠢᠴᠠᠭᠰᠠᠨ ᠦᠢ᠍ᠯᠡᠳᠬᠦᠨ ᠪᠠ ᠮᠡᠷᠭᠡᠵᠢᠯ᠎ᠤᠨ ᠰᠢᠰᠲ᠋ᠧᠮᠵᠢ ᠵᠢ ᠳ᠋ᠦᠩᠨᠡᠨ ᠲᠡᠭᠦᠯᠳᠡᠷᠵᠢᠭᠦᠯᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢ᠍ᠯᠡᠳᠬᠦᠨ᠎ᠢ ᠳᠡᠯᠭᠡᠷᠡᠭᠦᠯᠬᠦ᠂ ᠬᠢᠵᠠᠭ᠋ᠠᠷᠯᠠᠬᠤ ᠪᠠ ᠬᠡᠷᠡᠭᠯᠡᠬᠦ ᠵᠢ ᠬᠣᠷᠢᠭᠯᠠᠬᠣ ᠮᠡᠷᠭᠡᠵᠢᠯ᠎ᠤᠨ ᠭᠠᠷᠴᠠᠭ》᠎ᠢ ᠴᠠᠭ ᠲᠤᠬᠠᠢᠳᠤᠨᠢ ᠲᠠᠨᠢᠯᠴᠠᠭᠤᠯᠤᠨ᠎ᠠ᠃
(ᠬᠤᠶᠠᠷ) ᠠᠵᠢᠯ ᠲᠦᠷᠦᠯ (ᠨᠡᠢ᠌ᠭᠡᠮᠯᠢᠭ)᠎ᠤᠨ ᠨᠡᠶ᠋ᠢᠭᠡᠮᠯᠢᠭ ᠲᠣᠰ ᠠᠵᠢᠯ ᠲᠥᠷᠥᠯ᠂ ᠲᠣᠰ ᠨᠡᠶ᠋ᠢᠭᠡᠮᠯᠢᠭ᠎ᠤᠨ ᠭᠡᠰᠢᠭᠦᠨ ᠨᠢᠭᠡᠴᠢ ᠵᠢ ᠵᠣᠬᠢᠶᠠᠨ ᠪᠠᠶ᠋ᠢᠭᠤᠯᠵᠤ ᠢᠳᠡᠪᠬᠢᠲᠡᠶ᠎ᠪᠠᠷ ᠭᠤᠶᠤᠴᠢᠯᠠᠨ ᠮᠡᠳᠡᠭᠦᠯᠵᠦ᠂ ᠲᠢᠩᠬᠢᠮ᠎ᠤᠨ ᠪᠠᠶ᠋ᠢᠭᠤᠯᠭ᠎ᠠ ᠵᠢᠨ ᠬᠤᠯᠪᠣᠭᠳᠠᠯ ᠪᠥᠬᠦᠶ ᠭᠠᠵᠠᠷ ᠬᠡᠷ᠂ ᠲᠢᠩᠬᠢᠮ᠎ᠤᠨ ᠰᠢᠭᠤᠳ ᠬᠠᠷᠢᠶ᠎ᠠ ᠡᠯ᠎ᠡ ᠨᠢᠭᠡᠴᠢ ᠵᠢ ᠬᠠᠷᠢᠶ᠎ᠠ ᠭᠠᠵᠠᠷ᠎ᠤᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠎ᠳᠤ ᠳᠡᠪᠰᠢᠭᠦᠯᠦᠨ ᠮᠡᠳᠡᠭᠦᠯᠬᠦ ᠵᠢ ᠬᠠᠷᠢᠭᠤᠴᠠᠨ᠎ᠠ᠃
(ᠭᠤᠷᠪᠠ) ᠭᠤᠶᠤᠴᠢᠯᠠᠭᠰᠠᠨ ᠨᠢᠭᠡᠴᠢ ᠱᠠᠭ᠋ᠠᠷᠳᠠᠯᠭ᠎ᠠ ᠶᠣᠰᠣᠭ᠋ᠠᠷ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠮᠡᠷᠭᠡᠵᠢᠯ ᠵᠢᠴᠢ ᠦᠢ᠍ᠯᠡᠳᠬᠦᠨ᠎ᠢ ᠳᠡᠯᠭᠡᠷᠡᠭᠦᠯᠬᠦ᠂ ᠬᠢᠵᠠᠭ᠋ᠠᠷᠯᠠᠬᠤ ᠪᠠ ᠬᠡᠷᠡᠭᠯᠡᠬᠦ ᠵᠢ ᠬᠣᠷᠢᠭᠯᠠᠬᠤ ᠮᠡᠷᠭᠡᠵᠢᠯ᠎ᠤᠨ ᠭᠠᠷᠴᠠᠭ᠎ᠤᠨ ᠭᠤᠶᠤᠴᠢᠯᠠᠯ᠎ᠤᠨ ᠬᠦᠰᠦᠨᠦᠭᠲᠦ》 (ᠳᠠᠭ᠋ᠠᠯᠳᠤᠭᠤᠯᠤᠯ 1) ᠡᠭᠦᠨ᠎ᠤ ᠬᠠᠮᠲᠤ ᠠᠯᠪᠠᠨ ᠲᠠᠮᠠᠭ᠎ᠠ ᠳᠠᠷᠤᠵᠤ ᠬᠠᠮᠢᠶ᠎ᠠ ᠪᠦᠬᠦᠢ ᠮᠠᠲ᠋ᠧᠷᠢᠶᠠᠯ᠎ᠢ ᠳᠠᠭ᠋ᠠᠯᠳᠤᠭᠤᠯᠵᠤ᠂ ᠴᠠᠭ᠋ᠠᠰᠤᠨ ᠬᠡᠪᠯᠡᠯ ᠪᠠ ᠡᠯᠸᠺᠲᠷᠣᠨ ᠬᠡᠪᠯᠡᠯ᠎ᠢ ᠲᠣᠰ ᠭᠠᠵᠠᠷ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠎ᠳᠤ ᠮᠡᠳᠡᠭᠦᠯᠦᠨ᠎ᠡ᠃
ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠎ᠠᠴᠠ ᠬᠤᠷᠢᠶᠠᠩᠭᠤᠶ᠋ᠢᠯᠠᠨ ᠬᠢᠨᠠᠨ ᠬᠠᠷᠭᠤᠭᠤᠯᠵᠤ ᠪᠠᠲᠤᠯᠠᠭᠰᠠᠨ ᠲᠣᠰ ᠭᠠᠵᠠᠷ ᠣᠷᠣᠨ᠎ᠤ ᠭᠤᠶᠤᠴᠢᠯᠠᠯ᠎ᠤᠨ ᠬᠦᠰᠦᠨᠦᠭᠲᠦ (ᠴᠠᠭ᠋ᠠᠰᠤᠨ ᠬᠡᠪᠯᠡᠯ ᠪᠠ ᠡᠯᠸᠺᠲᠷᠣᠨ ᠬᠡᠪᠯᠡᠯ)᠂ ᠲᠠᠨᠢᠯᠴᠠᠭᠤᠯᠭ᠎ᠠ ᠵᠢᠨ ᠵᠠᠬᠢᠳᠠᠯ ᠪᠢᠴᠢᠵᠦ᠂ ᠲᠠᠨᠢᠯᠴᠠᠭᠤᠯᠤᠭᠰᠠᠨ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠳᠠᠭ᠋ᠠᠯᠳᠤᠭᠤᠯᠤᠯ 2) ᠭᠠᠷᠭ᠋ᠠᠵᠤ᠂ 2023 ᠣᠨ᠎ᠤ 12 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ ᠡᠮᠦᠨ᠎ᠡ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠨᠡᠶ᠋ᠢᠭᠡᠮᠯᠢᠭ᠎ᠲᠤ ᠨᠢᠭᠡᠳᠦᠯᠲᠡᠢ ᠢᠯᠡᠭᠡᠵᠦ᠂ ᠲᠡᠭᠦᠨ᠎ᠢ ᠴᠤᠭᠯᠠᠭᠤᠯᠤᠨ ᠬᠤᠷᠢᠶᠠᠩᠭᠤᠶ᠋ᠢᠯᠠᠭᠰᠠᠨ᠎ᠤ ᠳᠠᠷᠠᠭ᠎ᠠ ᠲᠢᠩᠬᠢᠮ᠎ᠤᠨ ᠪᠠᠷᠢᠮᠵᠢᠶ᠎ᠠ ᠵᠢᠨ ᠲᠣᠭᠲᠠᠭᠰᠠᠨ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ᠎ᠲᠤ ᠮᠡᠳᠡᠭᠦᠯᠦᠨ ᠬᠦᠷᠭᠡᠨ᠎ᠡ᠃
ᠭᠤᠶᠤᠴᠢᠯᠠᠭᠰᠠᠨ ᠨᠢᠭᠡᠴᠢ ᠵᠢᠨ ᠳᠤᠷᠠᠳᠤᠭᠰᠠᠨ ᠳᠡᠯᠭᠡᠷᠡᠭᠦᠯᠦᠭᠰᠡᠨ᠂ ᠬᠢᠵᠠᠭ᠋ᠠᠷᠯᠠᠭᠰᠠᠨ ᠪᠠ ᠬᠡᠷᠡᠭᠯᠡᠬᠦ ᠵᠢ ᠬᠣᠷᠢᠭᠯᠠᠭᠰᠠᠨ ᠮᠡᠷᠭᠡᠵᠢᠯ᠂ ᠦᠢ᠍ᠯᠡᠳᠬᠦᠨ ᠵᠡᠷᠭᠡ ᠵᠢ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ᠂ ᠰᠦᠯᠵᠢᠶᠡᠨ ᠥᠷᠲᠡᠭᠡ᠎ᠪᠠᠷ ᠢᠯᠡ᠎ᠪᠠᠷ ᠰᠠᠨᠠᠯ ᠬᠤᠷᠢᠶᠠᠯᠭ᠋ᠠᠭᠰᠠᠨᠤ ᠳᠠᠷᠠᠭ᠎ᠠ᠂ ᠮᠠᠨ᠎ᠤ ᠲᠢᠩᠬᠢᠮ᠎ᠠᠴᠠ ᠨᠡᠶ᠋ᠢᠲᠡᠯᠡᠨ ᠬᠡᠷᠡᠭᠵᠢᠭᠦᠯᠵᠦ᠂ ᠡᠴᠦᠰ᠎ᠲᠤ ᠨᠡᠶ᠋ᠢᠲᠡᠯᠡᠬᠦ ᠦᠶ᠎ᠡ᠎ᠳᠤ ᠡᠯ᠎ᠡ ᠲᠥᠷᠥᠯ᠎ᠤᠨ ᠦᠢ᠍ᠯᠡᠳᠬᠦᠨ᠎ᠤ ᠪᠣᠳᠠᠲᠠᠶ ᠦᠢ᠍ᠯᠡᠳᠪᠦᠷᠢᠯᠡᠯ᠎ᠤᠨ ᠨᠢᠭᠡᠴᠢ ᠪᠠ ᠨᠠᠷᠠᠲᠤ ᠲᠡᠮᠳᠡᠭᠲᠦ ᠵᠢ ᠢᠯᠡᠷᠡᠭᠦᠯᠬᠦ ᠥᠬᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠪᠠᠷᠢᠯᠭ᠎ᠠ ᠵᠢᠨ ᠦᠢ᠍ᠯᠡᠰ᠎ᠤᠨ ᠨᠡᠢ᠍ᠭᠡᠮᠯᠢᠭ
ᠬᠠᠷᠢᠯᠴᠠᠬᠤ ᠬᠥᠮᠥᠨ᠄ ᠦ᠋ ᠶᠠ ᠰᠢᠤᠸᠠᠨ᠂ ᠭᠤᠤ ᠫᠧᠩ ᠴᠧᠩ
ᠬᠠᠷᠢᠯᠴᠠᠬᠤ ᠤᠲᠠᠰᠤ᠄ 0471-6682144᠂ 13624845051
ᠬᠠᠷᠢᠯᠴᠠᠬᠤ ᠬᠠᠶᠢᠭ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠲᠣᠷᠭ᠋ᠠᠨ ᠵᠠᠮ ᠶᠡᠭᠡ ᠵᠠᠮ᠎ᠤᠨ ᠰᠢᠩ᠎ᠲᠠᠢ ᠬᠤᠳᠠᠯᠳᠤᠭ᠋ᠠᠨ᠎ᠤ ᠶᠠᠪᠤᠳᠠᠯ᠎ᠤᠨ ᠲᠠᠯᠠᠪᠠᠢ ᠵᠢᠨ T4 ᠨᠣᠮᠸᠷᠲᠤ ᠵᠢᠨ 10 ᠳ᠋ᠤᠭ᠋ᠠᠷ ᠳᠠᠪᠬᠤᠷᠯᠢᠭ
ᠰᠢᠤᠳᠠᠨ ᠨᠣᠮᠧᠷ᠄ 010051
ᠢᠮᠧᠯ᠄ nmjxzlaqb@163.com
ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠪᠠᠷᠢᠮᠵᠢᠶ᠎ᠠ ᠵᠢᠨ ᠲᠣᠭᠲᠠᠭᠰᠠᠨ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ
ᠬᠠᠷᠢᠯᠴᠠᠬᠤ ᠬᠦᠮᠦᠨ᠄ ᠸᠠᠩ ᠯᠢ ᠵᠢᠶᠦ᠋ᠨ
ᠬᠠᠷᠢᠯᠴᠠᠬᠤ ᠤᠲᠠᠰᠤ᠄ 0471-6944435
ᠳᠠᠭ᠋ᠠᠯᠳᠤᠭᠤᠯᠤᠯ᠄
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠷᠤᠨ ᠰᠠᠭᠤᠴᠠ ᠪᠠ ᠬᠤᠲᠠ ᠬᠦᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ
2023 ᠣᠨ᠎ᠤ 11 ᠳ᠋ᠦ᠍ᠭᠡᠷ ᠰᠠᠷ᠎ᠠ ᠵᠢᠨ 16᠎ᠤ ᠡᠳᠦᠷ